ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠎ᠤ ᠣᠶ᠋ᠢᠷ᠎ᠠ᠎ᠳᠤ ᠳᠠᠷᠤᠮᠠᠯᠯᠠᠨ ᠲᠠᠷᠬᠠᠭᠠᠭᠰᠠᠨ ᠭᠠᠳᠠᠭᠠᠳᠤ ᠪᠠᠯᠠ᠎ᠶᠢ ᠠᠰᠢᠭᠯᠠᠨ ᠪᠡᠬᠢᠵᠢᠭᠦᠯᠬᠦ ᠲᠣᠭᠲᠠᠪᠤᠷᠢᠵᠢᠭᠤᠯᠬᠤ ᠠᠬᠢᠭᠤᠯᠬᠤ ᠰᠢᠯᠢᠳᠡᠭᠵᠢᠭᠦᠯᠬᠦ᠌ ᠠᠵᠢᠯᠯᠠᠭ᠎ᠠ᠎ᠶᠢᠨ ᠲᠥᠰᠦᠯ᠎ᠢ 22 ᠤ᠋ᠨ ᠡᠳᠦᠷ ᠨᠡᠶ᠋ᠢᠲᠡᠯᠡᠵᠦ᠍᠂ ᠵᠠᠬ᠎ᠠ ᠳᠡᠯᠭᠡᠭᠦᠷ᠎ᠲᠦ᠍ ᠣᠷᠣᠬᠤ ᠵᠥᠪᠰᠢᠶᠡᠷᠡᠯ᠎ᠢ ᠥᠷᠭᠡᠳᠬᠡᠬᠦ᠌᠂ ᠭᠠᠳᠠᠭᠠᠳᠤ᠎ᠶᠢᠨ ᠬᠤᠳᠠᠯᠳᠤᠭᠠᠴᠢᠨ᠎ᠤ ᠪᠠᠯᠠ ᠣᠷᠣᠭᠤᠯᠤᠯᠲᠠ᠎ᠶᠢᠨ ᠲᠥᠬᠥᠮᠴᠢᠯᠡᠯᠲᠡ ᠵᠢᠨ ᠬᠡᠮᠵᠢᠶ᠎ᠡ᠎ᠶᠢ ᠳᠡᠭᠡᠭᠰᠢᠯᠡᠭᠦᠯᠬᠦ᠌᠂ ᠪᠠᠯᠠ ᠣᠷᠣᠭᠤᠯᠤᠯᠲᠠ᠎ᠶᠢ ᠠᠬᠢᠭᠤᠯᠬᠤ ᠲᠦᠪᠰᠢᠨ᠎ᠢ ᠳᠡᠭᠡᠭᠰᠢᠯᠡᠭᠦᠯᠬᠦ᠌᠂ ᠭᠠᠳᠠᠭᠠᠳᠤ᠎ᠶᠢᠨ ᠬᠤᠳᠠᠯᠳᠤᠭᠠᠴᠢᠨ᠎ᠤ ᠪᠠᠯᠠ ᠣᠷᠣᠭᠤᠯᠤᠯᠲᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢᠨ ᠰᠢᠰᠲ᠋ᠧᠮ᠎ᠢ ᠪᠦᠷᠢᠨᠰᠢᠬᠦᠯᠬᠦ᠌᠂ ᠭᠠᠳᠠᠭᠠᠳᠤ ᠪᠠᠯᠠ᠎ᠶᠢᠨ ᠬᠠᠮᠢᠶᠠᠷᠤᠯᠲᠠ᠎ᠶᠢ ᠰᠢᠯᠢᠳᠡᠭᠵᠢᠭᠦᠯᠬᠦ᠌ ᠵᠡᠷᠭᠡ ᠲᠠᠪᠤᠨ ᠲᠠᠯ᠎ᠠ᠎ᠶᠢᠨ ᠲᠣᠭᠣᠷᠢᠨ᠎ᠳᠤ 15 ᠵᠦᠢᠯ᠎ᠦᠨ ᠠᠷᠭ᠎ᠠ ᠬᠡᠮᠵᠢᠶ᠎ᠡ ᠳᠤᠷᠠᠳᠪᠠ᠃
ᠲᠥᠰᠦᠯ᠎ᠳᠦ ᠦᠢᠯᠡᠴᠢᠯᠡᠭᠡᠨ᠎ᠦ ᠦᠢᠯᠡᠰ᠂ ᠮᠥᠩᠭᠥᠨ ᠭᠦᠢᠯᠭᠡᠭᠡᠨ᠎ᠦ ᠦᠢᠯᠡᠰ᠂ ᠡᠮ ᠡᠮᠨᠡᠯᠭᠡ᠎ᠶᠢᠨ ᠦᠢᠯᠡᠰ ᠵᠡᠷᠭᠡ ᠵᠢᠨ ᠵᠠᠬ᠎ᠠ ᠳᠡᠯᠭᠡᠭᠦᠷ᠎ᠲᠦ᠍ ᠣᠷᠣᠬᠤ ᠵᠥᠪᠰᠢᠶᠡᠷᠡᠯ᠎ᠢ ᠥᠷᠭᠡᠳᠬᠡᠬᠦ᠎ᠳᠦ ᠠᠩᠬᠠᠷᠤᠯ᠎ᠢᠶᠠᠨ ᠲᠥᠪᠯᠡᠷᠡᠭᠦᠯᠪᠡ᠃ ᠲᠥᠰᠦᠯ᠎ᠳᠦ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠤᠨ ᠪᠠᠶ᠋ᠢᠭᠤᠯᠤᠮᠵᠢ᠂ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠥᠨᠳᠥᠷ ᠲᠦᠪᠰᠢᠨ ᠪᠥᠬᠥᠶ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ ᠠᠵᠤ ᠦᠢᠯᠡᠳᠪᠦᠷᠢ ᠲᠠᠷᠢᠶᠠᠯᠠᠩ ᠠᠨᠠᠭᠠᠬᠤ ᠤᠬᠠᠭᠠᠨ᠎ᠤ ᠲᠥᠷᠥᠯ᠎ᠦᠨ ᠶᠡᠬᠡ ᠰᠤᠷᠭᠠᠭᠤᠯᠢ᠎ᠶᠢᠨ ᠭᠠᠳᠠᠭᠰᠢ ᠨᠡᠭᠡᠭᠡᠯᠲᠡ ᠬᠢᠬᠦ᠌ ᠲᠤᠷᠰᠢᠯᠲᠠ᠎ᠶᠢ ᠯᠠᠪᠳᠠᠭᠤᠨ᠎ᠢᠶᠠᠷ ᠥᠷᠭᠡᠳᠬᠡᠨ᠎ᠡ;ᠨᠡᠩ ᠤᠯᠠᠨ ᠭᠠᠳᠠᠭᠠᠳᠤ ᠪᠡᠯᠡ᠎ᠶᠢᠨ ᠪᠠᠶ᠋ᠢᠭᠤᠯᠤᠮᠵᠢ᠎ᠶᠢᠨ ᠤᠯᠤᠰ᠎ᠤᠨ ᠵᠢᠭᠡᠯᠡᠯᠭᠡ ᠬᠤᠭᠤᠴᠠᠭᠠᠲᠤ᠌ ᠪᠠᠷᠠᠭ᠎ᠠ᠎ᠶᠢ ᠪᠠᠭᠲᠠᠭᠠᠭᠰᠠᠨ ᠲᠦᠭᠰᠢᠭᠦᠷᠢ᠎ᠶᠢᠨ ᠬᠠᠮᠢᠶᠠᠷᠤᠯᠲᠠ᠎ᠶᠢᠨ ᠪᠠᠭᠠᠵᠢ᠎ᠶᠢ ᠠᠰᠢᠭᠯᠠᠨ᠂ ᠮᠥᠩᠭᠥᠨ ᠭᠦᠢᠯᠭᠡᠭᠡᠨ᠎ᠦ ᠲᠦᠭᠰᠢᠭᠦᠷᠢ᠎ᠶᠢᠨ ᠬᠠᠮᠢᠶᠠᠷᠤᠯᠲᠠ᠎ᠪᠠᠨ ᠴᠢᠩᠭᠠᠳᠬᠠᠬᠤ᠎ᠶᠢ ᠲᠡᠮᠵᠢᠨ᠎ᠡ;ᠭᠠᠳᠠᠭᠠᠳᠤ ᠪᠡᠯᠡ᠎ᠶᠢᠨ ᠪᠠᠶ᠋ᠢᠭᠤᠯᠤᠮᠵᠢ᠎ᠶᠢᠨ ᠰᠠᠭᠤᠷᠢ ᠮᠥᠩᠭᠥᠨ᠎ᠦ ᠪᠡᠯᠡ ᠣᠷᠣᠭᠤᠯᠤᠯᠲᠠ᠎ᠶᠢᠨ ᠵᠥᠪᠯᠡᠭᠴᠢ᠎ᠶᠢᠨ ᠲᠤᠬᠠᠶ᠋ᠢᠯᠠᠭᠰᠠᠨ ᠠᠵᠢᠯ᠎ᠢ ᠬᠠᠤᠯᠢ ᠶᠣᠰᠣᠭᠠᠷ ᠥᠷᠨᠢᠭᠦᠯᠬᠦ᠌᠎ᠶᠢ ᠳᠡᠮᠵᠢᠨ᠎ᠡ;ᠠᠮᠢᠳᠤ ᠪᠣᠳᠠᠰ᠎ᠤᠨ ᠮᠡᠷᠭᠡᠵᠢᠯ᠂ ᠭᠠᠳᠠᠭᠠᠳᠤ᠎ᠶᠢᠨ ᠬᠤᠳᠠᠯᠳᠤᠭᠠᠴᠢᠨ᠎ᠤ ᠲᠤᠰᠠᠭᠠᠷ ᠪᠡᠯᠡᠳᠤ ᠡᠮᠨᠡᠯᠭᠡ᠎ᠶᠢᠨ ᠬᠣᠷᠢᠶᠠᠨ᠎ᠤ ᠬᠦᠷᠢᠶᠡᠨ᠎ᠳᠡᠬᠢ ᠨᠡᠭᠡᠭᠡᠯᠲᠡᠲᠦ᠍ ᠲᠤᠷᠰᠢᠯᠲᠠ᠎ᠶᠢᠨ ᠣᠷᠣᠨ ᠪᠦᠰᠡ᠎ᠶᠢᠨ ᠬᠡᠪᠴᠢᠶ᠎ᠡ ᠵᠡᠷᠭᠡ᠎ᠶᠢ ᠱᠠᠯᠠᠪᠳᠠᠨ ᠰᠤᠳᠤᠯᠵᠤ ᠮᠡᠳᠡᠭᠦᠯᠦᠨ ᠵᠥᠪᠰᠢᠶᠡᠷᠡᠭᠦᠯᠦᠨ᠎ᠡ ᠭᠡᠵᠦ᠍ ᠳᠤᠷᠠᠳᠪᠠ᠃
ᠲᠥᠰᠦᠯ᠎ᠳᠦ ᠭᠠᠳᠠᠭᠠᠳᠤ ᠪᠠᠯᠠ᠎ᠶᠢᠨ ᠨᠡᠶ᠋ᠢᠳᠭᠡᠨ ᠬᠤᠳᠠᠯᠳᠤᠨ ᠠᠪᠬᠤ᠂ ᠲᠣᠭ᠎ᠠ ᠪᠠᠷᠢᠮᠲᠠ᠎ᠶᠢ ᠬᠢᠯᠢ ᠠᠯᠤᠰᠯᠠᠨ ᠰᠢᠯᠵᠢᠭᠦᠯᠬᠦ᠌᠂ ᠭᠠᠳᠠᠭᠠᠳᠤ ᠪᠠᠯᠠ᠎ᠶᠢᠨ ᠬᠢᠯᠢ᠎ᠶᠢᠨ ᠳᠣᠲᠣᠷ᠎ᠠ ᠳᠠᠬᠢᠨ ᠪᠠᠯᠠ ᠣᠷᠣᠭᠤᠯᠬᠤ ᠵᠡᠷᠭᠡ ᠬᠠᠯᠠᠮᠰᠢᠯ ᠠᠰᠠᠭᠤᠳᠠᠯ᠎ᠳᠤ ᠴᠢᠭᠯᠡᠭᠦᠯᠦᠨ᠂ ᠭᠠᠳᠠᠭᠠᠳᠤ᠎ᠶᠢᠨ ᠬᠤᠳᠠᠯᠳᠤᠭᠠᠴᠢᠨ᠎ᠤ ᠪᠠᠯᠠ ᠣᠷᠣᠭᠤᠯᠤᠯᠲᠠ᠎ᠳᠤ ᠲᠥᠬᠥᠮ ᠦᠵᠡᠭᠦᠯᠬᠦ᠌ ᠬᠡᠮᠵᠢᠶ᠎ᠡ᠎ᠶᠢ ᠬᠦᠴᠦᠯᠡᠨ ᠳᠡᠭᠡᠭᠰᠢᠯᠡᠭᠦᠯᠦᠨ᠎ᠡ᠃ ᠭᠠᠳᠠᠭᠠᠳᠤ᠎ᠶᠢᠨ ᠪᠡᠯᠡ ᠣᠷᠣᠭᠤᠯᠤᠭᠴᠢ ᠬᠢᠯᠢ᠎ᠶᠢᠨ ᠳᠣᠲᠣᠷᠠᠬᠢ ᠠᠵᠤ ᠠᠬᠤᠶ᠋ᠢᠯᠠᠯ᠎ᠢ ᠨᠡᠶ᠋ᠢᠳᠭᠡᠨ ᠬᠤᠳᠠᠯᠳᠤᠨ ᠠᠪᠬᠤ ᠲᠤᠬᠠᠶ ᠲᠣᠭᠲᠠᠭᠠᠯ᠎ᠳᠤ ᠵᠠᠰᠠᠪᠤᠷᠢ ᠣᠷᠣᠭᠤᠯᠵᠤ ᠨᠡᠶ᠋ᠢᠲᠡᠯᠡᠬᠦ᠌᠎ᠶᠢ ᠲᠦᠷᠭᠡᠳᠭᠡᠨ᠎ᠡ;ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠂ ᠤᠯᠤᠰ᠎ᠤᠨ ᠦᠢᠯᠡᠴᠢᠯᠡᠭᠡᠨ᠎ᠦ ᠦᠢᠯᠡᠰ᠎ᠦᠨ ᠨᠡᠭᠡᠭᠡᠯᠲᠡ᠎ᠪᠡᠨ ᠥᠷᠭᠡᠳᠬᠡᠬᠦ᠌ ᠲᠤᠷᠰᠢᠯᠲᠠ᠎ᠶᠢᠨ ᠬᠣᠲᠠ᠎ᠶᠢ ᠳᠡᠮᠵᠢᠵᠦ᠍ ᠪᠠᠶ᠋ᠢᠭᠠᠳ ᠨᠠᠩ ᠣᠯᠠᠨ ᠬᠦᠷᠢᠶᠡᠨ᠎ᠳᠦ ᠲᠤᠭ᠎ᠠ ᠪᠠᠷᠢᠮᠳᠠ᠎ᠶᠢᠨ ᠬᠢᠯᠢ᠎ᠡᠴᠡ ᠭᠠᠷᠬᠤ ᠨᠠᠵᠠᠭᠠᠶ ᠲᠠᠯ᠎ᠠ᠎ᠶᠢᠨ ᠨᠠᠷᠢᠨ ᠲᠠᠩᠰᠠ᠎ᠶᠢ ᠲᠣᠭᠲᠠᠭᠠᠬᠤ᠎ᠶᠢ ᠰᠦᠪᠡᠭᠴᠢᠯᠡᠨ᠎ᠡ;ᠬᠢᠯᠢ᠎ᠶᠢᠨ ᠭᠠᠳᠠᠨᠠᠬᠢ ᠪᠡᠯᠡ ᠣᠷᠣᠭᠤᠯᠤᠭᠴᠢ ᠠᠰᠢᠭ ᠣᠯᠵᠠᠪᠤᠷᠢ ᠬᠤᠪᠢᠶᠠᠷᠢᠯᠠᠬᠤ᠎ᠪᠠᠷ ᠰᠢᠭᠤᠳ ᠪᠡᠯᠡ ᠣᠷᠣᠭᠤᠯᠬᠤ ᠭᠠᠶ᠋ᠢᠯᠢ ᠲᠠᠲᠠᠪᠤᠷᠢ᠎ᠶᠢᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠠᠶ᠋ᠢᠳᠠᠪᠤᠷᠢᠵᠢᠭᠤᠯᠤᠨ᠎ᠠ;ᠭᠠᠳᠠᠭᠠᠳᠤ ᠪᠡᠯᠡ᠎ᠶᠢᠨ ᠰᠤᠳᠤᠯᠤᠨ ᠨᠡᠭᠡᠭᠡᠬᠦ᠌ ᠲᠥᠪ᠎ᠢ ᠳᠡᠮᠵᠢᠬᠦ᠌ ᠲᠦᠷᠦ᠎ᠶᠢᠨ ᠪᠤᠳᠤᠯᠭ᠎ᠠ᠎ᠶᠢ ᠲᠡᠭᠦᠯᠳᠡᠷᠵᠢᠭᠦᠯᠬᠦ ᠵᠡᠷᠭᠡ ᠵᠢ ᠲᠤᠳᠤᠷᠬᠠᠢᠯᠠᠪᠠ᠃
ᠲᠥᠰᠦᠯ᠎ᠳᠦ ᠪᠠᠰᠠ 《ᠳᠤᠮᠳᠠᠳᠤ ᠤᠯᠤᠰ᠎ᠲᠤ᠌ ᠪᠠᠯᠠ ᠣᠷᠣᠭᠤᠯᠬᠤ》 ᠲᠦᠷᠦᠯ ᠲᠡᠮᠳᠡᠭ᠎ᠦᠨ ᠠᠵᠢᠯᠯᠠᠭ᠎ᠠ᠎ᠶᠢ ᠠᠬᠢᠭᠤᠯᠬᠤ᠂ ᠭᠠᠳᠠᠭᠠᠳᠤ ᠪᠠᠯᠠ᠎ᠶᠢᠨ ᠲᠦᠷᠦᠯ ᠵᠦᠢᠯ᠎ᠢ ᠵᠢᠷᠤᠮᠵᠢᠭᠤᠯᠤᠨ ᠤᠷᠢᠵᠤ ᠠᠪᠴᠢᠷᠠᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠬᠦ᠌᠂ ᠭᠠᠳᠠᠭᠠᠳᠤ ᠪᠠᠯᠠ᠎ᠶᠢᠨ ᠠᠵᠤ ᠠᠬᠤᠶ᠋ᠢᠯᠠᠯ᠎ᠤᠨ ᠤᠯᠤᠰ ᠠᠷᠠᠳ᠎ᠤᠨ ᠬᠠᠷᠠᠭᠠᠯᠵᠠᠯ᠎ᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠬᠤ᠂ ᠭᠠᠳᠠᠭᠠᠳᠤ ᠪᠠᠯᠠ᠎ᠶᠢᠨ ᠠᠵᠤ ᠠᠬᠤᠶ᠋ᠢᠯᠠᠯ᠎ᠤᠨ ᠬᠡᠷᠡᠭᠯᠡᠭᠡ᠎ᠶᠢ ᠬᠥᠭᠵᠢᠭᠡᠬᠦ᠌ ᠠᠵᠢᠯᠯᠠᠭ᠎ᠠ᠎ᠳᠤ ᠣᠷᠣᠯᠴᠠᠬᠤ᠎ᠶᠢ ᠳᠡᠮᠵᠢᠬᠦ᠌᠂ ᠴᠢᠬᠤᠯᠠ ᠶᠡᠬᠡ ᠪᠠ ᠭᠤᠤᠯᠳᠠᠯᠭ᠎ᠠ᠎ᠲᠠᠶ ᠭᠠᠳᠠᠭᠠᠳᠤ ᠪᠠᠯᠠ᠎ᠶᠢᠨ ᠲᠦᠷᠦᠯ ᠵᠦᠢᠯ᠎ᠦᠨ ᠦᠢᠯᠡᠴᠢᠯᠡᠭᠡ ᠪᠠᠲᠤᠯᠠᠭ᠎ᠠ᠎ᠶᠢ ᠴᠢᠩᠭᠠᠳᠬᠠᠬᠤ ᠵᠡᠷᠭᠡ ᠲᠠᠯ᠎ᠠ᠎ᠪᠠᠷ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠳᠤᠷᠠᠳᠴᠠᠶ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)