ᠬᠥᠬᠡᠬᠣᠲᠠ ᠵᠢᠨ ᠬᠢᠨ ᠶᠡᠬᠡ ᠳᠡᠭᠡᠳᠦ ᠰᠤᠷᠭᠠᠭᠤᠯᠢ ᠳ᠋ᠤ ᠨᠡᠷ᠎ᠡ ᠮᠡᠳᠡᠭᠦᠯᠬᠦ᠌ ᠦᠢᠯᠡᠴᠢᠯᠡᠭᠡᠨ ᠤ᠋ ᠪᠠᠢᠭᠤᠯᠤᠮᠵᠢ ᠎ᠳ᠋ᠤ ᠲᠤᠰᠭᠠᠶ ᠪᠠᠢᠴᠠᠭᠠᠯᠲᠠ ᠦᠷᠨᠢᠬᠦᠯᠪᠠ
2026-06-25 11:52:19
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠶᠡᠬᠡ ᠳᠡᠭᠡᠳᠦ ᠰᠤᠷᠭᠠᠭᠤᠯᠢ ᠶ᠋ᠢᠨ ᠤᠯᠤᠰ ᠤ᠋ᠨ ᠨᠢᠭᠡᠳᠦᠯᠲᠡᠢ ᠱᠢᠯᠭᠠᠯᠲᠠ ᠳ᠋ᠤ ᠬᠣᠯᠪᠣᠭ᠍ᠳᠠᠬᠤ ᠦᠶ᠋ᠯᠡᠴᠢᠯᠡᠭᠡᠨ ᠤ᠋ ᠵᠠᠬ᠎ᠠ ᠳᠡᠯᠭᠡᠭᠦᠷ ᠢ᠋ ᠵᠢᠷᠤᠮᠵᠢᠭᠤᠯᠬᠤ ᠶ᠋ᠢᠨ ᠲᠥᠯᠥᠭᠡ ᠣᠢᠷ᠎ᠠ ᠳ᠋ᠤ ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠠᠵᠢᠯ ᠲᠥᠷᠥᠯ ᠤ᠋ᠨ ᠵᠠᠭᠠᠯᠳᠤᠯᠭ᠎ᠠ ᠣᠯᠠᠨ ᠲᠦᠪᠯᠡᠷᠡᠭᠰᠡᠨ ᠠᠰᠠᠭᠤᠳᠠᠯ ᠢ᠋ ᠴᠢᠩᠭ᠎ᠠ ᠠᠩᠬᠠᠷᠴᠤ᠂ ᠪᠥᠬᠥ᠌ ᠬᠣᠲᠠ ᠶ᠋ᠢᠨ ᠶᠡᠬᠡ ᠳᠡᠭᠡᠳᠦ ᠰᠤᠷᠭᠠᠭᠤᠯᠢ ᠳ᠋ᠤ ᠨᠡᠷ᠎ᠡ ᠮᠡᠳᠡᠭᠦᠯᠬᠦ᠌ ᠦᠢᠯᠡᠴᠢᠯᠡᠭᠡᠨ ᠤ᠋ ᠪᠠᠢᠭᠤᠯᠤᠮᠵᠢ ᠳ᠋ᠤ ᠲᠤᠰᠭᠠᠶ ᠪᠠᠢᠴᠠᠭᠠᠯᠲᠠ ᠥᠷᠨᠢᠭᠦᠯᠪᠠ᠃

