ᠤᠯᠠᠭᠠᠨᠬᠠᠳᠠ ᠬᠤᠲᠠ᠎ᠶᠢᠨ ᠬᠤᠩᠱᠠᠨ ᠠᠵᠤ ᠦᠢᠯᠡᠰ᠎ᠤᠨ ᠬᠦᠷᠢᠶᠡᠯᠡᠩ᠎ᠳᠤ ᠬᠤᠭᠤᠷᠤᠨᠳᠤ ᠪᠠᠨ 1000 ᠮᠸᠲᠷ ᠬᠦᠷᠬᠦ ᠦᠬᠡᠢ ᠵᠠᠢᠳᠠᠢ 3 ᠠᠵᠤ ᠠᠬᠤᠶ᠋ᠢᠯᠠᠯ ᠵᠢᠪ ᠵᠢᠵᠢᠭᠬᠡᠨ LED ᠰᠤᠪᠤᠳ ᠳ᠋ᠧᠩ᠂ ᠦᠳᠦ ᠰᠢᠭ ᠬᠦᠡᠭᠬᠡᠨ ᠯᠢᠲ᠋ᠢ ᠳ᠋ᠢᠶᠠᠨ ᠤ᠋ᠤᠢ᠂ ᠬᠢᠮᠦᠰᠦᠨ ᠳᠤᠯᠢ ᠵᠢᠨ ᠬᠢᠷᠢᠳᠠᠢ ᠴᠠᠬᠢᠯᠭᠠᠨ᠎ᠢ ᠳᠠᠭᠤ ᠪᠤᠯᠭᠠᠨ ᠬᠤᠪᠢᠷᠠᠭᠤᠯᠤᠭᠴᠢ ᠵᠡᠷᠭᠡ ᠨᠠᠷᠢᠯᠢᠭ ᠬᠢᠴᠡᠳᠡᠢ ᠦᠢᠯᠡᠳᠭᠦᠨ ᠦᠢᠯᠡᠳᠴᠤ᠂ ᠤᠯᠤᠰ᠎ᠤ᠋ᠨ ᠳᠣᠲᠣᠭᠠᠳᠤ᠂ ᠴᠢᠨᠠᠭᠰᠢᠯᠠᠨ ᠪᠦᠬᠦ᠌ ᠪᠥᠮᠪᠥᠷᠴᠡᠭᠦ᠋ᠨ ᠵᠠᠬ᠎ᠠ ᠳᠡᠯᠭᠡᠭᠦᠷ᠎ᠲᠦ᠍ ᠤᠷᠤᠨ ᠪᠠᠢᠷᠢ ᠪᠠᠨ ᠡᠵᠡᠯᠡᠵᠤ᠂ ᠰᠢᠨ᠎ᠠ ᠴᠢᠨᠠᠷᠦᠨᠦᠢᠯᠡᠳᠪᠦᠷᠢᠯᠡᠯᠦ᠋ᠨ ᠬᠦᠴᠦᠨ᠎ᠦ᠌ ᠠᠮᠢᠳᠤᠯᠢᠭ ᠦᠢᠯᠡᠳᠦᠯᠭᠡ᠎ᠶᠢ ᠲᠠᠢᠯᠪᠤᠷᠢᠯᠠᠵᠤ ᠪᠤᠢ᠃
6 ᠰᠠᠷ᠎ᠠ᠎ᠶᠢᠨ 8 ᠤ᠋ ᠡᠳᠦᠷ᠂ ᠰᠤᠷᠪᠤᠯᠵᠢᠯᠠᠭᠴᠢ ᠤᠯᠠᠭᠠᠨᠬᠠᠳᠠ ᠬᠤᠲᠠ᠎ᠶᠢᠨ ᠲᠧᠩ ᠼᠠᠢ ᠬᠠᠭᠠᠰ ᠳᠠᠮᠵᠢᠭᠤᠯᠤᠭᠴᠢ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ᠌ ᠺᠣᠮᠫᠠᠨᠢ᠎ᠶᠢᠨ ᠲᠣᠭᠤᠰᠣ ᠥᠬᠡᠶ ᠦᠢᠯᠡᠳᠪᠦᠷᠢ᠎ᠶᠢᠨ ᠲᠠᠰᠤᠭ᠎ᠲᠤ᠌ ᠬᠦᠷᠬᠦ᠎ᠳᠤ ᠠᠵᠢᠯᠲᠠᠳ ᠦᠪᠴᠢ ᠠᠵᠢᠯ᠎ᠤᠨ ᠬᠤᠪᠴᠠᠰᠤ ᠡᠮᠦᠰᠦᠭᠡᠳ᠂ ᠬᠤᠶᠠᠷ ᠨᠢᠳᠦ᠎ᠪᠠᠨ ᠯᠡ ᠢᠯᠡ ᠭᠠᠷᠭᠠᠵᠤ᠂ ᠳᠡᠯᠭᠡᠴᠡ ᠳᠡᠭᠡᠷᠡᠬᠢ ᠡᠯ᠎ᠡ ᠵᠦᠢᠯ᠎ᠤᠨ ᠪᠣᠯᠵᠣᠯᠲᠤ᠌ ᠲᠤᠭ᠎ᠠ᠎ᠶᠢ ᠰᠢᠷᠲᠡᠨᠠ᠃ ᠢᠯᠲᠠᠰᠤ ᠲᠤᠭᠲᠠᠭᠠᠬᠤ ᠮᠠᠰᠢᠨ᠂ ᠤᠲᠠᠰᠤ ᠭᠠᠩᠨᠠᠬᠤ ᠮᠠᠰᠢᠨ ᠲᠦᠷᠭᠡᠨ ᠬᠤᠷᠳᠤᠴᠠ᠎ᠪᠠᠷ ᠡᠷᠭᠢᠯᠳᠦᠨ᠂ ᠮᠠᠰᠢᠨ ᠭᠠᠷ ᠡᠪᠯᠢᠭ ᠬᠦᠳᠡᠯᠵᠦ᠂ ᠡᠯᠡᠰᠦᠨ ᠮᠥᠬᠦᠯᠢᠭ᠎ᠠᠴᠠ ᠪᠠᠰᠠ ᠵᠢᠵᠢᠭ ᠭᠡᠷᠡᠯ ᠡᠭᠦᠰᠭᠡᠬᠦ ᠢᠯᠲᠠᠰᠤ᠎ᠶᠢ ᠲᠤᠯᠬᠤ ᠵᠢᠶᠠᠰᠠ ᠳᠡᠭᠡᠷ᠎ᠡ ᠨᠠᠭᠠᠵᠤ ᠪᠠᠢᠯ᠎ᠠ᠃
ᠲᠦᠷᠦᠯ ᠵᠦᠢᠯ᠎ᠤᠨ ᠬᠠᠷᠢᠭᠤᠴᠠᠯᠭᠠᠲᠠᠨ ᠸᠠᠩ ᠶᠦᠩ ᠰᠢᠩ᠄ 《ᠪᠢᠳᠡ ᠡᠳᠦᠷ ᠪᠤᠯᠭᠠᠨ 50 ᠲᠦᠮᠡᠨ ᠰᠤᠪᠤᠳ ᠳ᠋ᠧᠩ ᠢ᠋ ᠪᠢᠳᠡᠬᠦᠮᠵᠢᠯᠡᠨ ᠤᠭᠰᠠᠷᠠᠵᠤ ᠪᠠᠢᠨ᠎ᠠ》 ᠬᠡᠵᠤ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃ ᠶᠡᠷᠦ ᠵᠢᠨ ᠬᠡᠷ ᠤ᠋ᠨ ᠬᠡᠷᠡᠭᠯᠡᠭᠡᠨ ᠤ᠋ ᠳ᠋ᠸᠡᠭ 20 — 30 ᠭᠡᠷᠡᠯ ᠡᠭᠦᠰᠭᠡᠭᠦ ᠢᠯᠲᠠᠰᠤ ᠬᠡᠷᠡᠭᠰᠡᠵᠦ᠍᠂ ᠲᠤᠰ ᠠᠵᠤ ᠠᠬᠤᠶ᠋ᠢᠯᠠᠯ᠎ᠤᠨ ᠦᠢᠯᠡᠳᠪᠦᠷᠢᠯᠡᠯ᠎ᠤᠨ ᠱᠤᠭᠤᠮ ᠨᠢ 10 ᠴᠠᠭ᠎ᠲᠤ᠌ 1.5 ᠲᠦᠮᠡᠡᠴᠠ 2.5 ᠲᠦᠮᠡᠨ ᠳ᠋ᠧᠩ᠎ᠢ ᠤᠭᠰᠠᠷᠠᠵᠤ ᠲᠠᠢᠯᠤᠨ᠎ᠠ᠃
ᠸᠠᠩ ᠶᠦᠩ ᠰᠢᠩ ᠭᠡᠵᠢᠭᠡᠨ ᠰᠢᠷᠬᠡᠭ ᠡᠴᠡ ᠴᠤ᠌ ᠨᠠᠷᠢᠨ ᠤᠷᠢᠶᠠᠭᠰᠠᠨ ᠠᠯᠲᠠᠨ ᠤᠲᠠᠰᠤ ᠵᠢ ᠵᠢᠭᠠᠭᠠᠳ᠄《ᠡᠨᠡ ᠬᠦ᠌ ᠠᠯᠲᠠᠨ ᠤᠲᠠᠰᠤᠨ᠎ᠤ ᠳ᠋ᠢᠶᠠᠮᠧᠲᠷ᠎ᠨᠢ 18 ᠮᠢᠺᠷᠣᠮᠧᠲᠷ᠎ᠠᠴᠠ 20 ᠮᠢᠺᠷᠣᠮᠧᠲᠷ ᠯᠡ ᠪᠠᠢᠵᠤ᠂ ᠴᠡᠪᠡᠷᠴᠡ᠎ᠶᠢᠨ ᠬᠡᠮᠵᠢᠶ᠎ᠡ ᠨᠢ 99.99%᠎ᠳᠤ ᠬᠦᠷᠴᠦ᠍᠂ LED ᠰᠤᠪᠤᠳ ᠳ᠋ᠧᠩ᠎ᠢ ᠪᠢᠲᠡᠭᠦᠮᠵᠢᠯᠡᠨ ᠤᠭᠰᠠᠷᠠᠬᠤ ᠵᠠᠩᠭᠢᠯᠠᠭ᠎ᠠ᠎ᠶᠢᠨ ᠭᠤᠣᠯ ᠮᠠᠲ᠋ᠧᠷᠢᠶᠠᠯ ᠮᠥᠨ》 ᠭᠡᠵᠦ ᠲᠠᠨᠢᠯᠴᠠᠭᠤᠯᠪᠠ᠃
ᠠᠯᠲᠠᠨ ᠤᠲᠠᠰᠤ ᠵᠢ ᠭᠣᠣᠯᠳᠠᠭᠤ ᠢᠯᠲᠠᠰᠤ ᠪᠣᠯᠣᠨ ᠭᠠᠳᠠᠨᠠᠬᠢ ᠴᠠᠬᠢᠯᠭᠠᠨ ᠬᠡᠯᠬᠢᠶ᠎ᠡ ᠵᠢ ᠬᠤᠯᠪᠤᠬᠤ ᠳ᠋ᠤ ᠬᠡᠷᠡᠭᠯᠡᠨ᠎ᠡ᠃ ᠲᠣᠰ ᠮᠠᠲ᠋ᠧᠷᠢᠶᠠᠯ ᠠᠵᠤ ᠦᠢᠯᠡᠰ᠎ᠤᠨ ᠬᠡᠯᠬᠢᠶᠡᠨ᠎ᠤ ᠳᠡᠭᠡᠳᠦ ᠤᠷᠤᠰᠬᠠᠯ᠎ᠳᠤ ᠰᠤᠪᠤᠳ ᠳ᠋ᠧᠩ᠎ᠢ ᠪᠢᠲᠡᠭᠦᠮᠵᠢᠯᠡᠨ ᠤᠭᠰᠠᠷᠠᠬᠤ ᠭᠤᠭᠴᠤᠭ᠎ᠠ ᠯᠤᠭ᠎ᠠ ᠬᠠᠷᠠᠭᠠᠯᠵᠠᠨ᠂ ᠳᠣᠤᠷᠠᠳᠤ ᠤᠷᠤᠰᠬᠠᠯ᠎ᠳᠤ ᠭᠡᠷᠡᠯᠲᠦᠭᠦᠯᠭᠡ᠎ᠶᠢᠨ ᠳ᠋ᠧᠩ᠂ LED ᠳᠡᠯᠭᠡᠴᠡ ᠵᠡᠷᠭᠡ ᠬᠦᠷᠢᠶ᠎ᠡ ᠴᠠᠷᠠᠭ᠎ᠠ᠎ᠶᠢ ᠬᠠᠮᠤᠷᠴᠤ ᠪᠤᠢ᠃
ᠤᠯᠠᠭᠠᠨᠬᠠᠳᠠ ᠬᠤᠲᠠ᠎ᠶᠢᠨ ᠲᠧᠩ ᠼᠠᠢ ᠬᠠᠭᠠᠰ ᠳᠠᠮᠵᠢᠭᠤᠯᠤᠭᠴᠢ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ᠌ ᠺᠣᠮᠫᠠᠨᠢ ᠪᠥᠬᠦ᠌ ᠠᠵᠤ ᠦᠢᠯᠡᠰ᠎ᠤᠨ ᠬᠡᠯᠬᠢᠶᠡᠨ᠎ᠤ ᠪᠠᠶ᠋ᠢᠷᠢᠰᠢᠭᠤᠯᠤᠯᠲᠠ᠎ᠵᠢᠨ ᠲᠤᠭᠤᠷᠢᠨ᠎ᠳᠤ ᠠᠯᠲᠠᠨ ᠤᠲᠠᠰᠤ ᠦᠢᠯᠡᠳᠪᠦᠷᠢᠯᠡᠬᠦ᠂ ᠰᠤᠪᠤᠳ ᠳ᠋ᠧᠩ ᠢ᠋ ᠪᠢᠲᠡᠭᠦᠮᠵᠢᠯᠡᠨ ᠤᠭᠰᠠᠷᠠᠬᠤ᠂ MiniLED ᠳᠡᠯᠭᠡᠴᠡ ᠦᠢᠯᠡᠳᠬᠦ᠌ ᠵᠢ ᠨᠢᠭᠡ ᠴᠣᠭᠴᠠᠵᠢᠭᠤᠯᠤᠭᠰᠠᠨ ᠬᠥᠭᠵᠢᠯᠲᠡ᠎ᠶᠢ ᠪᠡᠶᠡᠯᠡᠭᠦᠯᠪᠡ᠃ ᠲᠣᠰ ᠺᠣᠮᠫᠠᠨᠢ 2 ᠵᠢᠯ᠎ᠤᠨ ᠳᠣᠲᠣᠷ᠎ᠠ ᠪᠥᠬᠦ᠌ ᠤᠯᠤᠰ᠎ᠤᠨ ᠬᠠᠮᠤᠭ᠎ᠤᠨ ᠥᠷᠢᠰᠦᠯᠳᠦᠬᠦ᠌ ᠬᠦᠴᠦᠨ᠎ᠪᠦᠬᠦᠢ IC ᠣᠶᠤᠨᠴᠢ ᠬᠤᠷᠠᠮᠠᠯ ᠴᠠᠬᠢᠯᠭᠠᠨ ᠬᠡᠯᠬᠢᠶ᠎ᠡ᠂ MiniLED ᠪᠢᠲᠡᠭᠦᠮᠵᠢᠯᠡᠨ ᠤᠭᠰᠠᠷᠠᠬᠤ ᠠᠵᠤ ᠠᠬᠤᠶ᠋ᠢᠯᠠᠯ ᠪᠣᠯᠵᠤ᠂ ᠰᠠᠷ᠎ᠠ᠎ᠳᠤ 30 ᠳ᠋ᠦᠩᠰᠢᠭᠤᠷ ᠰᠢᠷᠬᠡᠭ ᠦᠢᠯᠡᠳᠪᠦᠷᠢᠯᠡᠨ᠂ ᠵᠢᠯ᠎ᠤᠨ ᠡᠵᠡᠩᠨᠡᠯᠲᠡ᠎ᠶᠢᠨ ᠣᠷᠣᠯᠭ᠎ᠠ ᠪᠠᠨ 6 ᠳ᠋ᠦᠩᠰᠢᠭᠤᠷ ᠲᠥᠭᠦᠷᠢᠭ᠎ᠢ ᠳᠠᠪᠠᠭᠤᠯᠬᠤ ᠪᠠᠷ ᠲᠦᠯᠦᠪᠯᠡᠵᠤ ᠪᠤᠢ᠃ ᠣᠳᠣᠬᠠᠨ᠎ᠳᠤ ᠨᠢᠭᠡᠨᠲᠡ ᠪᠢ ᠶᠠ ᠳᠢ ᠂ ᠹᠢ ᠯᠢ ᠫᠦ᠋᠂ ᠬᠠᠶ ᠰᠢᠨ ᠵᠡᠷᠭᠡ ᠨᠡᠷᠡᠲᠦ᠍ ᠠᠵᠤ ᠠᠬᠤᠶ᠋ᠢᠯᠠᠯ᠎ᠲᠠᠢ ᠬᠠᠮᠲᠤᠷᠠᠨ ᠠᠵᠢᠯᠯᠠᠵᠤ ᠪᠠᠢᠨ᠎ᠠ᠃
ᠲᠧᠩ ᠼᠠᠢ᠎ᠵᠢᠨ ᠦᠢᠯᠡᠳᠪᠦᠷᠢ᠎ᠶᠢᠨ ᠲᠠᠰᠤᠭ᠎ᠠᠴᠠ ᠪᠠᠷᠠᠭᠤᠨᠰᠢ ᠨᠢᠭᠡ ᠺᠢᠯᠣᠮᠧᠲᠷ ᠶᠠᠪᠤᠪᠠᠯ ᠡᠧᠨ ᠸᠧ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠵᠤ ᠦᠢᠯᠡᠰ᠎ᠤᠨ ᠬᠦᠷᠢᠶᠡᠯᠡᠩ ᠳ᠋ᠤ ᠬᠦᠷᠦᠨ᠎ᠠ᠃ ᠲᠤᠰ ᠠᠵᠤ ᠦᠢᠯᠡᠰ᠎ᠤᠨ ᠬᠦᠷᠢᠶᠡᠯᠡᠩ᠎ᠤᠨ ᠦᠵᠡᠭᠦᠯᠭᠡ᠎ᠶᠢᠨ ᠲᠢᠩᠬᠢᠮ᠎ᠳᠤ ᠥᠪᠥᠷ ᠮᠣᠩᠭᠤᠯ᠎ᠤᠨ ᠡᠧᠨ ᠸᠧ ᠡᠯᠧᠺᠲᠷᠣᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ᠌ ᠺᠣᠮᠫᠠᠨᠢ᠎ᠶᠢᠨ ᠬᠡᠷᠡᠭ ᠮᠡᠳᠡᠭᠴᠢᠳ᠎ᠤᠨ ᠳᠠᠷᠤᠭ᠎ᠠ ᠵᠠᠩ ᠮᠧᠩ ᠹᠠᠨ ᠦᠵᠡᠭᠦᠯᠭᠡ᠎ᠶᠢᠨ ᠬᠤᠷᠭᠤᠨ᠎ᠠᠴᠠ ᠬᠢᠮᠦᠰᠦᠨ ᠳᠤᠯᠢ ᠵᠢᠨ ᠬᠢᠷᠢᠳᠠᠢ ᠬᠠᠷ᠎ᠠ ᠲᠣᠨᠤᠭ ᠭᠠᠷᠭᠠᠭᠠᠳ᠄《ᠡᠨᠡ ᠬᠦ᠌ ᠴᠠᠬᠢᠯᠭᠠᠨ᠎ᠢ ᠳᠠᠭᠤ ᠪᠤᠯᠭᠠᠨ ᠬᠤᠪᠢᠷᠠᠭᠤᠯᠤᠭᠴᠢ ᠪᠤᠯ ᠮᠠᠨ᠎ᠤ ᠭᠤᠤᠯ ᠦᠢᠯᠡᠳᠬᠦᠨ ᠪᠤᠯᠤᠨ᠎ᠠ᠂ ᠴᠠᠷᠢᠭ᠌᠎ᠤᠨ ᠲᠠᠯ᠎ᠠ ᠵᠢᠨ ᠳᠠᠩ ᠭᠠᠭᠴᠠᠭᠠᠷ ᠪᠠᠶ᠋ᠢᠯᠳᠤᠬᠤ ᠲᠣᠨᠣᠭᠯᠠᠯ᠂ ᠡᠮᠴᠢᠯᠡᠭᠡᠨ᠎ᠤ ᠰᠤᠨᠤᠷ ᠲᠤᠳᠤᠳᠬᠠᠭᠴᠢ ᠵᠢᠴᠢ ᠳᠡᠭᠡᠳᠦ ᠲᠠᠰ᠎ᠤᠨ ᠳᠠᠭᠤᠤ ᠬᠥᠭᠵᠢᠮ᠎ᠤᠨ ᠰᠤᠨᠤᠰᠤᠭᠤᠷ᠎ᠤᠨ ᠬᠦᠷᠢᠶᠡᠨ᠎ᠳᠤ ᠥᠷᠭᠡᠨ᠎ᠢᠶᠠᠷ ᠬᠡᠷᠡᠭᠯᠡᠵᠦ᠍ ᠪᠠᠶ᠋ᠢᠨ᠎ᠠ》 ᠭᠡᠵᠦ᠍ ᠲᠠᠨᠢᠯᠴᠠᠭᠤᠯᠤᠯ᠎ᠠ᠃
《ᠮᠠᠨ᠎ᠤ ᠪᠤᠢ ᠪᠦᠬᠦᠢ ᠦᠢᠯᠡᠳᠪᠦᠷᠢᠯᠡᠯ᠎ᠤᠨ ᠲᠥᠬᠦᠭᠡᠷᠦᠮᠵᠢ᠎ᠶᠢ ᠴᠥᠮ ᠠᠵᠤ ᠠᠬᠤᠶ᠋ᠢᠯᠠᠯ ᠪᠡᠶ᠎ᠡ᠎ᠪᠠᠨ ᠳᠠᠭᠠᠭᠠᠵᠤ ᠵᠢᠷᠤᠵᠤ ᠲᠥᠯᠥᠪᠯᠡᠨ᠂ ᠪᠤᠯᠪᠠᠰᠤᠷᠠᠭᠤᠯᠵᠤ᠂ ᠤᠭᠰᠠᠷᠠᠵᠤ᠂ ᠲᠤᠷᠰᠢᠨ ᠲᠣᠬᠢᠷᠠᠭᠤᠯᠵᠤ ᠪᠠᠶ᠋ᠢᠨ᠎ᠠ᠂ ᠰᠤᠳᠤᠯᠤᠨ ᠨᠡᠭᠡᠭᠡᠬᠦ᠌ ᠪᠣᠳᠠᠲᠤ᠌ ᠬᠦᠴᠦᠨ ᠨᠢᠭᠡᠨᠲᠡ ᠤᠯᠠᠨ ᠤᠯᠤᠰ᠎ᠤᠨ ᠠᠵᠢᠯ ᠨᠢᠭᠡᠲᠡᠨ᠎ᠠᠴᠠ ᠳᠠᠪᠠᠵᠡᠢ》 ᠭᠡᠵᠦ᠍ ᠵᠠᠩ ᠮᠧᠩ ᠹᠠᠨ ᠲᠠᠨᠢᠯᠴᠠᠭᠤᠯᠤᠨ᠎ᠠ᠃
2019 ᠣᠨ᠎ᠳᠤ ᠤᠯᠠᠭᠠᠨᠬᠠᠳᠠ ᠬᠤᠲᠠ ᠠᠷᠠᠯᠵᠢᠶᠠᠴᠢᠨ ᠤᠷᠢᠵᠤ ᠪᠡᠯᠡ ᠴᠤᠭᠯᠠᠭᠤᠯᠬᠤ᠎ᠪᠠᠷ ᠳᠠᠮᠵᠢᠨ᠂ ᠱᠧᠨᠵᠧᠨ᠎ᠤ ᠵᠦᠸᠧ ᠧᠦ ᠡᠯᠧᠺᠲᠷᠣᠨ ᠪᠦᠯᠦᠭᠯᠡᠯ᠎ᠢ ᠣᠷᠣᠭᠤᠯᠤᠨ ᠠᠪᠴᠢᠷᠠᠵᠤ᠂ ᠥᠪᠥᠷ ᠮᠣᠩᠭᠤᠯ᠎ᠤᠨ ᠧᠨ ᠸᠧ ᠡᠯᠧᠺᠲᠷᠣᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ᠌ ᠺᠣᠮᠫᠠᠨᠢ᠎ᠶᠢ ᠪᠠᠶ᠋ᠢᠭᠤᠯᠵᠠᠢ᠃ 6 ᠵᠢᠯ᠎ᠤᠨ ᠬᠥᠭᠵᠢᠯᠲᠡ᠎ᠪᠠᠷ ᠳᠠᠮᠵᠢᠨ ᠲᠤᠰ ᠠᠵᠤ ᠠᠬᠤᠶ᠋ᠢᠯᠠᠯ 6 ᠰᠠᠭᠤᠷᠢ 10 ᠲᠦᠮᠡᠨ ᠲᠡᠰ᠎ᠤᠨ ᠲᠣᠭᠤᠰᠣ ᠦᠭᠡᠢ ᠦᠢᠯᠡᠳᠪᠦᠷᠢ᠎ᠶᠢᠨ ᠲᠠᠰᠤᠭ᠂ ᠤᠯᠤᠰ᠎ᠤᠨ ᠲᠡᠰ᠎ᠤᠨ ᠳᠠᠭᠤᠨ᠎ᠤ ᠤᠬᠠᠭᠠᠨ᠎ᠤ ᠦᠢᠯᠡᠳᠬᠦᠨ᠎ᠢ ᠬᠡᠮᠵᠢᠨ ᠰᠢᠯᠭᠠᠬᠤ ᠲᠤᠷᠰᠢᠯᠲᠠ ᠵᠢᠨ ᠲᠠᠰᠤᠭ ᠪᠣᠯᠤᠨ ᠴᠠᠬᠢᠯᠭᠠᠨ ᠳᠠᠭᠤ ᠵᠢ ᠬᠠᠷᠢᠯᠴᠠᠨ ᠬᠤᠪᠢᠷᠠᠭᠤᠯᠬᠤ ᠦᠢᠯᠡᠳᠬᠦᠨ᠎ᠢ ᠰᠤᠳᠤᠯᠤᠨ ᠨᠡᠭᠡᠭᠡᠬᠦ᠌ ᠲᠥᠪ ᠪᠠᠶ᠋ᠢᠭᠤᠯᠵᠤ᠂ ᠠᠯᠮᠤᠷᠠᠳ᠂ ᠬᠤᠸᠠ ᠸᠧᠢ ᠵᠡᠷᠭᠡ ᠨᠡᠷᠡᠳᠦ ᠲᠦᠷᠦᠯ ᠲᠡᠮᠳᠡᠭ ᠲᠠᠢ ᠬᠠᠮᠳᠤᠷᠠᠨ ᠠᠵᠢᠯᠯᠠᠪᠠ᠃
《ᠡᠸᠨ ᠸᠸ ᠵᠦᠪᠬᠡᠨ ᠪᠡᠶ᠎ᠡ ᠪᠡᠨ ᠳᠠᠭᠠᠭᠠᠵᠤ ᠦᠢᠯᠡᠳᠪᠦᠷᠢᠯᠡᠬᠦ᠌ ᠵᠢ ᠬᠢᠵᠦ ᠪᠠᠢᠭ᠎ᠠ ᠪᠢᠰᠢ》 ᠭᠡᠵᠦ ᠵᠠᠩ ᠮᠧᠩ ᠹᠠᠨ ᠬᠡᠯᠡᠭᠰᠡᠨ ᠵᠢᠡᠨ ᠤᠨᠳᠤᠤ ᠨᠢᠭᠡ ᠦᠢᠯᠡᠳᠪᠦᠷᠢ᠎ᠶᠢᠨ ᠲᠠᠰᠤᠭ ᠢ᠋ ᠵᠢᠭᠠᠭᠠᠳ᠄《ᠪᠢᠳᠡ ᠠᠵᠤ ᠦᠢᠯᠡᠰ᠎ᠤᠨ ᠬᠡᠯᠬᠢᠶᠡᠨ᠎ᠳᠤ ᠲᠦᠰᠢᠭᠯᠡᠭᠡᠳ ᠠᠷᠠᠯᠵᠢᠶᠠᠴᠢᠨ ᠤᠷᠢᠵᠤ᠂ ᠬᠤᠸᠠ ᠴᠦ ᠰᠢᠨ᠎ᠡ ᠡᠨᠧᠷᠭᠢ᠎ᠶᠢᠨ ᠪᠢᠴᠢᠯ ᠯᠢᠲ᠋ᠢ ᠳ᠋ᠢᠶᠠᠨ ᡂᠢ᠎ᠶᠢᠨ ᠲᠥᠷᠥᠯ ᠵᠦᠢᠯ᠎ᠢ ᠬᠦᠷᠢᠶᠡᠯᠡᠩ ᠲᠣᠭᠤᠷᠢᠭ᠎ᠲᠤ᠌ ᠣᠷᠣᠭᠤᠯᠤᠨ ᠠᠪᠴᠢᠷᠠᠭᠠᠳ᠂ ᠪᠢᠴᠢᠯ ᠵᠢᠵᠢᠭ ᠲᠣᠨᠤᠭ ᠲᠥᠬᠦᠭᠡᠷᠦᠮᠵᠢ᠎ᠶᠢᠨ ᠠᠵᠤ ᠦᠢᠯᠡᠰ᠎ᠤᠨ ᠬᠤᠯᠪᠣᠭᠠᠯᠠᠨ ᠬᠥᠭᠵᠢᠬᠦ᠌᠎ᠶᠢ ᠠᠬᠢᠭᠤᠯᠤᠯ᠎ᠠ》 ᠬᠡᠵᠤ ᠲᠠᠨᠢᠯᠴᠠᠭᠤᠯᠤᠭᠰᠠᠨ ᠪᠠᠢᠨ᠎ᠠ᠃
ᠥᠪᠥᠷ ᠮᠣᠩᠭᠤᠯ᠎ᠤᠨ ᠬᠤᠸᠠ ᠴᠦ ᠰᠢᠨ᠎ᠡ ᠡᠨᠧᠷᠭᠢ᠎ᠶᠢᠨ ᠬᠢᠵᠠᠭᠠᠷᠲᠤ᠌ ᠺᠣᠮᠫᠠᠨᠢ᠎ᠶᠢᠨ ᠦᠢᠯᠡᠳᠪᠦᠷᠢ᠎ᠵᠢᠨ ᠲᠠᠰᠤᠭ᠎ᠲᠤ᠌ ᠳᠤᠪᠴᠢ ᠵᠢᠨ ᠬᠢᠷᠢᠳᠠᠢ ᠯᠢᠲ᠋ᠢ ᠳ᠋ᠢᠶᠠᠨ ᠤ᠋ᠤᠢᠦᠢᠯᠡᠳᠪᠦᠷᠢᠯᠡᠯᠤᠨ ᠱᠤᠭᠤᠮ ᠳᠡᠭᠡᠷ᠎ᠡ ᠡᠮᠬᠢ ᠲᠢᠭᠯᠢᠮ ᠲᠠᠢᠡᠷᠬᠢᠯᠳᠦᠨᠠ᠃ ᠦᠢᠯᠡᠳᠪᠦᠷᠢᠯᠡᠯ᠎ᠤᠨ ᠬᠠᠷᠢᠭᠤᠴᠠᠯᠭᠠᠲᠠᠨ ᠰᠤ᠌ ᠴᠦᠨ ᠷᠠᠨ ᠨᠢᠭᠡ ᠳ᠋ᠢᠶᠠᠨ ᡂᠢ ᠵᠢ ᠠᠪᠤᠭᠠᠳ ᠰᠤᠷᠪᠤᠯᠵᠢᠯᠠᠭᠴᠢ᠎ᠶᠢᠨ ᠭᠠᠷᠤᠨ ᠠᠯᠠᠭᠠᠨᠳᠡᠭᠡᠷᠡ ᠲᠠᠯᠪᠢᠬᠤ ᠳ᠋ᠤ ᠦᠳᠦ ᠰᠢᠭ ᠬᠦᠩᠬᠡᠨ ᠪᠠᠢᠵᠤ ᠬᠦᠨᠳᠦ ᠨᠢ ᠮᠡᠳᠡᠭᠳᠡᠬᠦ ᠦᠭᠡᠢ ᠪᠠᠢᠯ᠎ᠠ᠃
