ᠦᠪᠦᠷ ᠮᠤᠩᠭᠤᠯ᠎ᠤᠨ ᠤᠯᠤᠰ ᠲᠥᠷᠥ᠎ᠶᠢᠨ ᠵᠥᠪᠯᠡᠯᠭᠡᠨ᠎ᠦ ᠪᠠᠢᠭᠤᠯᠭ᠎ᠠ ᠭᠠᠯ ᠰᠡᠷᠬᠡᠢᠯᠡᠵᠦ ᠭᠠᠯ ᠤᠨᠲᠠᠷᠠᠭᠠᠬᠤ ᠮᠡᠳᠡᠯᠭᠡ᠎ᠶᠢᠨ ᠲᠠᠢᠯᠤᠮᠵᠢ ᠵᠢᠴᠢ ᠪᠠᠴᠢᠮ ᠪᠠᠢᠳᠠᠯ᠎ᠢ ᠠᠷᠭᠠᠴᠡᠭᠠᠬᠤ ᠰᠣᠷᠢᠯᠲᠠ᠎ᠥᠷᠨᠢᠭᠦᠯᠪᠡ
2026-06-25 15:07:36
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠯᠤᠰ ᠲᠥᠷᠥ᠎ᠶᠢᠨ ᠵᠥᠪᠯᠡᠯᠭᠡᠨ᠎ᠦ ᠪᠠᠢᠭᠤᠯᠭ᠎ᠠ᠎ᠶᠢᠨ ᠺᠠᠳ᠋ᠷ ᠠᠵᠢᠯᠲᠠᠨ ᠠᠵᠢᠯᠴᠢᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠤᠬᠠᠮᠰᠠᠷ ᠪᠠ ᠪᠠᠴᠢᠮ ᠪᠠᠢᠳᠠᠯ᠎ᠢ ᠠᠷᠭᠠᠴᠡᠭᠠᠬᠤ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠬᠦ᠎ᠶᠢᠨ ᠲᠥᠯᠥᠭᠡ᠂ ᠤᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠪᠠᠢᠭᠤᠯᠭ᠎ᠠ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠲᠤᠰᠬᠠᠢ ᠰᠡᠳᠦᠪᠲᠦ ᠲᠠᠢᠯᠤᠮᠵᠢ ᠵᠢᠴᠢ ᠪᠠᠴᠢᠮ ᠪᠠᠢᠳᠠᠯ᠎ᠢ ᠠᠷᠭᠠᠴᠡᠭᠠᠬᠤ ᠰᠣᠷᠢᠯᠲᠠ᠎ᠶᠢ ᠵᠣᠬᠢᠶᠠᠨ ᠪᠠᠢᠭᠤᠯᠤᠨ ᠥᠷᠨᠢᠭᠦᠯᠪᠡ᠃

