6 ᠰᠠᠷ᠎ᠠ ᠵᠢᠨ 15 ᠤ᠋ ᠡᠳᠦᠷ ᠪᠤᠯᠲᠠᠯ᠎ᠠ᠂ ᠡᠨᠡ ᠵᠢᠯ ᠦᠪᠦᠷ ᠮᠤᠩᠭᠤᠯ ᠨᠢᠭᠡᠨᠲᠡ 693.49 ᠲᠦᠮᠡᠨ ᠮᠤ᠌ ᠡᠯᠡᠰᠤ ᠶ᠋ᠢ ᠵᠠᠰᠠᠬᠤ ᠡᠭᠦᠷᠭᠡ ᠶ᠋ᠢ ᠪᠡᠶᠡᠯᠡᠭᠦᠯᠪᠡ᠃ ᠡᠭᠦᠨ ᠳ᠋ᠤ᠂ ᠬᠠᠲᠤᠨ ᠭᠤᠤᠯ ᠤ᠋ᠨ ᠶᠡᠬᠡ ᠲᠤᠬᠤᠢ ᠵᠢᠨ ᠪᠤᠭᠤᠮᠲᠠ ᠰᠢᠪᠲᠤᠯᠬᠤ ᠤᠷᠤᠨ ᠳ᠋ᠤ 446.97 ᠲᠦᠮᠡᠨ ᠮᠤ᠌ ᠡᠯᠡᠰᠤ ᠵᠢ ᠵᠠᠰᠠᠵᠦ᠂ ᠬᠤᠷᠴᠢᠨ᠂ ᠬᠤᠯᠠᠨ ᠰᠢᠷᠭ᠎ᠠ ᠳᠠᠭ᠎ᠠ ᠬᠤᠶᠠᠷ ᠶᠡᠬᠡ ᠡᠯᠡᠰᠤᠷᠬᠡᠭ ᠭᠠᠵᠠᠷ ᠤ᠋ᠨ ᠰᠦᠨᠦᠭᠡᠯᠲᠡ ᠵᠢᠨ ᠳᠠᠢᠯᠠᠯᠳᠤᠭᠠᠨ ᠤ᠋ ᠤᠷᠤᠨ ᠳ᠋ᠤ 212.48 ᠲᠦᠮᠡᠨ ᠮᠤ᠌ ᠡᠯᠡᠰᠤ ᠶ᠋ᠢ ᠵᠠᠰᠠᠵᠦ᠂ ᠾᠸᠰᠢ ᠵᠢᠨ ᠬᠤᠩᠬᠢᠯ — ᠲᠠᠺᠠᠯᠢᠮᠠᠺᠠᠨ ᠡᠯᠡᠰᠤᠨ ᠴᠦᠯ ᠤ᠋ᠨ ᠬᠦᠪᠡᠭᠡ ᠵᠠᠬ᠎ᠠ ᠵᠢᠨ ᠬᠤᠷᠢᠭᠯᠠᠯᠲᠠ ᠵᠢᠨ ᠳᠠᠢᠯᠠᠯᠳᠤᠭᠠᠨ ᠤ᠋ ᠤᠷᠤᠨ ᠳ᠋ᠤ 29.9 ᠲᠦᠮᠡᠨ ᠮᠤ᠌ ᠡᠯᠡᠰᠤ ᠶ᠋ᠢ ᠵᠠᠰᠠᠪᠠ᠃
ᠦᠪᠦᠷ ᠮᠤᠩᠭᠤᠯ ᠪᠤᠯ ᠮᠠᠨ ᠤ᠋ ᠤᠯᠤᠰ ᠤ᠋ᠨ ᠡᠯᠡᠰᠦᠷᠭᠡᠬᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠭᠤᠤᠯ ᠳᠠᠢᠯᠠᠯᠳᠤᠭᠠᠨ ᠤ᠋ ᠲᠠᠯᠠᠪᠤᠷ᠂ ᠡᠯᠡᠰᠤᠨ ᠰᠢᠭᠤᠷᠭ᠎ᠠ ᠶ᠋ᠢ ᠰᠡᠷᠭᠡᠢᠯᠡᠬᠦ ᠭᠤᠤᠯ ᠰᠡᠷᠭᠡᠢᠯᠡᠯᠲᠡ ᠵᠢᠨ ᠱᠤᠭᠤᠮ ᠪᠤᠯᠤᠨ᠎ᠠ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠸᠨ᠋ᠸᠷᠢᠩ ᠤ᠋ᠨ ᠭᠤᠷᠪᠠᠨ ᠶᠡᠬᠡ ᠪᠡᠯᠭᠡ ᠳᠡᠮᠳᠡᠭ ᠤ᠋ᠨ ᠴᠢᠨᠠᠷᠲᠠᠢ ᠳᠠᠢᠯᠠᠯᠳᠤᠭᠠᠨ ᠤ᠋ ᠬᠠᠭᠠᠰ ᠡᠴᠡ ᠳᠡᠭᠡᠭᠰᠢᠬᠢ ᠨᠢ ᠮᠠᠨ ᠤ᠋ ᠤᠷᠤᠨ ᠳ᠋ᠤ ᠪᠠᠢᠵᠤ᠂ ᠪᠦᠬᠦ ᠤᠯᠤᠰ ᠤ᠋ᠨ 60% ᠡᠴᠡ ᠳᠡᠭᠡᠭᠰᠢᠬᠢ ᠡᠯᠡᠰᠦᠷᠭᠡᠭᠵᠢᠭᠰᠡᠨ ᠭᠠᠵᠠᠷ ᠰᠢᠷᠤᠢ ᠵᠢ ᠶᠡᠷᠦᠩᠬᠡᠢᠯᠡᠨ ᠵᠠᠰᠠᠬᠤ ᠡᠭᠦᠷᠭᠡ ᠴᠤ᠌ ᠮᠠᠨ ᠤ᠋ ᠤᠷᠤᠨ ᠳ᠋ᠤ ᠪᠤᠢ᠃《ᠠᠷᠪᠠᠨ ᠳᠦᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠵᠢᠨ ᠬᠤᠭᠤᠴᠠᠭᠠᠨ ᠳ᠋ᠤ᠂ ᠮᠠᠨ ᠤ᠋ ᠤᠷᠤᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠸᠨ᠋ᠸᠷᠢᠩ ᠢ᠋ ᠪᠦᠬᠦ ᠬᠦᠴᠦ ᠪᠡᠷ ᠠᠬᠢᠭᠤᠯᠵᠤ᠂ ᠨᠡᠢᠲᠡ 1.38 ᠳ᠋ᠦᠩᠰᠢᠭᠤᠷ ᠮᠤ᠌ ᠠᠮᠢ ᠠᠬᠤᠢ ᠵᠢᠨ ᠪᠦᠲᠦᠭᠡᠨ ᠪᠠᠢᠭᠤᠯᠤᠯᠲᠠ ᠵᠢᠨ ᠡᠭᠦᠷᠭᠡ ᠶ᠋ᠢ ᠪᠡᠶᠡᠯᠡᠭᠦᠯᠤᠨ᠂ ᠡᠭᠦᠨ ᠳ᠋ᠤ 7290 ᠲᠦᠮᠡᠨ ᠮᠤ᠌ ᠡᠯᠡᠰᠦᠷᠭᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠵᠤ᠂ ᠬᠡᠪᠴᠢᠶ᠎ᠡ ᠪᠡᠷ ᠪᠦᠬᠦ ᠤᠯᠤᠰ ᠲᠤ᠌ ᠲᠦᠷᠦᠭᠦᠯᠡᠪᠡ; ᠤᠢ ᠰᠢᠭᠤᠢ ᠵᠢᠨ ᠪᠦᠷᠬᠦᠴᠡ ᠵᠢᠨ ᠨᠤᠷᠮ᠎ᠠ 21.98% ᠳ᠋ᠤ ᠬᠦᠷᠴᠤ᠂ ᠤᠢ ᠰᠢᠭᠤᠢ ᠵᠢᠨ ᠲᠠᠯᠠᠪᠠᠢ ᠪᠠ ᠬᠠᠳᠠᠭᠠᠯᠠᠭᠳᠠᠴᠠ ᠵᠢᠨ ᠬᠡᠮᠵᠢᠶ᠎ᠡ ᠦᠷᠭᠦᠯᠵᠢᠯᠡᠨ ᠬᠤᠤᠰ ᠨᠡᠮᠡᠭᠳᠡᠯ ᠢ᠋ ᠪᠡᠶᠡᠯᠡᠭᠦᠯᠦᠭᠰᠡᠨ ᠪᠠᠢᠨ᠎ᠠ᠃
2026 ᠤᠨ ᠳ᠋ᠤ᠂ ᠦᠪᠦᠷ ᠮᠤᠩᠭᠤᠯ ᠠᠮᠢ ᠠᠬᠤᠢ ᠵᠢᠨ ᠪᠦᠲᠦᠭᠡᠨ ᠪᠠᠢᠭᠤᠯᠤᠯᠲᠠ ᠵᠢᠨ ᠡᠭᠦᠷᠭᠡ ᠶ᠋ᠢ 4000 ᠲᠦᠮᠡᠨ ᠮᠤ᠌ ᠡᠴᠡ ᠳᠡᠭᠡᠭᠰᠢ ᠪᠡᠶᠡᠯᠡᠭᠦᠯᠬᠦ ᠪᠡᠷ ᠪᠠᠢᠵᠤ᠂ ᠡᠭᠦᠨ ᠳ᠋ᠤ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠲᠠᠯᠠᠪᠠᠢ 1500 ᠮᠤ᠌ ᠶ᠋ᠢ ᠳᠠᠪᠠᠵᠤ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠠᠵᠢᠯ ᠢ᠋ 《ᠬᠡᠪᠴᠢᠶ᠎ᠡ ᠪᠠ ᠬᠤᠷᠳᠤᠴᠠ》 ᠶ᠋ᠢ ᠴᠢᠬᠤᠯᠠᠴᠢᠯᠠᠵᠤ ᠪᠠᠢᠭᠰᠠᠨ ᠡᠴᠡ 《ᠴᠢᠨᠠᠷ ᠪᠠ ᠦᠷ᠎ᠡ ᠪᠦᠲᠦᠮᠵᠢ》 ᠶ᠋ᠢ ᠴᠢᠬᠤᠯᠠᠴᠢᠯᠠᠬᠤ ᠲᠡᠢᠰᠢ ᠬᠤᠪᠢᠷᠠᠭᠤᠯᠤᠨ᠎ᠠ᠃ 2026 ᠤᠨ ᠤ᠋ 1 ᠰᠠᠷ᠎ᠠ ᠵᠢᠨ 1 ᠤ᠋ ᠡᠳᠦᠷ ᠡᠴᠡ ᠡᠬᠢᠯᠡᠵᠤ ᠬᠡᠷᠡᠭᠵᠢᠬᠦᠯᠦᠭᠰᠡᠨ 《ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠳᠦᠷᠢᠮ》 ᠨᠢ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠳ᠋ᠤ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠪᠠ᠃