ᠲᠠᠪᠤᠳᠤᠭᠠᠷ ᠬᠤᠭᠤᠴᠠᠭᠠᠨ ᠎ᠤ 《ᠦᠨᠳᠦᠰᠦᠲᠡᠨ ᠎ᠦ ᠪᠦᠯᠬᠦᠮᠳᠡᠯ ᠳᠠᠪᠰᠢᠯᠲᠠ᠎ᠶᠢ ᠬᠠᠮᠲᠤ᠎ᠪᠠᠷ ᠡᠬᠦᠳᠴᠦ ᠬᠠᠮᠲᠤ᠎ᠪᠠᠷ ᠪᠠᠶ᠋ᠢᠭᠤᠯᠬᠤ 》 ᠠᠵᠢᠯᠯᠠᠭ᠎ᠠ ᠶᠠᠪᠤᠬᠳᠠᠪᠠ
2026-06-24 09:20:09
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠤ ᠬᠢᠨ ᠤᠢᠷ᠎ᠠ᠎ᠳᠤ ᠤᠯᠠᠭᠠᠨᠴᠠᠪ ᠬᠣᠲᠠ᠎ᠶᠢᠨ ᠤᠯᠤᠰ ᠲᠥᠷᠥ᠎ᠶᠢᠨ ᠵᠥᠪᠯᠡᠯᠭᠡᠨ᠂ ᠯᠢᠶᠡᠩᠴᠧᠩ ᠰᠢᠶᠠᠨ᠎ᠤ ᠤᠯᠤᠰ ᠲᠥᠷᠥ᠎ᠶᠢᠨ ᠵᠥᠪᠯᠡᠯᠭᠡᠨ᠎ᠲᠠᠢ ᠬᠠᠮᠲᠤᠷᠠᠨ᠂ ᠬᠠᠮᠢᠶ᠎ᠠ ᠪᠦᠬᠦᠢ ᠡᠲᠡᠭᠡᠳ ᠢᠯᠭᠠᠯ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ᠎ᠢ ᠵᠣᠬᠢᠶᠠᠨ ᠪᠠᠢᠭᠤᠯᠤᠨ ᠯᠢᠶᠡᠩᠴᠧᠩ ᠰᠢᠶᠠᠨ᠎ᠤ ᠼᠤᠤ ᠨᠢᠶᠠᠨ ᠮᠠᠨᠵᠤ ᠦᠨᠳᠦᠰᠦᠲᠡᠨ᠎ᠦ ᠰᠢᠶᠠᠩ᠎ᠳᠤ ᠬᠦᠷᠴᠦ᠂ ᠲᠠᠪᠤᠳᠤᠭᠠᠷ ᠬᠤᠭᠤᠴᠠᠭᠠᠨ᠎ᠤ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠬᠠᠮᠲᠤ᠎ᠪᠠᠷ ᠡᠬᠦᠳᠴᠦ ᠬᠠᠮᠲᠤ᠎ᠪᠠᠷ ᠪᠠᠶ᠋ᠢᠭᠤᠯᠬᠤ》 ᠠᠵᠢᠯᠯᠠᠭ᠎ᠠ ᠥᠷᠨᠢᠭᠦᠯᠪᠡ᠃

ᠲᠤᠰ ᠤᠳᠠᠭ᠎ᠠ᠎ᠶᠢᠨ ᠠᠵᠢᠯᠯᠠᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠤᠨ ᠲᠤᠭᠤᠷᠢᠨ᠎ᠳᠤ ᠶᠠᠪᠤᠬᠳᠠᠨ᠂ ᠡᠮᠴᠢᠯᠡᠭᠡᠨ᠎ᠦ ᠲᠤᠰᠬᠠᠢ ᠮᠡᠷᠭᠡᠵᠢᠯᠲᠡᠨ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠬᠥᠳᠡᠭᠡ ᠲᠣᠰᠬᠣᠨ᠎ᠤ ᠪᠠᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ ᠡᠪᠡᠳᠴᠢᠨ᠎ᠳᠦ ᠴᠢᠭᠯᠡᠭᠦᠯᠦᠨ ᠠᠯᠪᠠᠨ ᠵᠢᠷᠤᠮ ᠎ᠤᠨ ᠡᠮᠴᠢᠯᠡᠭᠡ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠥᠨᠳᠥᠷ ᠲᠦᠪᠰᠢᠨ ᠪᠦᠬᠦᠢ ᠡᠮᠴᠢᠯᠡᠭᠡᠨ᠎ᠦ ᠦᠢᠯᠡᠴᠢᠯᠡᠭᠡ ᠬᠠᠩᠭᠠᠪᠠ; ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ ᠭᠣᠴᠣ᠌ ᠰᠠᠢᠬᠠᠨ ᠰᠣᠶᠣᠯ᠎ᠤᠷᠠᠯᠢᠭ᠎ᠢᠶᠠᠷ ᠠᠷᠠᠳ᠎ᠲᠤ ᠠᠰᠢᠭ᠋ ᠬᠦᠷᠲᠡᠭᠡᠬᠦ ᠲᠣᠭᠯᠠᠯᠲᠠ ᠭᠠᠷᠭᠠᠵᠤ᠂ ᠳᠤᠮᠳᠠᠳᠤ᠎ᠶᠢᠨ ᠰᠣᠶᠣᠯ᠎ᠤᠨ ᠡᠯᠧᠮᠧᠨ᠋ᠲ᠎ᠢᠶᠡᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ; ᠬᠠᠤᠯᠢᠴᠢ᠎ᠶᠢᠨ ᠪᠦᠯᠬᠦᠮ ᠲᠤᠬᠠᠢ᠎ᠶᠢᠨ ᠲᠠᠯᠠᠪᠤᠷ ᠎ᠲᠤ ᠬᠠᠤᠯᠢ ᠎ᠪᠠᠷ ᠵᠠᠰᠠᠬᠤ ᠤᠬᠠᠭᠤᠯᠭ᠎ᠠ᠎ᠶᠢᠨ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ᠎ᠶᠢᠨ ᠵᠥᠪᠯᠡᠯᠭᠡ ᠬᠠᠩᠭᠠᠵᠤ᠂ ᠦᠨᠳᠦᠰᠦᠲᠡᠨ᠎ᠦ ᠠᠵᠢᠯ᠎ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠲᠦᠭᠡᠮᠡᠯᠵᠢᠭᠦᠯᠪᠡ; ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠬᠠᠮᠢᠶ᠎ᠠ ᠪᠦᠬᠦᠢ ᠭᠠᠵᠠᠷ ᠲᠠᠰᠤᠭ ᠪᠣᠯᠣᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠂ ᠡᠪᠯᠡᠯ᠎ᠦᠨ ᠬᠣᠷᠢᠶ᠎ᠠ ᠵᠡᠷᠭᠡ ᠨᠢᠭᠡᠴᠢ ᠬᠦᠴᠢᠷᠳᠡᠯᠲᠡᠢ ᠣᠯᠠᠨ ᠲᠦᠮᠡᠨ᠎ᠢ ᠪᠣᠯᠭᠣᠭᠠᠨ ᠲᠣᠬᠣᠨᠢᠭᠤᠯᠵᠤ᠂ ᠠᠮᠢᠳᠤᠷᠠᠯ᠎ᠤᠨ ᠡᠳ᠋ ᠪᠣᠳᠠᠰ ᠪᠠ ᠬᠠᠢᠷ᠎ᠠ ᠬᠠᠯᠠᠮᠵᠢ ᠬᠦᠷᠭᠡᠪᠡ᠃

ᠲᠣᠰ ᠤᠳᠠᠭᠠᠨ᠎ᠤ ᠠᠵᠢᠯᠯᠠᠭ᠎ᠠ ᠨᠢ ᠴᠢᠨᠠᠷ ᠰᠠᠢᠲᠠᠢ ᠡᠮᠴᠢᠯᠡᠭᠡ᠂ ᠣᠨᠴᠠᠯᠢᠭ᠍ᠲᠤ ᠰᠣᠶᠣᠯ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠰᠡᠳᠬᠢᠯ᠎ᠢ ᠳᠤᠯᠠᠭᠠᠴᠠᠭᠤᠯᠤᠨ ᠬᠠᠪᠰᠤᠷᠤᠨ ᠲᠡᠳᠬᠦᠬᠦ ᠵᠡᠷᠭᠡ ᠡᠯ᠎ᠡ ᠲᠥᠷᠥᠯ᠎ᠦᠨ ᠡᠬᠢ ᠪᠠᠶᠠᠯᠢᠭ᠋᠎ᠢ ᠨᠡᠢᠳᠭᠡᠬᠦ᠎ᠪᠡᠷ ᠳᠡᠮᠵᠢᠨ᠂ ᠠᠷᠠᠳ᠎ᠲᠤ ᠠᠰᠢᠭ᠋ ᠬᠦᠷᠲᠡᠭᠡᠬᠦ ᠣᠯᠠᠨ ᠡᠰᠢᠵᠢᠭᠰᠡᠨ ᠦᠢᠯᠡᠴᠢᠯᠡᠭᠡᠨ᠎ᠦ ᠠᠵᠢᠯᠯᠠᠭ᠎ᠠ᠎ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠨᠠᠮ᠎ᠤᠨ ᠬᠠᠢᠷ᠎ᠠ ᠬᠠᠯᠠᠮᠵᠢ᠎ᠶᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠳᠡᠷᠭᠡᠳᠡ ᠦᠨᠡᠨ ᠪᠣᠳᠠᠲᠠᠢ᠎ᠬᠦᠷᠭᠡᠵᠦ᠂ ᠨᠠᠮ᠎ᠤᠨ ᠦᠨᠳᠦᠰᠦᠲᠡᠨ᠎ᠦ ᠠᠵᠢᠯ᠎ᠤᠨ ᠲᠥᠷᠥ᠎ᠶᠢᠨ ᠪᠣᠳᠣᠯᠭ᠎ᠠ᠎ᠶᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠬᠢᠯ᠎ᠳᠦ ᠬᠦᠷᠭᠡᠪᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号