《ᠦᠶ᠋ᠯᠡᠰ ᠪᠤᠰᠬᠠᠵᠤ ᠢᠷᠡᠭᠡᠳᠦᠶ ᠪᠠᠨ ᠴᠤᠭᠴᠠᠯᠠᠬᠤ》 2026 ᠤᠨ ᠤ᠋ ᠦᠶ᠋ᠯᠡᠰ ᠪᠤᠰᠬᠠᠬᠤ ᠤᠷᠤᠯᠳᠤᠭᠠᠨ᠎ᠤ ᠥᠪᠥᠷ ᠮᠣᠩᠭᠣᠯ᠎ᠤᠨ ᠱᠢᠯᠭᠠᠷᠠᠭᠤᠯᠤᠯᠲᠠ᠎ᠵᠢᠨ ᠤᠷᠤᠯᠳᠤᠭᠠᠨ ᠳ᠋ᠤ 1167 ᠲᠥᠷᠥᠯ ᠵᠦᠶ᠋ᠯ ᠦᠷᠢᠰᠤᠯᠲᠤᠨ᠎ᠠ
2026-06-25 15:09:36
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠡᠴᠡ ᠣᠢᠯᠠᠭᠠᠭ᠍ᠰᠠᠨ ᠶ᠋ᠢᠡᠷ᠂ ᠡᠨᠡ ᠵᠢᠯ᠎ᠦᠨ 6 ᠰᠠᠷ᠎ᠠ᠎ᠶ᠋ᠢᠨ 25᠎ᠤ᠋ ᠡᠳᠦᠷ ᠡᠬᠢᠯᠡᠬᠦ 《ᠦᠶ᠋ᠯᠡᠰ ᠪᠤᠰᠬᠠᠵᠤ ᠢᠷᠡᠭᠡᠳᠦᠶ ᠪᠠᠨ ᠴᠤᠭᠴᠠᠯᠠᠬᠤ》 2026 ᠤᠨ ᠤ᠋ ᠦᠶ᠋ᠯᠡᠰ ᠪᠤᠰᠬᠠᠬᠤ ᠤᠷᠤᠯᠳᠤᠭᠠᠨ ᠵᠢᠴᠢ 《ᠣᠷᠳᠣᠰ ᠬᠤᠨᠳᠠᠭᠠᠲᠤ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶ᠋ᠯᠡᠰ ᠪᠤᠰᠬᠠᠬᠤ ᠤᠷᠤᠯᠳᠤᠭᠠᠨ ᠲᠦᠷᠦᠭᠦᠬᠡᠨ ᠬᠢᠷᠢ ᠬᠡᠮ᠎ᠤᠨ ᠬᠢᠨᠠᠨ ᠬᠠᠷᠭᠤᠭᠤᠯᠤᠯᠳᠠ᠎ᠶ᠋ᠢ ᠪᠡᠶᠡᠯᠡᠭᠦᠯᠵᠦ᠍᠂ 1167 ᠲᠥᠷᠥᠯ ᠵᠦᠶ᠋ᠯ ᠲᠣᠰ ᠤᠳᠠᠭᠠᠨ᠎ᠤ ᠤᠷᠤᠯᠳᠤᠭᠠᠨ᠎ᠳᠤ ᠣᠷᠣᠯᠴᠠᠬᠤ ᠪᠣᠯᠤᠨ᠎ᠠ᠃

ᠲᠣᠰ ᠤᠳᠠᠭᠠᠨ᠎ᠤ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠡᠴᠡ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ᠂ ᠣᠷᠳᠣᠰ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠡᠴᠡ ᠳᠠᠭᠠᠭᠠᠴᠢᠯᠠᠨ ᠡᠷᠭᠢᠯᠡᠵᠦ᠍᠂ 《4+1》 ᠤᠷᠤᠯᠳᠤᠭᠠᠨ᠎ᠤ ᠲᠦᠷᠢᠮ᠎ᠢ ᠬᠡᠷᠡᠭ᠌ᠯᠡᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ + ᠦᠶ᠋ᠯᠡᠰ ᠪᠤᠰᠬᠠᠬᠤ᠂ ᠠᠵᠤ ᠦᠶ᠋ᠯᠡᠰ᠎ᠦᠨ ᠬᠥᠭ᠌ᠵᠢᠯᠲᠡ + ᠦᠶ᠋ᠯᠡᠰ ᠪᠤᠰᠬᠠᠬᠤ᠂ ᠲᠤᠬᠠᠢᠯᠠᠭᠰᠠᠨ ᠠᠵᠢᠯ ᠤ᠋ᠨ ᠤᠷ᠎ᠠ ᠮᠡᠷᠬᠡᠵᠢᠯ + ᠦᠶ᠋ᠯᠡᠰ ᠪᠤᠰᠬᠠᠬᠤ᠂ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ + ᠦᠶ᠋ᠯᠡᠰ ᠪᠤᠰᠬᠠᠬᠤ 4 ᠭᠤᠤᠯ ᠴᠣᠭ᠍ᠴᠠ᠎ᠶ᠋ᠢᠨ ᠤᠷᠤᠯᠳᠤᠭᠠᠨ ᠵᠢᠴᠢ ᠵᠠᠯᠠᠭᠤᠴᠤᠳ᠎ᠤᠨ ᠱᠢᠨ᠎ᠡ᠎ᠶ᠋ᠢ ᠡᠭᠦᠳᠬᠦ᠌ ᠲᠤᠰᠭᠠᠶ ᠲᠥᠷᠥᠯ᠎ᠦᠨ ᠤᠷᠤᠯᠳᠤᠭᠠᠨ᠎ᠢ ᠪᠠᠭ᠍ᠲᠠᠭᠠᠵᠤ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢᠨ ᠦᠶ᠋ᠯᠡᠰ ᠪᠤᠰᠬᠠᠬᠤ ᠲᠥᠷᠥᠯ ᠵᠦᠶ᠋ᠯ᠎ᠢ ᠬᠠᠮᠤᠷᠴᠤ᠌᠂ ᠱᠢᠨ᠎ᠡ᠎ᠶ᠋ᠢ ᠡᠭᠦᠳᠦᠨ ᠦᠶ᠋ᠯᠡᠰ ᠪᠤᠰᠬᠠᠬᠤ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠷᠢᠯᠢᠭ ᠤᠨᠤᠴᠠᠲᠠᠢ᠎ᠪᠠᠷ ᠵᠣᠯᠭᠠᠭᠤᠯᠵᠤ᠂ ᠲᠦᠷᠦᠯ ᠵᠦᠢᠯ᠎ᠢ ᠨᠠᠢᠲᠠᠪᠤᠷᠢᠵᠢᠭᠤᠯᠬᠤ᠂ ᠡᠬᠢ ᠪᠠᠶᠠᠯᠢᠭ᠎ᠢ ᠵᠤᠯᠭᠠᠭᠤᠯᠬᠤ ᠳ᠋ᠤ ᠬᠦᠴᠤᠲᠠᠢ ᠲᠤᠯᠭᠠᠭᠤᠷᠢᠯᠠᠯ ᠬᠠᠡᠭᠭᠠᠨ᠎ᠠ᠃

ᠲᠣᠰ ᠤᠳᠠᠭᠠᠨ᠎ᠤ ᠤᠷᠤᠯᠳᠤᠭᠠᠨ᠎ᠳᠤ ᠪᠥᠬᠥ᠌ ᠣᠷᠣᠨ᠎ᠤ ᠥᠷᠭᠡᠨ ᠣᠯᠠᠨ ᠦᠶ᠋ᠯᠡᠰ ᠪᠤᠰᠬᠠᠭᠴᠢᠳ ᠢᠳᠡᠪᠬᠢᠲᠡᠶ ᠣᠷᠣᠯᠴᠠᠵᠤ᠂ ᠳᠡᠭᠡᠷ᠎ᠡ ᠬᠤᠭᠤᠴᠠᠭᠠᠨ᠎ᠤ ᠤᠷᠤᠯᠳᠤᠭᠠᠨ᠎ᠡᠴᠡ 753 ᠲᠥᠷᠥᠯ ᠵᠦᠶ᠋ᠯ ᠨᠡᠮᠡᠭ᠌ᠳᠡᠨ᠂ ᠨᠡᠮᠡᠭ᠌ᠳᠡᠯ᠎ᠦᠨ ᠬᠡᠮᠵᠢᠶ᠎ᠡ᠎ᠨᠢ 70%᠎ᠳ᠋ᠤ ᠬᠦᠷᠴᠡᠶ᠃ ᠤᠷᠤᠯᠳᠤᠭᠠᠨ᠎ᠳᠤ ᠣᠷᠣᠯᠴᠠᠭ᠍ᠰᠠᠨ ᠲᠥᠷᠥᠯ ᠵᠦᠶ᠋ᠯ᠎ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠰᠤᠳᠤᠯᠤᠨ ᠨᠡᠭᠡᠭᠡᠬᠦ᠌᠂ ᠲᠡᠷᠢᠭᠦᠨ᠎ᠦ ᠦᠶ᠋ᠯᠡᠳᠬᠦ᠌ ᠦᠶ᠋ᠯᠡᠰ᠂ ᠣᠲᠣ ᠦᠶ᠎ᠡ᠎ᠶ᠋ᠢᠨ ᠲᠠᠷᠢᠶᠠᠯᠠᠩ᠂ ᠰᠣᠶᠣᠯ ᠵᠢᠭᠤᠯᠴᠢᠯᠠᠯ᠎ᠤᠨ ᠡᠭᠦᠳᠦᠯᠲᠡ᠂ ᠡᠮᠴᠢᠯᠡᠭᠡ ᠡᠷᠡᠭᠦᠯᠵᠢᠯ ᠰᠤᠪᠢᠯᠠᠯᠲᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ ᠵᠡᠷᠭᠡ ᠣᠯᠠᠨ ᠬᠦᠷᠢᠶ᠎ᠡ᠎ᠶ᠋ᠢ ᠬᠠᠮᠤᠷᠴᠤ᠌᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠴᠢᠭ᠌ᠯᠡᠯ᠎ᠲᠡᠶ ᠨᠡᠢᠴᠡᠵᠦ᠍᠂ ᠱᠢᠨ᠎ᠡ᠎ᠶ᠋ᠢ ᠡᠭᠦᠳᠬᠦ᠌ ᠴᠢᠨᠠᠷ ᠪᠠ ᠬᠡᠷᠡᠭ᠌ᠯᠡᠭᠡᠨ᠎ᠦ ᠴᠢᠨᠠᠷ ᠲᠠᠢ ᠪᠠᠢᠵᠤ᠂ ᠮᠠᠨ᠎ᠤ ᠣᠷᠣᠨ᠎ᠤ ᠱᠢᠨ᠎ᠡ᠎ᠶ᠋ᠢ ᠡᠭᠦᠳᠦᠨ ᠦᠶ᠋ᠯᠡᠰ ᠪᠤᠰᠬᠠᠬᠤ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠪᠠ ᠰᠠᠢᠨ ᠰᠠᠢᠬᠠᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠭᠦᠶ᠋ᠴᠡᠳ ᠢᠯᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号