ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠥᠷᠥᠯ ᠵᠦᠢᠯ᠎ᠢ ᠪᠥᠬᠥ ᠠᠷᠠᠳ᠎ᠲᠸ᠋ ᠲᠠᠨᠢᠯᠴᠠᠭᠤᠯᠬᠤ ᠠᠵᠢᠯᠯᠠᠭ᠎ᠠ ᠰᠤᠷᠭᠠᠭᠤᠯᠢ᠎ᠶᠢᠨ ᠬᠦᠷᠢᠶᠡᠨ ᠳ᠋ᠤ ᠤᠷᠤᠵᠡᠢ
2026-06-26 10:05:56
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ 《ᠪᠤᠳᠠᠰ᠎ᠤᠨ ᠪᠤᠰᠤ ᠰᠤᠶᠤᠯ᠎ᠤᠨ ᠦᠪ ᠵᠠᠯᠠᠭᠤᠴᠤᠳ᠎ᠤᠨ ᠳᠤᠮᠳᠠ》 — ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ᠎ᠢ ᠪᠦᠬᠦ ᠠᠷᠠᠳ ᠲᠸ᠋ ᠲᠠᠨᠢᠯᠴᠠᠭᠤᠯᠬᠤ ᠠᠵᠢᠯᠯᠠᠭ᠎ᠠ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠶᠠᠪᠤᠭᠳᠠᠪᠠ᠃

ᠠᠵᠢᠯᠯᠠᠭ᠎ᠠ ᠨᠢ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠂ ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠯ᠎ᠤᠨ ᠳᠠᠪᠠᠭᠤᠯᠢᠭ᠋᠎ᠲᠤ ᠲᠦᠰᠢᠭᠯᠡᠨ 《ᠲᠠᠢᠰᠠᠨ᠎ᠤ ᠦᠵᠡᠭᠦᠯᠭᠡ ᠵᠢᠨ ᠲᠣᠭᠯᠠᠯᠲᠠ + ᠪᠡᠶᠡᠴᠢᠯᠡᠨ ᠣᠢᠯᠠᠭᠠᠬᠤ ᠶᠡᠷᠦᠩᠬᠡᠢᠯᠡᠭᠰᠡᠨ ᠲᠤᠭᠤᠷᠢᠭ》᠎ᠤ᠋ᠨ ᠵᠠᠭᠪᠤᠷ ᠵᠢᠡᠷ ᠶᠠᠪᠤᠭᠳᠠᠵᠠᠢ᠃ ᠲᠠᠢᠰᠠᠨ᠎ᠤ ᠦᠵᠡᠬᠦᠯᠬᠡ ᠵᠢᠨ ᠲᠣᠭᠣᠷᠢᠭ᠋᠎ᠲᠤ ᠮᠣᠷᠢᠨ ᠬᠤᠭᠤᠷ᠂ ᠬᠦᠬᠡᠮᠡᠢ᠂ ᠡᠯ ᠷᠧᠨ ᠲᠠᠢ ᠵᠡᠷᠭᠡ ᠰᠣᠳᠣᠨ ᠰᠠᠢᠬᠠᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠎ᠶᠢᠨ ᠲᠣᠭᠯᠠᠯᠲᠠ ᠭᠠᠷᠭᠠᠵᠤ᠂ ᠳᠡᠯᠬᠡᠨ ᠦᠵᠡᠭᠦᠯᠭᠡ᠎ᠶᠢᠨ ᠲᠣᠭᠣᠷᠢᠭ᠋᠎ᠲᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠢᠯᠡᠳᠭᠡᠯ᠎ᠢ ᠪᠡᠶᠡᠴᠢᠯᠡᠨ ᠣᠢᠯᠠᠭᠠᠬᠤ ᠪᠠ ᠣᠨᠴᠠᠯᠢᠭ᠍ᠲᠤ ᠢᠳᠡᠭᠡᠨ ᠤᠮᠳᠠᠭᠠᠨ᠎ᠢ᠋ ᠠᠮᠳᠠᠯᠠᠨ ᠦᠨᠡᠯᠡᠬᠦ ᠠᠵᠢᠯᠯᠠᠭ᠎ᠠ ᠶᠠᠪᠤᠭᠳᠠᠪᠠ᠃ ᠪᠠᠭ᠍ᠰᠢ ᠰᠤᠷᠤᠭ᠍ᠴᠢᠳ ᠴᠠᠭᠠᠰᠤᠨ ᠬᠠᠢᠴᠢᠯᠠᠮᠠᠯ᠂ ᠰᠦᠩ ᠤᠯᠤᠰ᠎ᠤᠨ ᠳᠤᠷᠭ᠎ᠠ ᠲᠤᠷᠳᠤᠩ᠎ᠤᠨ ᠪᠦᠳᠦᠬᠡᠭᠳᠡᠬᠦᠨ᠎ᠤ ᠭᠠᠷ ᠤᠷᠠᠯᠠᠯ᠂ ᠭᠤᠯᠢᠷ ᠱᠤᠭᠤᠮᠠᠯ ᠵᠡᠷᠭᠡ ᠤᠯᠠᠮᠵᠢᠯᠠᠯᠲᠤ ᠭᠠᠷ ᠤᠷᠠᠯᠠᠯ᠎ᠤᠨ ᠤᠷ᠎ᠠ ᠮᠡᠷᠭᠡᠵᠢᠯ᠎ᠢ ᠪᠡᠶᠡᠴᠢᠯᠡᠨ ᠣᠢᠯᠠᠭᠠᠵᠤ᠂ ᠲᠤᠬᠠᠢ᠎ᠶᠢᠨ ᠲᠠᠯᠠᠪᠠᠢ᠎ᠳᠤ ᠶᠤᠤᠮᠠᠢ᠎ᠶᠢᠨ ᠭᠤᠯᠢᠷ᠂ ᠶᠧᠪᠡᠩ᠂ ᠽᠦᠩᠽᠢ᠂ ᠪᠤᠷᠢᠶᠠᠳ ᠪᠤᠤᠰᠠ᠂ ᠱᠣᠣᠮᠠᠢ᠂ ᠰᠦ᠎ᠲᠠᠢ ᠴᠠᠢ᠂ ᠰᠢᠷᠠᠭᠰᠠᠨ ᠪᠦᠬᠦᠯᠢ ᠬᠣᠨᠢ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠮᠲᠠᠲᠤ ᠢᠳᠡᠭᠡᠨ᠎ᠢ ᠠᠮᠲᠠᠯᠠᠨ᠂ 《ᠨᠢᠭᠡ ᠦᠷᠳᠡᠭᠡᠴᠢᠯᠡᠭᠰᠡᠨ ᠬᠡᠯᠪᠡᠷᠢ》 ᠪᠡᠷ ᠪᠣᠳᠠᠰ᠎ᠤᠨ ᠪᠤᠰᠤ ᠰᠣᠶᠣᠯ᠎ᠤᠨ ᠥᠪ᠎ᠦᠨ ᠥᠪᠡᠷᠮᠢᠴᠡ ᠷᠢᠳᠢ ᠰᠢᠳᠢ᠎ᠶᠢ ᠮᠡᠳᠡᠷᠡᠪᠡ᠃ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠳᠡᠳ᠋ ᠵᠠᠬᠢᠷᠤᠯ ᠴᠧᠨ ᠴᠦᠨ ᠯᠢ᠄《ᠣᠯᠠᠨ ᠵᠢᠯ᠎ᠦᠨ ᠲᠤᠷᠰᠢ᠂ ᠳᠡᠭᠡᠳᠦ ᠰᠤᠷᠭᠠᠭᠤᠯᠢ᠎ᠶᠢᠨ ᠬᠢᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠯ᠎ᠢ ᠠᠵᠢᠯ ᠮᠡᠷᠭᠡᠵᠢᠯ᠎ᠦᠨ ᠰᠤᠷᠭᠠᠨ  ᠬᠥᠮᠦᠵᠢᠯ᠎ᠦᠨ ᠪᠥᠬᠥ ᠶᠠᠪᠤᠴᠠ᠎ᠳᠤ ᠠᠭᠤᠰᠬᠠᠬᠤ᠎ᠶᠢ ᠪᠠᠷᠢᠮᠲᠠᠯᠠᠵᠤ᠂ 〈ᠲᠤᠰᠬᠠᠢ ᠮᠡᠷᠭᠡᠵᠢᠯ ᠵᠢᠡᠷ ᠪᠣᠳᠠᠰ᠎ᠤᠨ ᠪᠤᠰᠤ ᠰᠣᠶᠣᠯ᠎ᠤᠨ ᠥᠪ᠎ᠲᠤ᠌ ᠴᠢᠳᠠᠪᠤᠷᠢ ᠣᠯᠭᠣᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠬᠥᠮᠥᠨ᠎ᠢ ᠬᠥᠮᠥᠵᠢᠭᠦᠯᠬᠦ᠂ ᠠᠵᠤ ᠦᠢᠯᠡᠰ ᠪᠠ ᠵᠢᠭᠠᠨ ᠰᠤᠷᠭᠠᠯᠳᠠ᠎ᠳᠦ ᠬᠣᠣᠰ ᠴᠢᠭᠯᠡᠯ᠎ᠢᠶᠡᠷ ᠴᠢᠳᠠᠪᠤᠷᠢ ᠣᠯᠭᠣᠬᠤ〉 ᠥᠪᠡᠷᠮᠢᠴᠡ ᠣᠨᠴᠠᠯᠢᠭ᠋᠎ᠲᠠᠢ ᠬᠥᠭᠵᠢᠯᠲᠡ᠎ᠶᠢᠨ ᠵᠠᠮ᠎ᠢᠶᠠᠷ ᠵᠠᠮᠨᠠᠵᠤ ᠪᠠᠢᠨ᠎ᠠ》 ᠬᠡᠵᠦ ᠳᠠᠨᠢᠯᠴᠠᠭᠤᠯᠤᠯ᠎ᠠ᠃

《ᠵᠠᠯᠠᠭᠤᠴᠤᠳ ᠪᠣᠯ ᠰᠣᠶᠣᠯ᠎ᠤᠨ ᠤᠯᠠᠮᠵᠢᠯᠠᠯ᠎ᠤᠨ ᠢᠷᠡᠭᠡᠳᠦᠢ ᠮᠥᠨ᠂ ᠡᠢᠨ᠎ᠬᠦ ᠰᠤᠨᠢᠷᠬᠠᠬᠤ᠂ ᠠᠮᠳᠠᠷᠬᠠᠬᠤ᠂ ᠰᠤᠷᠤᠯᠴᠠᠬᠤ᠂ ᠪᠡᠶᠡᠴᠢᠯᠡᠨ ᠤᠢᠯᠠᠭᠠᠬᠤ ᠦᠪᠡᠳᠡᠭᠰᠢ ᠠᠵᠢᠯᠯᠠᠭ᠎ᠠ ᠪᠡᠷ ᠳᠠᠮᠵᠢᠭᠤᠯᠵᠤ᠂ ᠵᠠᠯᠠᠭᠤ ᠰᠤᠷᠤᠭ᠍ᠴᠢᠳ᠎ᠤᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠳᠤᠬᠠᠢ ᠬᠠᠮᠳᠤ ᠵᠢᠨ ᠳᠠᠨᠢᠯᠳᠠ ᠪᠠ ᠣᠮᠣᠭ ᠪᠠᠬᠠᠳᠤᠯᠲᠤ ᠰᠡᠳᠬᠢᠯᠭᠡ᠎ᠶᠢ ᠨᠡᠮᠡᠭᠳᠡᠭᠦᠯᠬᠦ᠎ᠶᠢ ᠬᠦᠰᠡᠵᠦ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠰᠤᠶᠤᠯᠴᠡᠴᠡᠭ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号