ᠲᠣᠰ ᠤᠳᠠᠭᠠᠨ ᠤ᠋ ᠪᠠᠢᠴᠠᠭᠠᠯᠲᠠ ᠳ᠋ᠤ ᠠᠵᠢᠯᠯᠠᠬᠤ ᠠᠰᠠᠷ᠂ ᠬᠤᠳᠠᠯᠳᠤᠭᠠᠨ ᠤ᠋ ᠲᠣᠭᠣᠷᠢᠭ᠂ ᠰᠤᠷᠭᠠᠭᠤᠯᠢ ᠶ᠋ᠢᠨ ᠬᠦᠷᠢᠶᠡᠨ ᠤ᠋ ᠡᠷᠬᠢᠨ ᠲᠣᠭᠣᠷᠢᠨ ᠵᠡᠷᠭᠡ ᠪᠠᠢᠭᠤᠯᠤᠮᠵᠢ ᠲᠥᠪᠯᠡᠷᠡᠭ᠌ᠰᠡᠨ ᠣᠷᠣᠨ ᠪᠦᠰᠡ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠪᠤᠳᠠᠳᠤ ᠳᠡᠯᠭᠡᠭᠦᠷ ᠪᠠ ᠣᠬᠣᠷ ᠸᠢᠳᠢᠣ᠋᠂ ᠨᠠᠢᠵᠠ ᠶ᠋ᠢᠨ ᠲᠣᠭᠣᠷᠢᠭ ᠤ᠋ᠨ ᠵᠠᠷ ᠮᠡᠳᠡᠭᠡ ᠵᠡᠷᠭᠡ ᠰᠦᠯᠵᠢᠶᠡᠨ ᠳᠡᠭᠡᠷᠡᠬᠢ ᠡᠵᠡᠩᠨᠡᠯᠲᠡ ᠶ᠋ᠢᠨ ᠪᠠᠢᠳᠠᠯ ᠢ᠋ ᠬᠠᠮᠤᠷᠤᠭ᠍ᠰᠠᠨ ᠪᠠᠢᠨ᠎ᠠ᠃ 《ᠪᠠᠲᠤᠯᠠᠭ᠎ᠠ ᠲᠠᠢ ᠡᠯᠰᠡᠭᠳᠡᠬᠦ》 ᠵᠡᠷᠭᠡ ᠬᠤᠳᠠᠯ ᠬᠠᠭᠤᠷᠮᠠᠭ ᠤᠬᠠᠭᠤᠯᠭ᠎ᠠ ᠵᠢ ᠭᠤᠤᠯᠳᠠᠯᠭ᠎ᠠ ᠲᠠᠢ ᠴᠢᠩᠭ᠎ᠠ ᠪᠠᠢᠴᠠᠭᠠᠵᠤ᠂ ᠰᠣᠷᠣᠭ᠍ᠴᠢ ᠡᠯᠰᠡᠬᠦ᠌ ᠲᠣᠭ᠎ᠠ ᠪᠠᠷᠢᠮᠲᠠ ᠵᠢ ᠬᠤᠳᠠᠯ ᠢ᠋ᠶ᠋ᠡᠷ ᠵᠣᠬᠢᠶᠠᠬᠤ ᠵᠡᠷᠭᠡ ᠪᠤᠷᠤᠭᠤ ᠪᠡᠷ ᠵᠢᠯᠣᠭᠣᠳᠭᠤ ᠴᠢᠨᠠᠷᠲᠠᠶ ᠠᠵᠢᠯᠯᠠᠭ᠎ᠠ ᠵᠢ ᠴᠡᠭ᠌ᠴᠡᠯᠡᠨ ᠵᠠᠰᠠᠵᠤ᠂ ᠡᠵᠡᠨᠭᠨᠡᠯᠲᠡ ᠶ᠋ᠢᠨ ᠦᠨᠡᠮᠯᠡᠯ ᠥᠬᠡᠶ᠂ ᠬᠡᠪᠴᠢᠶ᠎ᠡ᠎ᠡᠴᠡ ᠬᠡᠲᠦᠷᠡᠭᠦᠯᠦᠨ ᠡᠵᠡᠩᠨᠡᠬᠦ᠌ ᠵᠢ ᠵᠢᠬᠰᠠᠭᠠᠨ ᠪᠠᠢᠴᠠᠭᠠᠪᠠ᠃

ᠬᠠᠤᠯᠢ ᠬᠡᠷᠡᠭ᠌ᠵᠢᠭᠦᠯᠬᠦ᠌ ᠠᠵᠢᠯᠲᠠᠨ ᠲᠤᠬᠠᠶ ᠶ᠋ᠢᠨ ᠲᠠᠯᠠᠪᠠᠶ ᠳ᠋ᠤ ᠬᠢᠷᠢ ᠬᠡᠮ᠂ ᠤᠬᠠᠭᠤᠯᠭ᠎ᠠ ᠶ᠋ᠢᠨ ᠠᠭᠤᠯᠭ᠎ᠠ ᠵᠢ ᠬᠢᠨᠠᠨ ᠪᠠᠢᠴᠠᠭᠠᠵᠤ᠂ ᠡᠵᠡᠩᠨᠡᠯᠲᠡ ᠶ᠋ᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠶ᠋ᠢᠨ ᠬᠠᠮᠲᠤ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ ᠢ᠋ ᠲᠦᠭᠡᠮᠡᠯᠵᠢᠭᠦᠯᠪᠡ᠃ ᠲᠣᠭ᠍ᠲᠠᠭᠠᠯ ᠡᠴᠡ ᠵᠥᠷᠢᠴᠡᠭ᠌ᠰᠡᠨ ᠬᠥᠩᠭᠡᠪᠲᠦᠷ ᠠᠰᠠᠭᠤᠳᠠᠯ ᠢ᠋ ᠲᠤᠬᠠᠶ ᠶ᠋ᠢᠨ ᠲᠠᠯᠠᠪᠤᠷ ᠲᠤᠨᠢ ᠴᠡᠭ᠌ᠴᠡᠯᠡᠨ ᠰᠠᠢᠵᠢᠷᠠᠭᠤᠯᠵᠤ᠂ ᠬᠤᠳᠠᠯ ᠬᠠᠭᠤᠷᠮᠠᠭ ᠢ᠋ᠶ᠋ᠡᠷ ᠤᠬᠠᠭᠤᠯᠬᠤ ᠵᠡᠷᠭᠡ ᠬᠦᠨᠳᠦ ᠨᠣᠴᠢᠲᠠᠶ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠵᠢ ᠬᠡᠷᠡᠭ ᠪᠣᠯᠭᠠᠨ ᠳᠡᠩᠰᠡᠯᠡᠵᠦ᠍ ᠪᠠᠢᠴᠠᠭᠠᠨ ᠱᠢᠶ᠋ᠳᠪᠦᠷᠢᠯᠡᠵᠦ᠍᠂ ᠲᠣᠭ᠍ᠲᠠᠭᠠᠯ ᠡᠴᠡ ᠵᠥᠷᠢᠴᠡᠭ᠌ᠰᠡᠨ ᠪᠠᠢᠭᠤᠯᠤᠮᠵᠢ ᠵᠢ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠡᠷᠡᠰ ᠲᠦ᠍ ᠣᠷᠣᠭᠤᠯᠪᠠ᠃ ᠡᠭᠦᠨ ᠤ᠋ ᠬᠠᠮᠲᠤ ᠠᠵᠢᠯ ᠲᠥᠷᠥᠯ ᠤ᠋ᠨ ᠡᠵᠡᠩᠨᠡᠯᠲᠡ ᠶ᠋ᠢᠨ ᠤᠯᠠᠭᠠᠨ ᠱᠤᠭᠤᠮ ᠢ᠋ ᠲᠣᠳᠣᠷᠬᠠᠢᠯᠠᠵᠤ᠂ ᠰᠣᠷᠣᠭ᠍ᠴᠢ ᠡᠯᠰᠡᠬᠦ᠌ ᠲᠤᠬᠠᠢ ᠳᠣᠲᠣᠭᠠᠳᠤ ᠪᠠᠢᠳᠠᠯ ᠢ᠋ ᠬᠤᠳᠠᠯ ᠢ᠋ᠶ᠋ᠡᠷ ᠵᠣᠬᠢᠶᠠᠬᠤ᠂ ᠪᠠᠲᠤᠯᠠᠨ ᠡᠯᠰᠡᠬᠦ᠌ ᠠᠮᠠᠯᠠᠯᠲᠠ ᠬᠢᠬᠦ᠌ ᠵᠡᠷᠭᠡ ᠡᠵᠡᠩᠨᠡᠨ ᠪᠣᠷᠣᠯᠠᠭᠤᠯᠬᠤ ᠠᠷᠭ᠎ᠠ ᠵᠢ ᠴᠢᠩᠭ᠎ᠠ ᠴᠠᠭᠠᠵᠠᠯᠠᠵᠤ ᠪᠠᠢᠨ᠎ᠠ᠃

ᠥᠷᠭᠡᠨ ᠣᠯᠠᠨ ᠱᠢᠯᠭᠠᠭᠤᠯᠤᠭ᠍ᠴᠢ ᠪᠠ ᠬᠡᠷ ᠤ᠋ᠨ ᠠᠬᠠᠮᠠᠳ ᠥᠪᠥᠷ ᠮᠣᠩᠭᠣᠯ ᠤ᠋ᠨ ᠰᠤᠷᠭᠠᠨ ᠬᠥᠮᠦᠵᠢᠯ ᠤ᠋ᠨ ᠰᠤᠷᠤᠬᠴᠢ ᠡᠯᠰᠡᠬᠦ ᠱᠢᠯᠭᠠᠯᠲᠠ ᠶ᠋ᠢᠨ ᠬᠦᠷᠢᠶᠡᠯᠡᠩ ᠤ᠋ᠨ ᠠᠯᠪᠠᠨ ᠲᠠᠪᠴᠠᠩ ᠢ᠋ᠶ᠋ᠡᠷ ᠳᠠᠮᠵᠢᠭᠤᠯᠤᠨ ᠨᠡᠷ᠎ᠡ ᠮᠡᠳᠡᠭᠦᠯᠬᠦ᠌ ᠲᠤᠬᠠᠢᠯᠠᠭ᠍ᠰᠠᠨ ᠠᠵᠢᠯ ᠢ᠋ ᠭᠦᠶ᠋ᠴᠡᠳᠭᠡᠵᠦ᠍᠂ ᠬᠠᠮᠢᠶ᠎ᠠ ᠪᠦᠬᠦᠢ ᠪᠠᠢᠭᠤᠯᠤᠮᠵᠢ ᠶ᠋ᠢᠨ ᠬᠤᠳᠠᠯ ᠬᠠᠭᠤᠷᠮᠠᠭ ᠠᠮᠠᠯᠠᠯᠲᠠ ᠵᠢ ᠠᠮᠠᠷᠬᠠᠨ ᠢᠲᠡᠭᠡᠵᠦ᠍ ᠪᠣᠯᠬᠤ ᠥᠬᠡᠶ᠂ ᠬᠡᠷᠡᠭ᠌ᠯᠡᠭᠡᠨ ᠤ᠋ ᠵᠠᠭᠤᠷᠠᠯᠳᠤᠭᠠᠨ ᠭᠠᠷᠪᠠᠯ 12315 ᠬᠠᠯᠠᠮᠱᠢᠯ ᠤᠲᠠᠰᠤ ᠵᠢ ᠤᠲᠠᠰᠤᠳᠠᠵᠤ ᠡᠷᠬᠡ ᠪᠠᠨ ᠬᠠᠮᠠᠭᠠᠯᠠᠵᠤ ᠪᠣᠯᠤᠨ᠎ᠠ ᠭᠡᠵᠦ᠍ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠡᠴᠡ ᠰᠠᠨᠠᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号