ᠲᠠᠢᠯᠤᠮᠵᠢ᠎ᠳᠡᠭᠡᠷ᠎ᠡ᠂ ᠬᠥᠬᠡᠬᠣᠲᠠ᠎ᠶᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠎ᠶᠢᠨ ᠰᠢᠨ᠎ᠡ ᠬᠣᠲᠠ ᠲᠣᠭᠣᠷᠢᠭ᠋᠎ᠤᠨ ᠶᠡᠬᠡ ᠠᠩᠭᠢ᠎ᠶᠢᠨ ᠵᠠᠩ ᠶᠤᠸᠠᠨ ᠨᠥᠬᠥᠷ ᠪᠠᠢᠭᠤᠯᠭ᠎ᠠ᠎ᠶᠢᠨ ᠡᠳᠦᠷ ᠲᠤᠲᠤᠮ᠎ᠤᠨ ᠭᠠᠯ ᠰᠡᠷᠭᠡᠢᠯᠡᠬᠦ᠂ ᠨᠡᠢᠲᠡᠯᠢᠭ ᠬᠡᠷᠡᠭ᠎ᠦᠨ ᠵᠢᠱ᠌ᠢᠶ᠎ᠡ᠂ ᠲᠠᠷᠬᠠᠭᠠᠨ ᠵᠠᠢᠯᠠᠭᠤᠯᠬᠤ ᠵᠢᠴᠢ ᠠᠮᠢ ᠵᠢᠭᠤᠲᠠᠨ ᠥᠪᠡᠷ᠎ᠢ᠎ᠪᠡᠨ ᠠᠪᠤᠷᠠᠬᠤ ᠵᠡᠷᠭᠡ ᠭᠠᠯ ᠰᠡᠷᠭᠡᠢᠯᠡᠵᠦ ᠭᠠᠯ ᠤᠨᠲᠠᠷᠠᠭᠠᠬᠤ ᠮᠡᠳᠡᠯᠭᠡ᠎ᠶᠢᠨ ᠲᠣᠭᠣᠷᠢᠨ᠎ᠳᠤ ᠤᠬᠠᠭᠤᠯᠤᠨ ᠲᠠᠢᠯᠪᠤᠷᠢᠯᠠᠪᠠ᠃ ᠲᠠᠢᠯᠤᠮᠵᠢ ᠳᠠᠭᠤᠰᠤᠭᠰᠠᠨ᠎ᠤ ᠳᠠᠷᠠᠭ᠎ᠠ ᠪᠥᠬᠥ ᠬᠥᠮᠥᠰ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠰᠣᠷᠢᠯᠲᠠ᠎ᠶᠢᠨ ᠠᠵᠢᠯᠯᠠᠭ᠎ᠠ᠎ᠳᠤ ᠤᠷᠤᠯᠴᠠᠵᠦ᠂ ᠭᠠᠯ ᠤᠨᠲᠠᠷᠠᠭᠠᠬᠴᠢ᠎ᠵᠢᠨ ᠲᠤᠰᠬᠠᠢ ᠵᠢᠯᠣᠭᠣᠳᠤᠯᠭ᠎ᠠ ᠳᠣᠣᠷ᠎ᠠ ᠺᠠᠳ᠋ᠷ ᠠᠵᠢᠯᠲᠠᠨ ᠠᠵᠢᠯᠴᠢᠨ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠤᠰᠤᠨ ᠬᠤᠭᠤᠯᠠᠢ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ᠎ᠤᠨ ᠵᠥᠪ ᠬᠡᠷᠡᠭᠯᠡᠬᠦ ᠠᠷᠭ᠎ᠠ ᠪᠠ ᠠᠵᠢᠯᠯᠠᠬᠤ ᠤᠷ᠎ᠠ ᠮᠡᠷᠭᠡᠵᠢᠯ᠎ᠢ ᠡᠵᠡᠮᠰᠢᠵᠦ᠂ ᠭᠠᠯ᠎ᠤᠨ ᠠᠶᠤᠯ᠎ᠤᠨ ᠠᠬᠤᠢ ᠲᠠᠯᠠᠪᠠᠶ ᠡᠴᠡ ᠠᠮᠢ ᠵᠢᠭᠤᠲᠠᠬᠤ ᠤᠷ᠎ᠠ ᠴᠢᠳᠠᠪᠤᠷᠢ᠎ᠶᠢ ᠪᠡᠶᠡᠴᠢᠯᠡᠨ ᠣᠢᠯᠠᠭᠠᠪᠠ᠃ ᠪᠦᠬᠦᠶ᠋ᠢᠯᠡ ᠰᠣᠷᠢᠯᠲᠠ᠎ᠶᠢᠨ ᠶᠠᠪᠤᠴᠠ ᠨᠢ ᠪᠠᠴᠢᠮ ᠪᠥᠭᠡᠳ ᠡᠮᠬᠢ ᠵᠢᠷᠤᠮ᠎ᠲᠠᠢ ᠪᠠᠢᠵᠤ᠂ ᠵᠢᠱ᠌ᠢᠭᠰᠡᠨ ᠦᠷ᠎ᠡ ᠪᠦᠲᠦᠮᠵᠢ᠎ᠳᠡᠭᠡᠨ ᠬᠦᠷᠦᠭᠰᠡᠨ ᠪᠠᠢᠨ᠎ᠠ᠃

