ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠭᠤᠤᠯᠯᠠᠨ ᠡᠷᠬᠢᠯᠡᠭᠰᠡᠨ ᠠᠡᠭᠬᠠᠳᠤᠭᠠᠷ ᠬᠤᠭᠤᠴᠠᠭᠠᠨ ᠤ᠋ ᠮᠠᠯᠴᠢᠨ ᠲᠠᠷᠢᠶᠠᠴᠢᠨ ᠤ᠋ 《ᠲᠤᠰᠬᠤᠨ ᠤ᠋ ᠪᠦᠵᠢᠭ》 ᠤ᠋ᠨ ᠰᠤᠯᠢᠯᠴᠠᠭᠠᠨ ᠤ᠋ ᠠᠵᠢᠯᠯᠠᠭ᠎ᠠ ᠲᠦᠷᠦᠬᠦᠬᠡᠨ ᠬᠦᠭᠵᠢᠶᠡᠨᠲᠡᠢ ᠶᠠᠪᠤᠭᠳᠠᠵᠤ᠂ ᠪᠦᠬᠦ ᠤᠷᠤᠨ ᠤ᠋ 12 ᠠᠢᠮᠠᠭ ᠬᠤᠲᠠ ᠶ᠋ᠢᠨ ᠪᠦᠵᠢᠭ ᠲᠦ᠍ ᠪᠠᠬᠠᠲᠠᠢ ᠮᠠᠯᠴᠢᠨ ᠲᠠᠷᠢᠶᠠᠴᠢᠳ ᠨᠢᠬᠡ ᠲᠤᠤᠷ᠎ᠠ ᠴᠤᠭᠯᠠᠷᠠᠨ ᠤᠷ᠎ᠠ ᠠᠪᠢᠶᠠᠰ ᠶ᠋ᠢᠡᠨ ᠮᠦᠴᠡᠬᠡᠷᠬᠡᠵᠤ᠂ ᠪᠦᠬᠦ ᠤᠷᠤᠨ ᠤ᠋ ᠬᠦᠳᠡᠭᠡ ᠲᠤᠰᠬᠤᠨ ᠤ᠋ ᠰᠤᠶᠤᠯ ᠢ᠋ ᠬᠦᠭᠵᠢᠭᠦᠯᠦᠨ ᠮᠠᠨᠳᠤᠭᠤᠯᠬᠤ ᠳ᠋ᠦ ᠰᠢᠨ᠎ᠡ ᠬᠦᠳᠡᠯᠭᠡᠬᠦ ᠡᠨ᠋ᠸᠷᠬᠢ ᠨᠡᠮᠡᠷᠢᠯᠡᠪᠡ᠃
ᠲᠣᠰ ᠬᠤᠭᠤᠴᠠᠭᠠᠨ ᠤ᠋ ᠮᠠᠯᠴᠢᠨ ᠲᠠᠷᠢᠶᠠᠴᠢᠨ ᠤ᠋ 《ᠲᠣᠰᠬᠣᠨ ᠤ᠋ ᠪᠥᠵᠢᠭ》 ᠤ᠋ᠨ ᠰᠣᠯᠢᠯᠴᠠᠭᠠᠨ ᠤ᠋ ᠠᠵᠢᠯᠯᠠᠭ᠎ᠠ ᠪᠣᠯ ᠦᠪᠤᠷ ᠮᠤᠩᠭᠤᠯ ᠤ᠋ᠨ 2026 ᠣᠨ ᠤ᠋ 《ᠲᠣᠰᠬᠣᠨ》 ᠨᠡᠷᠡᠮᠵᠢᠲᠦ᠍ ᠰᠢᠷᠢᠰ ᠠᠵᠢᠯᠯᠠᠭ᠎ᠠ ᠶ᠋ᠢᠨ ᠴᠢᠬᠤᠯᠠ ᠨᠢᠭᠡ ᠠᠭᠤᠯᠭ᠎ᠠ ᠪᠣᠯᠤᠨ᠎ᠠ᠃ ᠠᠵᠢᠯᠯᠠᠭ᠎ᠠ ᠶ᠋ᠢᠨ ᠴᠢᠨᠠᠷ ᠰᠠᠶ᠋ᠢᠲᠠᠶ ᠶᠠᠪᠤᠭᠳᠠᠬᠤ ᠵᠢ ᠪᠠᠲᠤᠯᠠᠬᠤ ᠶ᠋ᠢᠨ ᠲᠥᠯᠥᠭᠡ ᠲᠤᠰᠬᠠᠢᠯᠠᠨ ᠮᠠᠯᠴᠢᠨ ᠲᠠᠷᠢᠶᠠᠴᠢᠨ ᠤ᠋ 《ᠲᠣᠰᠬᠣᠨ ᠤ᠋ ᠪᠥᠵᠢᠭ》 ᠤ᠋ᠨ ᠪᠤᠯᠪᠠᠰᠤᠷᠠᠯ ᠥᠷᠨᠢᠭᠦᠯᠵᠦ᠍᠂ ᠪᠥᠵᠢᠭ ᠤ᠋ᠨ ᠮᠡᠳᠡᠯᠭᠡ ᠵᠢ ᠲᠦᠭᠡᠮᠡᠯᠵᠢᠭᠦᠯᠦᠨ᠂ ᠲᠤᠰᠬᠠᠶ ᠤᠷ᠎ᠠ ᠮᠡᠷᠭᠡᠵᠢᠯ ᠢ᠋ ᠤᠯᠠᠮᠵᠢᠯᠠᠵᠤ᠂ ᠲᠣᠭᠯᠠᠯᠲᠠ ᠶ᠋ᠢᠨ ᠪᠦᠲᠦᠭᠡᠯ ᠢ᠋ ᠳᠠᠬᠢᠨ ᠳᠠᠪᠲᠠᠨ ᠪᠤᠯᠪᠠᠰᠤᠷᠠᠭᠤᠯᠵᠤ᠂ ᠮᠠᠯᠴᠢᠨ ᠲᠠᠷᠢᠶᠠᠴᠢᠨ ᠢ᠋ ᠬᠥᠳᠡᠭᠡ ᠲᠣᠰᠬᠣᠨ ᠤ᠋ ᠰᠣᠶᠣᠯ ᠤ᠋ᠨ 《ᠦᠵᠡᠭᠴᠢ》 ᠪᠠᠢᠭᠰᠠᠨ ᠡᠴᠡ 《ᠭᠤᠤᠯ ᠬᠦᠴᠦᠨ》 ᠪᠤᠯᠭᠠᠨ ᠬᠤᠪᠢᠷᠠᠭᠤᠯᠵᠤ᠂ ᠨᠢᠭᠡ ᠪᠦᠯᠦᠭ ᠰᠢᠯᠢᠳᠡᠭ ᠰᠠᠢᠨ 《ᠲᠤᠰᠬᠤᠨ ᠤ᠋ ᠪᠦᠵᠢᠭ》 ᠤ᠋ᠨ ᠪᠦᠲᠦᠭᠡᠯ ᠢ᠋ ᠨᠠᠢᠷᠠᠭᠤᠯᠤᠨ ᠵᠤᠬᠢᠶᠠᠪᠠ᠃
ᠠᠵᠢᠯᠯᠠᠭ᠎ᠠ ᠶ᠋ᠢᠨ ᠲᠤᠬᠠᠶ ᠶ᠋ᠢᠨ ᠲᠠᠯᠠᠪᠠᠶ ᠳ᠋ᠦ ᠪᠠᠰᠠ ᠣᠷᠣᠨ ᠨᠤᠲᠤᠭ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠲᠣᠭᠣᠷᠢᠭ᠂ ᠬᠠᠲᠤᠨ ᠭᠤᠤᠯ ᠤ᠋ᠨ ᠶᠡᠬᠡ ᠲᠤᠬᠤᠢ ᠶ᠋ᠢᠨ ᠤᠨᠴᠠᠯᠢᠬᠳᠤ ᠵᠠᠬ᠎ᠠ ᠳᠡᠯᠭᠡᠭᠦᠷ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠣᠶᠣᠯ ᠤ᠋ᠨ ᠪᠦᠳᠦᠬᠡᠯᠴᠢ ᠦᠢᠯᠡᠳᠬᠦᠨ ᠤ᠋ ᠦᠵᠡᠭᠦᠯᠭᠡ ᠵᠡᠷᠭᠡ ᠵᠢ ᠢᠵᠢ ᠪᠦᠷᠢᠳᠦᠭᠦᠯᠦᠨ ᠦᠷᠨᠢᠭᠦᠯᠪᠡ᠃ ᠪᠠᠰᠠ ᠨᠡᠭᠦᠳᠡᠯ ᠮᠠᠯᠵᠢᠯ ᠤ᠋ᠨ ᠣᠨᠴᠠᠯᠢᠭᠲᠤ᠌ ᠰᠠᠶ᠋ᠢᠨ ᠡᠳ᠋᠂ ᠬᠠᠲᠤᠨ ᠭᠤᠤᠯ ᠤ᠋ᠨ ᠰᠣᠶᠣᠯ ᠤ᠋ᠨ ᠪᠦᠳᠦᠬᠡᠯᠴᠢ ᠦᠢᠯᠡᠳᠬᠦᠨ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠤᠯᠤ ᠶ᠋ᠢᠨ ᠰᠡᠶ᠋ᠢᠯᠦᠮᠡᠯ ᠵᠡᠷᠭᠡ ᠣᠨᠴᠠ ᠭᠠᠷᠤᠯᠲᠠ ᠵᠢ ᠲᠥᠪᠯᠡᠷᠡᠭᠦᠯᠦᠨ ᠳᠡᠯᠭᠡᠵᠤ᠂ ᠮᠠᠨ ᠤ᠋ ᠤᠷᠤᠨ ᠤ᠋ ᠬᠥᠳᠡᠭᠡ ᠲᠣᠰᠬᠣᠨ ᠤ᠋ 《ᠮᠠᠯ ᠠᠵᠤ ᠠᠬᠤᠢ ᠲᠠᠷᠢᠶᠠᠯᠠᠩ ᠰᠣᠶᠣᠯ ᠵᠢᠭᠤᠯᠴᠢᠯᠠᠯ +》 ᠠᠵᠤ ᠦᠢᠯᠡᠰ ᠤ᠋ᠨ ᠠᠭᠤᠰᠤᠯᠴᠠᠨ ᠬᠥᠭᠵᠢᠭᠰᠡᠨ ᠦᠷ᠎ᠡ ᠪᠦᠲᠦᠭᠡᠯ ᠢ᠋ ᠪᠦᠬᠦ ᠲᠠᠯ᠎ᠠ ᠪᠡᠷ ᠬᠠᠷᠠᠭᠤᠯᠵᠤ᠂ ᠥᠷᠭᠡᠨ ᠣᠯᠠᠨ ᠳ᠋ᠦ ᠭᠣᠶ᠋ᠢᠳᠠ ᠰᠠᠶ᠋ᠢᠬᠠᠨ ᠦᠵᠡᠭᠦᠯᠭᠡ ᠰᠣᠨᠢᠷᠬᠠᠭᠤᠯᠬᠤ ᠶ᠋ᠢᠨ ᠬᠠᠮᠲᠤ᠌ 《ᠬᠥᠳᠡᠭᠡ ᠲᠣᠰᠬᠣᠨ ᠤ᠋ ᠴᠤᠭᠯᠠᠭ᠎ᠠ ᠮᠠᠶ᠋ᠢᠮᠠᠶ ᠪᠡᠷ ᠲᠤᠭᠤᠷᠢᠬᠤ᠂ ᠨᠤᠲᠤᠭ ᠤ᠋ᠨ ᠦᠨᠦᠷ ᠠᠮᠲᠠ ᠵᠢ ᠠᠮᠲᠠᠯᠠᠬᠤ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠰᠣᠨᠢᠷᠬᠠᠬᠤ᠂ ᠯᠤᠲᠤ᠌ ᠶᠡᠬᠡ ᠬᠤᠪᠢᠷᠠᠯᠲᠠ ᠵᠢ ᠪᠡᠶᠡᠴᠢᠯᠡᠨ ᠤᠢᠯᠠᠭᠠᠬᠤ》 ᠵᠢ ᠨᠢᠭᠡ ᠦᠷᠲᠡᠭᠡᠴᠢᠯᠡᠨ ᠬᠠᠩᠭᠠᠵᠤ᠂ ᠰᠢᠨ᠎ᠡ ᠴᠠᠭ ᠦᠶ᠎ᠡ ᠶ᠋ᠢᠨ ᠦᠪᠤᠷ ᠮᠤᠩᠭᠤᠯ ᠤ᠋ᠨ ᠡᠶ᠎ᠡ ᠨᠠᠢᠷᠠᠮᠳᠠᠭᠤ ᠬᠥᠳᠡᠭᠡ ᠲᠣᠰᠬᠣᠨ ᠤ᠋ ᠵᠣᠯ ᠵᠢᠷᠭᠠᠯᠲᠤ᠌ ᠠᠮᠢᠳᠤᠷᠠᠯ ᠢ᠋ ᠭᠦᠨᠵᠡᠭᠡᠶ ᠮᠡᠳᠡᠷᠡᠭᠦᠯᠪᠡ᠃