《ᠪᠢᠴᠢᠯ ᠯᠢᠲ᠋ᠢ ᠳ᠋ᠢᠶᠠᠨ ᡂᠢ᠎ᠶᠢᠨ ᠪᠠᠷᠠᠭ᠎ᠠ ᠭᠠᠷᠭᠠᠭᠰᠠᠨ ᠬᠡᠮᠵᠢᠶ᠎ᠡ ᠪᠥᠬᠦ᠌ ᠤᠯᠤᠰ᠎ᠲᠦ ᠨᠢᠭᠡᠳᠦᠭᠡᠷ᠂ ᠪᠥᠬᠦ᠌ ᠳᠡᠯᠡᠬᠡᠢ᠎ᠳᠤ ᠬᠤᠶᠠᠳᠤᠭᠠᠷ᠎ᠲᠤ᠌ ᠤᠷᠤᠵᠤ ᠪᠤᠢ᠃ ᠡᠲᠡᠭᠡᠷ ᠳ᠋ᠢᠶᠠᠨ ᡂᠢᠭᠤᠤᠯᠳᠠᠭᠤ ᠬᠦᠬᠡ ᠰᠢᠳᠤᠨ ᠰᠤᠨᠤᠰᠤᠭᠤᠷ᠂ ᠲᠤᠯᠤᠭᠠᠢ ᠳᠡᠭᠡᠷ᠎ᠡ ᠵᠡᠬᠦᠬᠦ ᠰᠤᠨᠤᠰᠤᠭᠤᠷ᠂ ᠣᠶᠤᠨᠴᠢ ᠡᠮᠦᠰᠴᠦ ᠵᠡᠬᠦᠬᠦ ᠲᠦᠬᠦᠭᠡᠷᠦᠮᠵᠢ ᠳ᠋ᠤ ᠬᠡᠷᠡᠭᠯᠡᠵᠦ᠂ ᠬᠤᠸᠠ ᠸᠧᠢ᠂ OPPO᠂ VIVO ᠵᠡᠷᠭᠡ ᠪᠣᠯ ᠴᠥᠮ ᠮᠠᠨ᠎ᠤ ᠬᠡᠷᠡᠭᠯᠡᠭᠴᠢ ᠪᠣᠯᠤᠨ᠎ᠠ》 ᠬᠡᠵᠤ ᠰᠤ᠌ ᠴᠦᠨ ᠷᠠᠨ ᠲᠠᠨᠢᠯᠴᠠᠭᠤᠯᠪᠠ᠃
2023 ᠣᠨ᠎ᠤ 8 ᠰᠠᠷ᠎ᠠ᠎ᠳᠤ ᠬᠤᠸᠠ ᠴᠦ ᠰᠢᠨ᠎ᠡ ᠡᠨᠧᠷᠭᠢ᠎ᠶᠢᠨ ᠪᠢᠴᠢᠯ ᠯᠢᠲ᠋ᠢ ᠳ᠋ᠢᠶᠠᠨ ᡂᠢ᠎ᠶᠢᠨ ᠲᠦᠷᠦᠯ ᠵᠦᠢᠯ᠎ᠢ ᠡᠬᠢᠯᠡᠨ ᠬᠡᠷᠡᠭᠵᠢᠭᠦᠯᠦᠨ᠂ ᠲᠤᠬᠠᠢ᠎ᠶᠢᠨ ᠵᠢᠯ᠎ᠳᠤ 1.7 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠵᠤ᠂ ᠥᠪᠥᠷ ᠮᠣᠩᠭᠤᠯ᠎ᠤᠨ ᠪᠢᠴᠢᠯ ᠯᠢᠲ᠋ᠢ ᠳ᠋ᠢᠶᠠᠨ ᠤ᠋ᠤᠢ ᠵᠢᠨ ᠦᠢᠯᠡᠳᠪᠦᠷᠢᠯᠡᠯ᠎ᠤᠨ ᠬᠤᠭᠤᠰᠣᠨ᠎ᠢ ᠨᠥᠬᠦᠪᠥᠷᠢᠯᠡᠪᠡ᠃ 《ᠪᠢᠳᠡ ᠢᠷᠡᠭᠡᠳᠦᠢ᠎ᠶᠢᠨ 3 — 4 ᠵᠢᠯ᠎ᠳᠤ ᠪᠦᠬᠦ᠌ ᠪᠥᠮᠪᠥᠷᠴᠡᠭ᠎ᠤᠨ ᠬᠤᠶᠠᠳᠤᠭᠠᠷ ᠲᠣᠮᠣ ᠪᠢᠴᠢᠯ ᠯᠢᠲ᠋ᠢ ᠳ᠋ᠢᠶᠠᠨ ᠤ᠋ᠤᠢ ᠵᠢᠨ ᠦᠢᠯᠡᠳᠪᠦᠷᠢᠯᠡᠯ᠎ᠤᠨ ᠰᠠᠭᠤᠷᠢᠨ᠎ᠢ ᠪᠠᠶ᠋ᠢᠭᠤᠯᠬᠤ᠎ᠪᠠᠷ ᠴᠢᠷᠮᠠᠶ᠋ᠢᠨ᠎ᠠ》 ᠬᠡᠵᠤ ᠰᠤ᠌ ᠴᠦᠨ ᠷᠠᠨ ᠢᠳᠡᠬᠡᠯ ᠲᠡᠬᠦᠯᠳᠡᠷ ᠬᠡᠯᠡᠨ᠎ᠠ᠃
ᠮᠢᠺᠷᠣᠮᠧᠲ᠋ᠷ ᠤ᠋ᠨ ᠲᠡᠰ᠎ᠤᠨ ᠢᠯᠲᠠᠰᠤ ᠡᠴᠡ ᠪᠢᠴᠢᠯ ᠯᠢᠲ᠋ᠢ ᠳ᠋ᠢᠶᠠᠨ ᡂᠢᠶᠢ ᠪᠢᠲᠡᠭᠦᠮᠵᠢᠯᠡᠨ ᠤᠭᠰᠠᠷᠠᠬᠤ᠂ ᠳᠡᠭᠡᠳᠦ ᠨᠠᠷᠢᠯᠢᠭ ᠣᠷᠦ᠋ᠢᠯᠠᠭᠰᠠᠨ ᠴᠠᠬᠢᠯᠭᠠᠨ᠎ᠢ ᠳᠠᠭᠤᠨ ᠪᠤᠯᠭᠠᠨ ᠬᠤᠪᠢᠷᠠᠭᠤᠯᠤᠭᠴᠢ ᠬᠦᠷᠲᠡᠯ᠎ᠡ᠂ ᠬᠤᠩᠱᠠᠨ ᠠᠵᠤ ᠦᠢᠯᠡᠰ᠎ᠤᠨ ᠬᠦᠷᠢᠶᠡᠯᠡᠩ᠎ᠤᠨ 3 ᠠᠵᠤ ᠠᠬᠤᠶ᠋ᠢᠯᠠᠯ ᠪᠢᠴᠢᠯ ᠦᠢᠯᠡᠳᠬᠡᠯ᠎ᠤᠨ ᠬᠦᠷᠢᠶᠡᠨ ᠳ᠋ᠤ ᠨᠠᠷᠢᠯᠢᠭ᠎ᠠᠴᠠ ᠨᠠᠷᠢᠯᠢᠭᠢ ᠬᠦᠭᠡᠭᠡᠴᠡᠯᠳᠦᠵᠦ᠂ ᠤᠯᠠᠭᠠᠨᠬᠠᠳᠠ ᠬᠤᠲᠠ᠎ᠶᠢᠨ ᠰᠢᠨ᠎ᠡ ᠴᠢᠨᠠᠷ ᠦᠨ ᠦᠢᠯᠡᠳᠪᠦᠷᠢᠯᠡᠯ᠎ᠤᠨ ᠬᠦᠴᠦᠨ᠎ᠢ ᠪᠤᠶ᠋ᠢᠵᠢᠭᠤᠯᠤᠭᠰᠠᠨ ᠠᠮᠢᠳᠤᠯᠢᠭ ᠬᠤᠷᠢᠶᠠᠩᠭᠤᠢ ᠳᠦᠷᠰᠦ ᠪᠣᠯᠪᠠ᠃ ᠪᠢᠴᠢᠯ ᠵᠢᠵᠢᠭ ᠲᠣᠨᠣᠭ᠂ ᠨᠠᠷᠢᠯᠢᠭ ᠤᠨᠤᠴᠠᠲᠠᠢ ᠠᠵᠢᠯ᠎ᠤᠨ ᠶᠠᠪᠤᠴᠠ᠎ᠨᠢ ᠠᠵᠤ ᠦᠢᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠶᠢᠨ ᠬᠦᠴᠦᠷᠬᠡᠭ ᠶᠡᠭᠡ ᠬᠥᠳᠡᠯᠭᠡᠬᠦ᠌ ᠬᠦᠴᠦᠨ᠎ᠢ ᠨᠢᠭᠲᠠᠷᠠᠭᠤᠯᠵᠤ᠂ ᠤᠯᠠᠭᠠᠨᠬᠠᠳᠠ ᠬᠤᠲᠠ ᠴᠢᠨᠠᠭᠰᠢᠯᠠᠪᠠᠯ ᠪᠦᠬᠦ᠌ ᠣᠷᠣᠨ᠎ᠤ ᠦᠢᠯᠡᠳᠬᠦ᠌ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ᠌᠎ᠳᠤ ᠲᠠᠰᠤᠷᠠᠯᠲᠠ ᠦᠭᠡᠢ ᠠᠮᠢᠵᠢᠷᠠᠯ᠎ᠤᠨ ᠬᠦᠴᠦᠨ ᠨᠡᠮᠡᠷᠢᠯᠡᠬᠦ᠌ ᠪᠣᠯᠣᠨ᠎ᠠ᠃
ᠰᠣᠷᠪᠤᠯᠵᠢᠯᠠᠬᠴᠢ᠎ᠶᠢᠨ ᠡᠪᠤᠷ ᠲᠡᠮᠳᠡᠭᠯᠡᠯ᠄
ᠲᠤᠪᠴᠢ ᠵᠢᠨ ᠬᠢᠷᠢᠲᠡᠢ ᠲᠤᠨᠤᠭ ᠲᠦ᠍ ᠲᠤᠮᠤ ᠡᠨ᠋ᠸᠷᠬᠢ ᠵᠢ ᠪᠠᠭᠲᠠᠭᠠᠨ᠎ᠠ᠃ ᠤᠯᠠᠭᠠᠨᠬᠠᠳᠠ ᠬᠤᠲᠠ᠎ᠶᠢᠨ ᠬᠤᠩᠱᠠᠨ ᠠᠵᠤ ᠦᠢᠯᠡᠰ᠎ᠤᠨ ᠬᠦᠷᠢᠶᠡᠯᠡᠩ᠎ᠳᠤ ᠬᠤᠭᠤᠷᠤᠨᠳᠤ ᠪᠠᠨ ᠣᠬᠤᠷᠬᠠᠨ ᠨᠢᠭᠡ ᠺᠢᠯᠣᠮᠧᠲᠷ᠎ᠤᠨ ᠵᠠᠢ ᠲᠠᠢ 3 ᠠᠵᠤ ᠠᠬᠤᠶ᠋ᠢᠯᠠᠯ ᠲᠣᠰ ᠲᠣᠰ᠎ᠤᠨ ᠡᠷᠳᠡᠮ ᠵᠢᠡᠨ ᠭᠠᠢᠬᠠᠭᠤᠯᠵᠤ᠂ ᠪᠢᠴᠢᠯ ᠲᠣᠨᠤᠭ ᠳᠦᠬᠦᠭᠡᠷᠦᠮᠵᠢ ᠵᠢᠨ ᠬᠦᠭᠵᠢᠯᠲᠡ ᠵᠢᠨ ᠵᠠᠮ ᠳᠡᠭᠡᠷ᠎ᠡ ᠨᠠᠷᠢᠯᠢᠭ ᠰᠤᠳᠤᠯᠤᠨ ᠦᠢᠯᠡᠳᠦᠭᠰᠡᠨ ᠨᠢ 《ᠪᠢᠴᠢᠯ ᠦᠢᠯᠡᠳᠬᠦᠨ》 ᠳ᠋ᠤ 《ᠲᠣᠮᠣ ᠪᠣᠳᠠᠲᠤ᠌ ᠬᠦᠴᠦᠨ》 ᠬᠠᠳᠠᠭᠠᠯᠠᠬᠳᠠᠵᠤ ᠪᠠᠢᠭ᠎ᠠ ᠵᠢ ᠰᠤᠷᠪᠤᠯᠵᠢᠯᠠᠬᠴᠢ᠎ᠳᠦ ᠮᠡᠳᠡᠷᠡᠬᠦᠯᠦᠯ᠎ᠡ᠃