ᠲᠣᠰ ᠤᠳᠠᠭᠠᠨ᠎ᠤ ᠠᠵᠢᠯᠯᠠᠭ᠎ᠠ᠎ᠪᠠᠷ ᠳᠡᠮᠵᠢᠨ ᠪᠠᠢᠭᠤᠯᠭ᠎ᠠ᠎ᠶᠢᠨ ᠺᠠᠳ᠋ᠷ ᠠᠵᠢᠯᠲᠠᠨ ᠠᠵᠢᠯᠴᠢᠨ᠎ᠤ ᠭᠠᠯ ᠰᠡᠷᠭᠡᠢᠯᠡᠯᠲᠡ᠎ᠶᠢᠨ ᠠᠮᠤᠷ ᠲᠦᠪᠰᠢᠨ᠎ᠦ ᠤᠬᠠᠮᠰᠠᠷ ᠵᠢᠴᠢ ᠪᠠᠴᠢᠮ ᠪᠠᠢᠳᠠᠯ᠎ᠢ ᠠᠷᠭᠠᠴᠡᠭᠠᠨ ᠭᠡᠨᠡᠳᠲᠡ᠎ᠶᠢᠨ ᠬᠡᠷᠡᠭ᠎ᠢ ᠰᠢᠢᠳᠪᠦᠷᠢᠯᠡᠬᠦ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠯᠠᠨ᠎ᠢᠶᠠᠷ᠎ᠢᠶᠠᠨ 《ᠠᠮᠤᠷ ᠲᠦᠪᠰᠢᠨ᠎ᠦ ᠬᠠᠷᠢᠭᠤᠴᠠᠯᠭ᠎ᠠ ᠲᠠᠢᠱᠠᠨ ᠠᠭᠤᠯᠠᠨ᠎ᠡᠴᠡ ᠬᠦᠨᠳᠦ》 ᠭᠡᠳᠡᠭ᠎ᠢ ᠭᠦᠨᠵᠡᠭᠡᠢ ᠲᠠᠨᠢᠵᠤ᠂ ᠬᠣᠢᠰᠢᠳᠠ᠎ᠶᠢᠨ ᠠᠵᠢᠯ ᠠᠮᠢᠳᠤᠷᠠᠯ ᠳᠤᠮᠳᠠ᠎ᠪᠠᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠬᠦᠪᠴᠢ᠎ᠵᠢ ᠴᠠᠭ ᠢᠮᠠᠭᠲᠠ ᠴᠢᠩᠭᠠᠯᠠᠵᠤ᠂ ᠡᠯ᠎ᠡ ᠲᠥᠷᠥᠯ᠎ᠦᠨ ᠭᠠᠯ᠎ᠤᠨ ᠭᠠᠮᠰᠢᠭ᠋᠎ᠤᠨ ᠬᠡᠮ ᠰᠣᠭᠣᠭ᠎ᠢ ᠨᠠᠷᠢᠨ ᠬᠢᠨᠠᠮᠠᠭᠠᠢ ᠵᠢᠭ᠍ᠰᠠᠭᠠᠨ ᠪᠠᠢᠴᠠᠭᠠᠵᠤ᠂ ᠪᠠᠢᠭᠤᠯᠭ᠎ᠠ᠎ᠶᠢᠨ ᠠᠯᠪᠠᠯᠠᠬᠤ ᠠᠮᠤᠷ ᠲᠦᠪᠰᠢᠨ ᠪᠠ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠥᠬᠥ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠨ᠎ᠠ ᠭᠡᠵᠦ ᠢᠯᠡᠳᠬᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号