ᠤᠯᠠᠨ ᠲᠦᠮᠡᠨ ᠤ᠋ ᠠᠮᠦᠷ ᠲᠦᠪᠰᠢᠨ ᠶ᠋ᠢᠡᠷ ᠡᠮ ᠬᠡᠷᠡᠭᠯᠡᠬᠦ ᠶ᠋ᠢ ᠪᠠᠳᠤᠯᠠᠬᠤ ᠶ᠋ᠢᠨ ᠲᠦᠯᠦᠭᠡ᠂ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠤᠯᠠᠨ ᠵᠦᠢᠯ ᠤ᠋ᠨ ᠠᠷᠭ᠎ᠠ ᠬᠡᠮᠵᠢᠶ᠎ᠠ ᠠᠪᠴᠦ ᠡᠮᠴᠢᠯᠡᠭᠡᠨ ᠤ᠋ ᠪᠠᠢᠭᠤᠯᠤᠮᠵᠢ ᠶ᠋ᠢᠨ ᠡᠮ ᠤ᠋ᠨ ᠦᠷᠦᠭᠡ ᠶ᠋ᠢᠨ ᠳᠦᠷᠢᠮᠵᠢᠭᠰᠡᠨ ᠬᠠᠮᠢᠶᠠᠷᠤᠯᠳᠠ ᠶ᠋ᠢ ᠰᠢᠰᠲᠧᠮ ᠲᠠᠢ ᠴᠢᠩᠭᠠᠳᠬᠠᠪᠠ᠃
ᠪᠠᠢᠭᠤᠯᠤᠮᠵᠢ ᠳᠤᠭᠳᠠᠴᠠ ᠶ᠋ᠢᠨ ᠲᠠᠯ᠎ᠠ ᠪᠡᠷ᠂ ᠦᠪᠡᠷᠳᠡᠭᠡᠨ ᠵᠠᠰᠠᠬᠤ ᠤᠷᠤᠨ᠂ ᠡᠯ᠎ᠠ ᠠᠢᠮᠠᠭ ᠬᠤᠳᠠ᠂ ᠡᠯ᠎ᠠ ᠬᠤᠰᠢᠭᠤ ᠰᠢᠶᠠᠨ ᠭᠤᠷᠪᠠᠨ ᠱᠠᠳᠤ ᠪᠡᠷ ᠬᠤᠯᠪᠤᠭᠠᠯᠠᠨ ᠬᠦᠳᠡᠯᠦᠯᠴᠡᠬᠦ ᠠᠵᠢᠯ ᠤ᠋ᠨ ᠳᠤᠭᠳᠠᠴᠠ ᠶ᠋ᠢ ᠪᠠᠢᠭᠤᠯᠬᠤ ᠶ᠋ᠢᠨ ᠬᠠᠮᠳᠤ ᠡᠷᠡᠭᠦᠯ ᠬᠠᠮᠠᠭᠠᠯᠠᠯ᠂ ᠡᠮᠴᠢᠯᠡᠭᠡᠨ ᠤ᠋ ᠪᠠᠳᠤᠯᠠᠭ᠎ᠠ᠂ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ᠂ ᠡᠳ᠋ ᠤ᠋ᠨ ᠵᠠᠰᠠᠭ᠂ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ᠂ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠵᠡᠷᠭᠡ 6 ᠰᠠᠯᠠᠭ᠎ᠠ ᠮᠦᠴᠢᠷ ᠤ᠋ᠨ ᠬᠠᠮᠵᠢᠯᠴᠠᠨ ᠠᠵᠢᠯᠯᠠᠬᠤ ᠠᠵᠢᠯ ᠤ᠋ᠨ ᠳᠤᠭᠳᠠᠴᠠ ᠳ᠋ᠤ ᠲᠦᠰᠢᠭᠯᠡᠨ᠂ ᠤᠯᠠᠨ ᠲᠠᠯ᠎ᠠ ᠪᠡᠷ ᠬᠠᠮᠳᠤ ᠪᠡᠷ ᠵᠠᠰᠠᠬᠤ ᠪᠠᠢᠷᠢᠰᠢᠯ ᠢ᠋ ᠪᠦᠷᠢᠯᠳᠦᠬᠦᠯᠬᠦ ᠶ᠋ᠢ ᠠᠬᠢᠭᠤᠯᠪᠠ᠃ ᠪᠠᠰᠠ 《ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠢᠭᠤᠯᠤᠮᠵᠢ ᠶ᠋ᠢᠨ ᠡᠮ ᠤ᠋ᠨ ᠦᠷᠦᠭᠡ ᠶ᠋ᠢᠨ ᠳᠦᠷᠢᠮᠵᠢᠭᠰᠡᠨ ᠬᠠᠮᠢᠶᠠᠷᠤᠯᠳᠠ ᠵᠢᠴᠢ ᠪᠠᠢᠴᠠᠭᠠᠯᠳᠠ ᠶ᠋ᠢᠨ ᠭᠤᠤᠯᠳᠠᠯᠭ᠎ᠠ》 ᠶ᠋ᠢ ᠳᠠᠷᠤᠮᠠᠯᠯᠠᠨ ᠲᠠᠷᠬᠠᠭᠠᠬᠤ᠂ ᠲᠤᠰᠬᠠᠢ ᠰᠡᠳᠦᠪᠳᠦ ᠠᠬᠢᠭᠤᠯᠬᠤ ᠬᠤᠷᠠᠯ ᠬᠢᠬᠦ ᠵᠡᠷᠭᠡ ᠠᠷᠭ᠎ᠠ ᠬᠡᠮᠵᠢᠶ᠎ᠠ ᠪᠡᠷ ᠳᠠᠮᠵᠢᠨ ᠪᠠᠷᠢᠮᠵᠢᠶ᠎ᠠ ᠶ᠋ᠢ ᠲᠤᠳᠤᠷᠬᠠᠢᠯᠠᠨ᠂ ᠲᠤᠷᠰᠢᠯᠭ᠎ᠠ ᠪᠠᠨ ᠰᠤᠯᠢᠯᠴᠠᠵᠤ᠂ ᠬᠠᠷᠢᠭᠤᠴᠠᠯᠭ᠎ᠠ ᠶ᠋ᠢ ᠪᠤᠳᠠᠳᠠᠢᠵᠢᠭᠤᠯᠤᠨ᠂ ᠬᠠᠮᠢᠶᠠᠷᠤᠯᠳᠠ ᠶ᠋ᠢᠨ ᠳᠦᠷᠢᠮᠵᠢᠭᠰᠡᠨ ᠲᠦᠪᠰᠢᠨ ᠢ᠋ ᠲᠠᠰᠤᠷᠠᠯᠳᠠ ᠦᠭᠡᠢ ᠳᠡᠭᠡᠭᠰᠢᠯᠡᠭᠦᠯᠵᠠᠢ᠃
ᠵᠠᠷᠢᠮ ᠦᠨᠳᠦᠰᠦᠨ ᠱᠠᠳᠤᠨ ᠤ᠋ ᠡᠮᠴᠢᠯᠡᠭᠡᠨ ᠤ᠋ ᠪᠠᠢᠭᠤᠯᠤᠮᠵᠢ ᠶ᠋ᠢᠨ ᠡᠮ ᠤ᠋ᠨ ᠦᠷᠦᠭᠡ ᠶ᠋ᠢᠨ ᠬᠠᠮᠢᠶᠠᠷᠤᠯᠳᠠ ᠶ᠋ᠢᠨ ᠳᠤᠳᠠᠭᠳᠠᠯ ᠳ᠋ᠤ ᠴᠢᠭᠯᠡᠭᠦᠯᠦᠨ᠂ ᠡᠯ᠎ᠠ ᠠᠢᠮᠠᠭ ᠬᠤᠳᠠ ᠶ᠋ᠢᠨ ᠬᠢᠨ ᠪᠦᠬᠦ ᠠᠵᠢᠯᠳᠠᠨ ᠳ᠋ᠤ ᠡᠮ ᠤ᠋ᠨ ᠵᠦᠢᠯᠡᠰ ᠤ᠋ᠨ ᠬᠠᠮᠢᠶᠠᠷᠤᠯᠳᠠ ᠶ᠋ᠢᠨ ᠬᠠᠤᠯᠢ ᠴᠠᠭᠠᠵᠠ ᠬᠠᠤᠯᠢ ᠳᠤᠭᠳᠠᠭᠠᠯ ᠵᠢᠴᠢ ᠡᠮ ᠤ᠋ᠨ ᠵᠦᠢᠯᠡᠰ ᠢ᠋ ᠬᠤᠳᠠᠯᠳᠤᠨ ᠠᠪᠬᠤ᠂ ᠰᠢᠯᠭᠠᠨ ᠠᠪᠬᠤ ᠪᠠ ᠬᠠᠳᠠᠭᠠᠯᠠᠬᠤ ᠵᠡᠷᠭᠡ ᠡᠯ᠎ᠠ ᠭᠤᠭᠴᠤᠭᠠᠨ ᠤ᠋ ᠠᠵᠢᠯ ᠤ᠋ᠨ ᠳᠦᠷᠢᠮᠵᠢᠯ ᠤ᠋ᠨ ᠲᠤᠬᠠᠢ ᠰᠢᠰᠲᠧᠮ ᠲᠠᠢ ᠪᠤᠯᠪᠠᠰᠤᠷᠠᠯ ᠬᠦᠷᠳᠡᠭᠡᠵᠦ᠂ ᠦᠨᠳᠦᠰᠦᠨ ᠱᠠᠳᠤᠨ ᠤ᠋ ᠠᠵᠢᠯᠳᠠᠨ ᠤ᠋ ᠲᠤᠰᠬᠠᠢ ᠮᠡᠷᠭᠡᠵᠢᠯ ᠤ᠋ᠨ ᠴᠢᠳᠠᠪᠤᠷᠢ ᠪᠡ ᠲᠦᠭᠰᠢᠭᠦᠷᠢ ᠶ᠋ᠢ ᠰᠡᠷᠭᠡᠢᠯᠡᠬᠦ ᠤᠬᠠᠮᠰᠠᠷ ᠢ᠋ ᠪᠦᠲᠦᠮᠵᠢᠳᠠᠢ ᠳᠡᠭᠡᠭᠰᠢᠯᠡᠭᠦᠯᠪᠡ᠃
ᠡᠭᠦᠨ ᠤ᠋ ᠬᠠᠮᠳᠤ ᠳᠤᠰᠬᠠᠢ ᠠᠵᠢᠯ ᠤ᠋ᠨ ᠳᠤᠭᠤᠢᠯᠠᠩ ᠢ᠋ ᠵᠤᠬᠢᠶᠠᠨ ᠪᠠᠢᠭᠤᠯᠵᠤ᠂ ᠡᠯ᠎ᠠ ᠠᠢᠮᠠᠭ ᠬᠤᠳᠠ᠂ ᠬᠤᠰᠢᠭᠤ ᠰᠢᠶᠠᠨ ᠤ᠋ ᠡᠮᠴᠢᠯᠡᠭᠡᠨ ᠤ᠋ ᠪᠠᠢᠭᠤᠯᠤᠮᠵᠢ ᠳ᠋ᠤ ᠭᠦᠨᠵᠡᠭᠡᠢᠷᠡᠨ᠂ ᠪᠠᠢᠩᠭᠤᠵᠢᠭᠰᠠᠨ ᠲᠤᠬᠠᠢ ᠶ᠋ᠢᠨ ᠲᠠᠯᠠᠪᠤᠷ ᠤ᠋ᠨ ᠱᠠᠯᠠᠪᠳᠠᠭᠤᠯᠤᠨ ᠵᠢᠯᠤᠭᠤᠳᠬᠤ ᠠᠵᠢᠯ ᠦᠷᠨᠢᠭᠦᠯᠵᠦ᠂ ᠡᠮ ᠤ᠋ᠨ ᠦᠷᠦᠭᠡ ᠶ᠋ᠢᠨ ᠲᠤᠨᠤᠭ ᠲᠦᠭᠦᠭᠡᠷᠦᠮᠵᠢ᠂ ᠡᠮ ᠤ᠋ᠨ ᠵᠦᠢᠯᠡᠰ ᠢ᠋ ᠬᠠᠳᠠᠭᠠᠯᠠᠬᠤ ᠠᠷᠭ᠎ᠠ᠂ ᠳᠦᠷᠢᠮ ᠤ᠋ᠨ ᠡᠬᠡ ᠳᠠᠩᠰᠠ ᠵᠡᠷᠭᠡ ᠶ᠋ᠢ ᠨᠢ ᠨᠠᠷᠢᠨ ᠪᠠᠢᠴᠠᠭᠠᠨ᠂ ᠴᠡᠭᠴᠡᠯᠡᠨ ᠰᠠᠢᠵᠢᠷᠠᠭᠤᠯᠬᠤ ᠠᠵᠢᠯ ᠢ᠋ ᠨᠢᠭᠤᠷᠳᠠᠨ ᠵᠢᠯᠤᠭᠤᠳᠴᠤ᠂ ᠳᠤᠭᠳᠠᠭᠠᠯ ᠶᠤᠰᠤᠭᠠᠷ ᠠᠵᠢᠯᠯᠠᠬᠤ ᠵᠢᠷᠦᠮ ᠢ᠋ ᠨᠢᠭᠡᠳ ᠨᠢᠭᠡ ᠪᠡᠷ ᠵᠢᠭᠠᠵᠤ ᠦᠭᠭᠦᠨ᠂ ᠠᠰᠠᠭᠤᠳᠠᠯ ᠢ᠋ ᠳᠠᠷᠤᠢ ᠲᠦᠷᠭᠡᠨ ᠰᠢᠢᠳᠪᠤᠷᠢᠯᠡᠬᠦ ᠶ᠋ᠢ ᠠᠬᠢᠭᠤᠯᠪᠠ᠃ ᠤᠳᠤᠬᠠᠨ ᠪᠤᠯᠳᠠᠯ᠎ᠠ ᠪᠦᠬᠦ ᠤᠷᠤᠨ ᠶ᠋ᠢᠡᠷ ᠶ᠋ᠢᠡᠨ ᠨᠢᠬᠡᠨᠳᠡ 244 ᠡᠮᠴᠢᠯᠡᠭᠡᠨ ᠤ᠋ ᠪᠠᠢᠭᠤᠯᠤᠮᠵᠢ ᠶ᠋ᠢᠨ ᠡᠮ ᠤ᠋ᠨ ᠦᠷᠦᠭᠡ ᠶ᠋ᠢᠨ ᠪᠠᠷᠢᠮᠵᠢᠶᠠᠵᠢᠭᠤᠯᠤᠭᠰᠠᠨ ᠦᠭᠡᠷᠡᠴᠢᠯᠡᠯᠳᠡ ᠶ᠋ᠢ ᠪᠡᠶᠡᠯᠡᠭᠦᠯᠪᠡ᠃