ᠮᠢᠺᠷᠣᠮᠧᠲ᠋ᠷᠦ᠋ᠨ ᠲᠠᠰ ᠤ᠋ᠨ LED ᠢᠯᠲᠠᠰᠤ᠂ ᠬᠡᠵᠢᠬᠡᠨ ᠰᠢᠷᠭᠡᠭ ᠡᠴᠡ ᠴᠦ᠍ ᠨᠠᠷᠢᠨ ᠠᠯᠲᠠᠨ ᠤᠲᠠᠰᠤ ᠡᠴᠡ ᠬᠦᠡᠭᠬᠡᠨ ᠯᠢᠲ᠋ᠢ ᠳ᠋ᠢᠶᠠᠨ ᠤ᠋ᠤᠢ᠂ ᠭᠤᠶᠤ ᠬᠢᠴᠡ ᠲᠠᠢ ᠴᠠᠬᠢᠯᠭᠠᠨ᠎ᠢ ᠳᠠᠭᠤ ᠪᠤᠯᠭᠠᠨ ᠬᠤᠪᠢᠷᠠᠭᠤᠯᠤᠭᠴᠢ ᠬᠦᠷᠳᠡᠯ᠎ᠠ᠂ ᠡᠳᠡᠭᠡᠷ ᠵᠢᠵᠢᠭ ᠲᠣᠨᠣᠭ᠎ᠤᠳ ᠨᠢ ᠡᠩ᠎ᠦ᠋ᠨ ᠰᠡᠯᠪᠢᠭ ᠲᠣᠨᠣᠭ ᠪᠢᠰᠢ᠂ ᠬᠠᠷᠢᠨ ᠵᠠᠬ᠎ᠠ ᠳᠡᠯᠭᠡᠭᠦᠷ᠎ᠢ ᠵᠠᠪᠳᠤᠨ ᠡᠵᠡᠯᠡᠬᠦ ᠥᠷᠢᠰᠦᠯᠳᠦᠬᠦ᠌ ᠬᠦᠴᠦᠨᠪᠤᠯᠤᠨᠠ᠃ ᠲᠣᠭᠤᠰᠦ ᠦᠭᠡᠢ ᠦᠢᠯᠡᠳᠪᠦᠷᠢ᠎ᠶᠢᠨ ᠲᠠᠰᠤᠭ᠎ᠲᠤ᠌ ᠳᠡᠭᠡᠳᠦ ᠬᠤᠷᠳᠤᠴᠠ᠎ᠪᠠᠷ ᠠᠵᠢᠯᠯᠠᠬᠤ ᠲᠥᠬᠦᠭᠡᠷᠦᠮᠵᠢ᠂ ᠦᠷᠭᠦᠯᠵᠢᠯᠡᠨ ᠳᠡᠭᠡᠭᠰᠢᠯᠡᠵᠦ᠍ ᠪᠠᠶ᠋ᠢᠭ᠎ᠠ ᠦᠢᠯᠡᠳᠪᠦᠷᠢᠯᠡᠬᠦ᠌ ᠴᠢᠳᠠᠪᠤᠷᠢ᠎ᠶᠢᠨ ᠲᠤᠭ᠎ᠠ ᠪᠠᠷᠢᠮᠲᠠ ᠨᠢ ᠲᠤᠰ ᠭᠠᠵᠠᠷ᠎ᠤᠨ ᠦᠢᠯᠡᠳᠬᠦ᠌ ᠦᠢᠯᠡᠰ ᠣᠷᠣᠯᠠᠨ ᠦᠢᠯᠡᠳᠬᠦ᠌ ᠡᠴᠡ ᠪᠡᠶ᠎ᠡ᠎ᠪᠠᠨ ᠳᠠᠭᠠᠭᠠᠵᠤ ᠰᠤᠳᠤᠯᠤᠨ ᠨᠡᠭᠡᠭᠡᠬᠦ ᠂ ᠳᠡᠭᠡᠳᠦ ᠲᠡᠰ᠎ᠤᠨ ᠣᠶᠤᠨᠴᠢ ᠦᠢᠯᠡᠳᠬᠦ᠌ ᠲᠡᠢᠰᠢ ᠬᠤᠪᠢᠷᠠᠵᠤ ᠪᠠᠶ᠋ᠢᠬᠤ᠎ᠶᠢ ᠭᠡᠷᠡᠴᠢᠯᠡᠵᠦ᠍ ᠪᠤᠢ᠃
ᠨᠡᠩ ᠪᠠᠶᠠᠷᠯᠠᠭᠤᠰᠢᠲᠠᠢ ᠨᠢ᠂ 3 ᠠᠵᠤ ᠠᠬᠤᠶ᠋ᠢᠯᠠᠯ ᠲᠤᠰ ᠲᠤᠰ ᠲᠠᠭᠠᠨ ᠦᠢᠯᠡᠳᠪᠦᠷᠢᠯᠡᠬᠦ ᠪᠢᠰᠢ᠂ ᠬᠠᠷᠢᠨ ᠣᠷᠣᠨ ᠪᠠᠶ᠋ᠢᠷᠢ᠎ᠶᠢᠨ ᠳᠠᠪᠠᠭᠤᠯᠢᠭ᠎ᠲᠠᠭᠠᠨ ᠲᠦᠰᠢᠭᠯᠡᠨ ᠬᠠᠮᠳᠤᠷᠠᠨ ᠠᠵᠢᠯᠯᠠᠵᠤ᠂ ᠳᠡᠭᠡᠳᠦ ᠳᠤᠤᠷᠠᠳᠤ ᠤᠷᠤᠰᠬᠠᠯ ᠬᠤᠯᠪᠣᠭᠠᠯᠠᠨ ᠬᠥᠳᠡᠯᠦᠯᠴᠡᠬᠦ᠂ ᠠᠵᠤ ᠦᠢᠯᠡᠰ ᠬᠠᠷᠢᠯᠴᠠᠨ ᠨᠥᠬᠦᠪᠥᠷᠢᠯᠡᠬᠦ᠌ ᠰᠢᠨ᠎ᠡ ᠬᠥᠭᠵᠢᠯᠲᠡ᠎ᠶᠢᠨ ᠪᠠᠶ᠋ᠢᠷᠢᠰᠢᠯ᠎ᠢ ᠪᠦᠷᠢᠯᠳᠦᠭᠦᠯᠵᠡᠢ᠃ ᠠᠷᠠᠯᠵᠢᠶᠠᠴᠢᠨ᠎ᠢᠶᠠᠷ ᠠᠷᠠᠯᠵᠢᠶᠠᠴᠢᠨ ᠤᠷᠢᠵᠤ᠂ ᠬᠡᠯᠬᠢᠶᠡᠵᠢᠭᠰᠡᠨ ᠬᠥᠭᠵᠢᠯᠲᠡ᠎ᠶᠢ ᠠᠬᠢᠭᠤᠯᠤᠨ᠂ ᠳᠠᠩ ᠭᠠᠭᠴᠠ ᠦᠢᠯᠡᠳᠬᠦᠨ᠎ᠤ ᠳᠡᠰ ᠳᠡᠪᠰᠢᠬᠦ᠌᠎ᠶᠢ ᠣᠨᠴᠠᠯᠢᠭᠲᠤ᠌ ᠠᠵᠤ ᠦᠢᠯᠡᠰ᠎ᠤᠨ ᠰᠦᠷᠦᠭᠵᠢᠯ ᠪᠣᠯᠭᠠᠵᠤ᠂ ᠣᠷᠣᠨ ᠪᠦᠰᠡ᠎ᠶᠢᠨ ᠠᠵᠤ ᠦᠢᠯᠡᠰ᠎ᠤᠨ ᠥᠷᠢᠰᠥᠯᠳᠦᠬᠦ᠌ ᠬᠦᠴᠦᠨ᠎ᠤ ᠦᠷᠭᠦᠯᠵᠢᠯᠡᠨ ᠳᠡᠭᠡᠭᠰᠢᠯᠡᠬᠦ᠌᠎ᠶᠢ ᠠᠬᠢᠭᠤᠯᠵᠤ ᠪᠠᠢᠨ᠎ᠠ᠃