ᠵᠢᠨᠢᠡᠭ ᠲᠤᠭᠤᠷᠢᠭ ᠬᠤᠶᠠᠳᠤᠭᠠᠷ ᠬᠢᠴᠢᠶᠠᠯ ᠤ᠋ᠨ ᠲᠠᠡᠭᠬᠢᠮ ᠨᠡᠭᠡᠭᠡᠵᠤ ᠰᠤᠷᠤᠭᠴᠢᠳ ᠤ᠋ᠨ ᠬᠢᠴᠢᠶᠠᠯ ᠤ᠋ᠨ ᠭᠠᠳᠠᠨᠠᠬᠢ ᠰᠤᠶᠤᠯ ᠤ᠋ᠨ ᠠᠮᠢᠳᠤᠷᠠᠯ ᠢ᠋ ᠪᠠᠶᠠᠯᠢᠭᠵᠢᠭᠤᠯᠵᠤ ᠪᠤᠢ
2026-06-24 11:33:26
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠰᠤᠷᠪᠤᠯᠵᠢᠯᠠᠭᠴᠢ ᠵᠢᠨᠢᠡᠭ ᠲᠤᠭᠤᠷᠢᠭ ᠡᠴᠡ ᠤᠢᠯᠠᠭᠠᠭᠰᠠᠨ ᠵᠢᠡᠷ᠂ ᠤᠢᠷ᠎ᠠ ᠵᠢᠨ ᠵᠢᠯ ᠡᠴᠡ ᠵᠢᠨᠢᠡᠭ ᠲᠤᠭᠤᠷᠢᠭ ᠤ᠋ᠨ ᠡᠯ᠎ᠠ ᠲᠤᠮᠳᠠᠳᠤ ᠪᠠᠭ᠎ᠠ ᠰᠤᠷᠭᠠᠭᠤᠯᠢ ᠦᠪᠡᠷᠮᠢᠴᠡ ᠤᠨᠴᠠᠯᠢᠭ ᠲᠠᠢ᠂ ᠪᠠᠶᠠᠯᠢᠭ ᠠᠭᠤᠯᠭ᠎ᠠ ᠪᠦᠬᠦᠢ ᠬᠤᠶᠠᠳᠤᠭᠠᠷ ᠬᠢᠴᠢᠶᠠᠯ ᠤ᠋ᠨ ᠲᠠᠡᠭᠬᠢᠮ ᠪᠠ ᠰᠤᠷᠭᠠᠭᠤᠯᠢ ᠵᠢᠨ ᠬᠦᠷᠢᠶᠠᠨ ᠤ᠋ ᠨᠡᠢᠭᠡᠮᠯᠢᠭ ᠤ᠋ᠨ ᠠᠵᠢᠯᠯᠠᠭ᠎ᠠ ᠵᠢ ᠨᠢᠮᠪᠡᠢ ᠲᠦᠰᠦᠪᠯᠡᠨ ᠲᠤᠬᠢᠷᠠᠭᠤᠯᠵᠤ᠂ ᠰᠤᠷᠤᠭᠴᠢᠳ ᠤ᠋ᠨ ᠶᠤᠰᠤ ᠰᠤᠷᠳᠠᠬᠤᠨ᠂ ᠤᠶᠤᠨ ᠤᠬᠠᠭᠠᠨ᠂ ᠪᠡᠶ᠎ᠠ ᠮᠠᠬᠠᠪᠤᠳ᠂ ᠭᠤᠣ᠎ᠠ ᠰᠠᠢᠬᠠᠨ᠂ ᠠᠵᠢᠯ ᠬᠦᠳᠡᠯᠮᠦᠷᠢ ᠪᠦᠬᠦ ᠲᠠᠯ᠎ᠠ ᠪᠡᠷ ᠬᠦᠭᠵᠢᠭᠦ ᠳ᠋ᠤ ᠬᠦᠴᠦᠨ ᠨᠡᠮᠡᠷᠢᠯᠡᠵᠤ ᠪᠤᠢ᠃

ᠵᠢᠨᠢᠡᠭ ᠲᠤᠭᠤᠷᠢᠭ ᠤ᠋ᠨ ᠰᠢᠡᠭ ᠬᠦᠡᠭ ᠯᠤ᠌ ᠪᠠᠭ᠎ᠠ ᠰᠤᠷᠭᠠᠭᠤᠯᠢ ᠵᠢᠨ ᠬᠦᠳᠡᠯᠮᠦᠷᠢ ᠤᠢᠯᠡᠳᠦᠯᠭᠡ ᠵᠢᠨ ᠭᠠᠵᠠᠷ ᠲᠤ᠌ ᠰᠤᠷᠤᠭᠴᠢᠳ ᠪᠠᠭᠰᠢ ᠵᠢᠨ ᠵᠢᠡᠨ ᠵᠢᠯᠤᠭᠤᠳᠤᠯᠭ᠎ᠠ ᠪᠡᠷ ᠭᠤᠯᠢᠷ ᠨᠤᠬᠤᠬᠤ᠂ ᠴᠢᠮᠬᠢᠬᠦ᠂ ᠲᠠᠷᠤᠬᠤ᠂ ᠰᠡᠢᠯᠬᠦ ᠵᠡᠷᠭᠡ ᠭᠤᠯᠢᠷ ᠢᠳᠡᠭᠡᠨ ᠬᠢᠬᠦ ᠮᠡᠷᠭᠡᠵᠢᠯ ᠢ᠋ ᠨᠢᠮᠪᠠᠢ ᠰᠤᠷᠤᠯᠴᠠᠵᠤ ᠪᠠᠢᠯ᠎ᠠ᠃ ᠬᠦᠷ ᠬᠦᠭᠵᠢᠶᠠᠨ ᠪᠢᠯᠬᠠᠭᠰᠠᠨ ᠬᠦᠳᠡᠯᠮᠦᠷᠢ ᠦᠢᠯᠡᠳᠦᠯᠭᠡ ᠵᠢᠨ ᠬᠢᠴᠢᠶᠠᠯ ᠤ᠋ᠨ ᠲᠠᠡᠭᠬᠢᠮ ᠲᠠᠢ ᠬᠠᠷᠢᠴᠠᠭᠤᠯᠪᠠᠯ᠂ ᠰᠤᠷᠭᠠᠭᠤᠯᠢ ᠵᠢᠨ ᠴᠠᠢ ᠵᠢᠨ ᠤᠷᠠᠯᠢᠭ ᠤ᠋ᠨ ᠬᠢᠴᠢᠶᠠᠯ ᠤ᠋ᠨ ᠲᠠᠡᠭᠬᠢᠮ ᠨᠢ ᠬᠠᠷᠢᠨ ᠨᠠᠮ ᠬᠦᠮ ᠪᠠᠢᠵᠤ᠂ ᠰᠤᠷᠤᠭᠴᠢᠳ ᠰᠢᠷᠡᠭᠡᠨ ᠤ᠋ ᠡᠮᠦᠨ᠎ᠠ ᠲᠤᠭᠤᠷᠢᠵᠤ ᠰᠠᠭᠤᠭᠠᠳ᠂ ᠴᠠᠢ ᠵᠢᠨ ᠤᠷᠠᠯᠢᠭ ᠪᠠ ᠲᠦᠷᠢᠮᠵᠢᠭᠦᠨ ᠬᠦᠳᠡᠯᠭᠡᠭᠡᠨ ᠢ᠋ ᠨᠠᠷᠢᠨ ᠬᠢᠨᠠᠮᠠᠭᠠᠢ ᠰᠤᠷᠤᠯᠴᠠᠵᠤ᠂ ᠲᠤᠮᠳᠠᠳᠤ ᠵᠢᠨ ᠴᠠᠢ ᠵᠢᠨ ᠰᠤᠶᠤᠯ ᠤ᠋ᠨ ᠬᠦᠨ ᠵᠤᠵᠠᠭᠠᠨ ᠠᠭᠤᠯᠤᠭᠳᠠᠬᠤᠨ ᠪᠤᠯᠤᠨ ᠦᠪᠡᠷᠮᠢᠴᠡ ᠷᠢᠳᠢ ᠰᠢᠳᠢ ᠵᠢ ᠤᠢᠯᠠᠭᠠᠨ ᠮᠡᠳᠡᠷᠡᠵᠡᠭᠡᠵᠦ ᠪᠠᠢᠯ᠎ᠠ᠃

ᠵᠢᠨᠢᠡᠭ ᠲᠤᠭᠤᠷᠢᠭ ᠤ᠋ᠨ ᠰᠢᠡᠭ ᠬᠦᠡᠭ ᠯᠤ᠌ ᠪᠠᠭ᠎ᠠ ᠰᠤᠷᠭᠠᠭᠤᠯᠢ ᠵᠢᠨ ᠲᠡᠳ᠋ ᠵᠠᠬᠢᠷᠤᠯ ᠯᠢᠤ ᠰᠠᠷᠠᠨ᠎ᠠ᠄︽ᠬᠤᠶᠠᠳᠤᠭᠠᠷ ᠬᠢᠴᠢᠶᠠᠯ ᠤ᠋ᠨ ᠲᠠᠡᠭᠬᠢᠮ ᠪᠤᠯ ᠬᠢᠴᠢᠶᠠᠯ ᠤ᠋ᠨ ᠲᠠᠡᠭᠬᠢᠮ ᠤ᠋ᠨ ᠵᠢᠭᠠᠨ ᠰᠤᠷᠭᠠᠯᠲᠠ  ᠵᠢᠨ ᠪᠦᠲᠦᠮᠵᠢᠲᠠᠢ ᠦᠷᠭᠦᠯᠵᠢᠯᠡᠯ ᠮᠦᠨ᠂ ᠡᠨᠡ ᠨᠢ ᠰᠤᠷᠤᠭᠴᠢᠳ ᠤ᠋ᠨ ᠬᠢᠴᠢᠶᠠᠯ ᠤ᠋ᠨ ᠭᠠᠳᠠᠨᠠᠬᠢ ᠰᠤᠶᠤᠯ ᠤ᠋ᠨ ᠠᠮᠢᠳᠤᠷᠠᠯ ᠢ᠋ ᠪᠠᠶᠠᠯᠢᠭᠵᠢᠭᠤᠯᠬᠤ ᠵᠢᠨ ᠲᠠᠭᠠᠤ ᠰᠤᠷᠤᠭᠴᠢᠳ ᠤ᠋ᠨ ᠭᠠᠷ ᠬᠦᠳᠡᠯᠵᠤ ᠤᠢᠯᠡᠳᠤᠯᠭᠡ ᠳ᠋ᠤ ᠤᠷᠤᠯᠴᠠᠬᠤ ᠴᠢᠳᠠᠪᠤᠷᠢ ᠵᠢ ᠲᠠᠪᠳᠠᠨ ᠪᠤᠯᠪᠠᠰᠤᠷᠠᠭᠤᠯᠤᠨ᠎ᠠ᠃ ᠲᠠᠷᠠᠭᠠᠴᠢ ᠪᠡᠷ᠂ ᠮᠠᠨ ᠤ᠋ ᠰᠤᠷᠭᠠᠭᠤᠯᠢ ᠬᠢᠴᠢᠶᠠᠯ ᠤ᠋ᠨ ᠰᠢᠰᠲ᠋ᠸᠮ ᠵᠢᠡᠨ ᠦᠷᠭᠦᠯᠵᠢᠯᠡᠨ ᠰᠢᠯᠢᠳᠡᠭᠵᠢᠭᠦᠯᠵᠤ᠂ ᠬᠢᠴᠢᠶᠠᠯ ᠤ᠋ᠨ ᠠᠭᠤᠯᠭ᠎ᠠ ᠪᠠᠨ ᠪᠠᠶᠠᠯᠢᠭᠵᠢᠭᠤᠯᠤᠨ᠂ ᠬᠤᠶᠠᠳᠤᠭᠠᠷ ᠬᠢᠴᠢᠶᠠᠯ ᠤ᠋ᠨ ᠲᠠᠡᠭᠬᠢᠮ ᠢ᠋ ᠰᠤᠷᠤᠭᠴᠢᠳ ᠤ᠋ᠨ ᠬᠡᠪ ᠪᠤᠯᠪᠠᠰᠤᠷᠠᠯ ᠵᠢᠡᠨ ᠲᠡᠭᠡᠭᠰᠢᠯᠡᠭᠦᠯᠬᠦ᠂ ᠪᠠᠶᠠᠷ ᠬᠦᠷ ᠲᠠᠢ ᠦᠰᠦᠨ ᠪᠤᠢᠵᠢᠬᠤ ᠰᠢᠯᠢᠳᠡᠭ ᠲᠠᠪᠴᠠᠡᠭ ᠪᠤᠯᠭᠠᠵᠤ᠂ ᠰᠤᠷᠤᠭᠴᠢᠳ ᠤ᠋ᠨ ᠶᠤᠰᠤ ᠰᠤᠷᠳᠠᠬᠤᠨ ᠤᠶᠤᠨ ᠤᠬᠠᠭᠠᠨ ᠪᠡᠶ᠎ᠠ ᠮᠠᠬᠠᠪᠤᠳ ᠭᠤᠦ᠎ᠠ ᠰᠠᠢᠬᠠᠨ ᠠᠵᠢᠯ ᠬᠦᠳᠡᠯᠮᠤᠷᠢ ᠪᠦᠬᠦ ᠲᠠᠯ᠎ᠠ ᠪᠡᠷ ᠬᠦᠭᠵᠢᠭᠦ ᠳ᠋ᠤ ᠬᠦᠴᠦᠨ ᠨᠡᠮᠡᠷᠢᠯᠡᠨ᠎ᠠ︾ᠬᠡᠵᠦ ᠰᠤᠷᠪᠤᠯᠵᠢᠯᠠᠭᠴᠢ᠎ᠳᠤ ᠶᠠᠷᠢᠯ᠎ᠠ᠃

ᠵᠢᠨᠢᠡᠭ ᠲᠤᠭᠤᠷᠢᠭ ᠤ᠋ᠨ ᠾᠸ ᠱᠦᠨ ᠪᠠᠭ᠎ᠠ ᠰᠤᠷᠭᠠᠭᠤᠯᠢ ᠪᠠᠰᠠ ᠡᠯ᠎ᠠ ᠲᠦᠷᠦᠯ ᠤ᠋ᠨ ᠤᠨᠴᠠᠯᠢᠭᠲᠤ ᠨᠡᠢᠭᠡᠮᠯᠢᠭ ᠤ᠋ᠨ ᠠᠵᠢᠯᠯᠠᠭ᠎ᠠ ᠦᠷᠨᠢᠭᠦᠯᠵᠤ ᠪᠤᠢ᠃ ᠲᠤᠰ ᠰᠤᠷᠭᠠᠭᠤᠯᠢ ᠨᠡᠢᠭᠡᠮᠯᠢᠭ ᠤ᠋ᠨ ᠭᠤᠦ᠎ᠠ ᠰᠠᠢᠬᠠᠨ ᠤ᠋ ᠬᠦᠮᠦᠵᠢᠯ ᠤ᠋ᠨ ᠤᠢᠯᠡᠳᠦᠯᠭᠡ ᠵᠢ ᠪᠠᠢᠡᠭᠭᠤ ᠬᠦᠨᠵᠡᠭᠡᠢᠷᠡᠭᠦᠯᠵᠤ᠂ ᠤᠯᠠᠨ ᠡᠰᠢᠴᠢᠯᠡᠭᠰᠡᠨ ᠨᠡᠢᠭᠡᠮᠯᠢᠭ ᠤ᠋ᠨ ᠬᠢᠴᠢᠶᠠᠯ ᠳ᠋ᠤ ᠲᠦᠰᠢᠭᠯᠡᠨ᠂ ᠰᠤᠷᠤᠭᠴᠢᠳ ᠲᠤ᠌ ᠤᠷ᠎ᠠ ᠠᠪᠢᠶᠠᠰ ᠵᠢᠡᠨ ᠪᠠᠳᠠᠷᠠᠭᠤᠯᠬᠤ᠂ ᠴᠢᠳᠠᠪᠤᠷᠢ ᠪᠠᠨ ᠲᠠᠪᠳᠠᠨ ᠪᠤᠯᠪᠠᠰᠤᠷᠠᠭᠤᠯᠬᠤ ᠲᠠᠪᠴᠠᠡᠭ ᠬᠠᠡᠭᠭᠠᠵᠤ᠂ ᠰᠤᠷᠤᠭᠴᠢᠳ ᠤ᠋ᠨ ᠪᠦᠬᠦ ᠲᠠᠯ᠎ᠠ ᠪᠡᠷ ᠦᠰᠦᠨ ᠪᠤᠢᠵᠢᠬᠤ ᠳ᠋ᠤ ᠬᠦᠴᠦᠨ ᠨᠡᠮᠡᠷᠢᠯᠡᠵᠤ ᠪᠤᠢ᠃

ᠵᠢᠨᠢᠡᠭ ᠲᠤᠭᠤᠷᠢᠭ ᠤ᠋ᠨ ᠾᠸ ᠱᠦᠨ ᠪᠠᠭ᠎ᠠ ᠰᠤᠷᠭᠠᠭᠤᠯᠢ ᠵᠢᠨ ᠬᠦᠯ ᠪᠦᠮᠪᠦᠭᠡᠨ ᠨᠡᠢᠭᠡᠮᠯᠢᠭ ᠤ᠋ᠨ ᠲᠠᠰᠬᠠᠯᠵᠢᠭᠤᠯᠤᠭᠴᠢ ᠸᠠᠡᠭ ᠹᠸᠨ ᠲᠢᠡᠭ᠄︽ᠬᠦᠯ ᠪᠦᠮᠪᠦᠭᠡᠨ ᠨᠡᠢᠭᠡᠮᠯᠢᠭ ᠰᠤᠷᠤᠭᠴᠢᠳ ᠢ᠋ ᠬᠠᠮᠵᠢᠯᠴᠠᠬᠤ ᠲᠤᠮᠳᠠ ᠪᠡᠶ᠎ᠠ ᠮᠠᠬᠠᠪᠤᠳ ᠵᠢᠡᠨ ᠴᠢᠬᠢᠷᠠᠭᠵᠢᠭᠤᠯᠵᠤ᠂ ᠡᠷᠴᠢ ᠵᠤᠷᠢᠭ ᠵᠢᠡᠨ ᠬᠦᠪᠴᠢᠯᠡᠬᠦ ᠵᠢ ᠠᠬᠢᠭᠤᠯᠤᠨ᠂ ᠰᠤᠷᠤᠭᠴᠢᠳ ᠤ᠋ᠨ ᠲᠠᠮᠢᠷ ᠤ᠋ᠨ ᠬᠦᠳᠡᠯᠭᠡᠭᠡᠨ ᠤ᠋ ᠮᠡᠷᠭᠡᠵᠢᠯ ᠴᠢᠳᠠᠪᠤᠷᠢ ᠵᠢ ᠲᠡᠭᠡᠭᠰᠢᠯᠡᠭᠦᠯᠬᠦ ᠵᠢᠨ ᠲᠠᠭᠠᠤ ᠡᠷᠡᠮᠡᠭᠡᠢᠯᠡᠨ ᠲᠡᠮᠡᠴᠡᠬᠦ ᠵᠤᠷᠢᠭ ᠰᠠᠨᠠᠭ᠎ᠠ᠂ ᠪᠦᠯᠬᠦᠮ ᠨᠡᠢᠲᠡ ᠵᠢᠨ ᠬᠠᠮᠵᠢᠯᠴᠠᠬᠤ ᠴᠢᠳᠠᠪᠤᠷᠢ ᠵᠢ ᠬᠦᠮᠦᠵᠢᠭᠦᠯᠦᠨ᠎ᠠ︾ᠬᠡᠵᠦ ᠲᠠᠨᠢᠯᠴᠠᠭᠤᠯᠪᠠ᠃

ᠵᠢᠨᠢᠡᠭ ᠲᠤᠭᠤᠷᠢᠭ ᠤ᠋ᠨ ᠡᠯ᠎ᠠ ᠲᠤᠮᠳᠠᠳᠤ ᠪᠠᠭ᠎ᠠ ᠰᠤᠷᠭᠠᠭᠤᠯᠢ ᠦᠷᠭᠦᠯᠵᠢᠯᠡᠨ ᠨᠡᠢᠭᠡᠮᠯᠢᠭ ᠵᠢᠡᠷ ᠠᠴᠢᠶᠠᠯᠠᠪᠤᠷᠢ ᠪᠤᠯᠭᠠᠵᠤ᠂ ᠤᠢᠯᠡᠳᠤᠯᠭᠡ ᠪᠡᠷ ᠬᠤᠯᠪᠤᠭᠠᠰᠤ ᠪᠤᠯᠭᠠᠨ᠂ ᠬᠤᠶᠠᠳᠤᠭᠠᠷ ᠬᠢᠴᠢᠶᠠᠯ ᠤ᠋ᠨ ᠲᠠᠡᠭᠬᠢᠮ ᠢ᠋ ᠰᠤᠷᠤᠭᠴᠢᠳ ᠤ᠋ᠨ ᠪᠦᠬᠦ ᠲᠠᠯ᠎ᠠ ᠵᠢᠨ ᠬᠦᠭᠵᠢᠯᠲᠡ ᠵᠢ ᠠᠬᠢᠭᠤᠯᠬᠤ ᠲᠠᠪᠴᠠᠡᠭ ᠪᠤᠯᠭᠠᠨ ᠴᠤᠭᠴᠠᠯᠠᠵᠤ᠂ ᠰᠤᠷᠤᠭᠴᠢ ᠨᠢᠭᠡᠪᠦᠷᠢ ᠵᠢᠨ ᠶᠠᠷᠤᠡᠭᠬᠡᠢᠯᠡᠭᠰᠡᠨ ᠴᠢᠳᠠᠪᠤᠷᠢ ᠵᠢ ᠲᠠᠪᠳᠠᠨ ᠪᠤᠯᠪᠠᠰᠤᠷᠠᠭᠤᠯᠵᠤ᠂ ᠲᠡᠳᠡᠨ ᠳ᠋ᠤ ᠦᠰᠦᠨ ᠪᠤᠢᠵᠢᠬᠤ ᠶᠠᠪᠤᠴᠠ ᠳ᠋ᠠᠬᠢ ᠪᠠᠶᠠᠷ ᠵᠢᠷᠭᠠᠯ ᠢ᠋ ᠡᠳ᠋ᠯᠡᠭᠦᠯᠦᠨ᠂  ᠦᠡᠭᠭᠡ ᠢᠯᠭᠠᠷᠠᠭᠰᠠᠨ ᠰᠤᠷᠭᠠᠭᠤᠯᠢ ᠵᠢᠨ ᠬᠦᠷᠢᠶ᠎ᠠ ᠵᠢ ᠵᠠᠯᠠᠭᠤᠴᠤᠳ ᠪᠠᠭᠠᠴᠤᠳ ᠤ᠋ᠨ ᠬᠦᠰᠡᠯ ᠭᠦᠭᠡᠭᠡᠴᠡᠯᠳᠤᠯ ᠤ᠋ᠨ ᠵᠢᠡᠨ ᠲᠦᠯᠦᠭᠡ ᠴᠢᠷᠮᠠᠢᠨ ᠲᠠᠪᠰᠢᠬᠤ ᠵᠢᠷᠭᠠᠯᠠᠡᠭᠳᠤ ᠭᠡᠷ ᠤᠷᠤᠨ ᠪᠤᠯᠭᠠᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号