● ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠶᠠᠰᠤ ᠴᠢᠨᠠᠷ ᠤ᠋ᠨ ᠠᠮᠤᠷ ᠲᠦᠪᠰᠢᠨ ᠤ᠋ ᠲᠤᠮᠤ ᠳ᠋ᠠᠶ᠋ᠢᠲ᠋ᠠ ᠶ᠋ᠢᠨ ᠲᠠᠪᠴᠠᠩ ᠢ᠋ ᠪᠠᠢᠭᠤᠯᠵᠤ ᠳᠡᠯᠭᠡᠷᠡᠭᠦᠯᠦᠨ ᠬᠡᠷᠡᠭᠯᠡᠪᠡ᠃
ᠤᠳᠤᠬᠠᠨ ᠪᠤᠯᠳᠠᠯ᠎ᠠ ᠲᠤᠰ ᠳᠠᠪᠴᠠᠩ ᠳ᠋ᠤ ᠳᠠᠡᠭᠰᠠᠯᠠᠭᠤᠯᠤᠭᠰᠠᠨ ᠭᠤᠤᠯ ᠴᠤᠭᠴᠠ ᠨᠢᠬᠡᠨᠳᠡ 2.1 ᠲᠦᠮᠡᠨ ᠡᠷᠦᠬᠡ ᠳ᠋ᠦ ᠬᠦᠷᠴᠦ᠂ ᠨᠡᠶ᠋ᠢᠲᠡ 44.2 ᠲᠦᠮᠠᠨ ᠬᠤᠪᠢ ᠡᠯᠧᠺᠲ᠋ᠷᠣᠨ ᠬᠢᠷᠢ ᠲᠡᠩᠴᠡᠭᠰᠡᠨ ᠦᠨᠡᠮᠯᠡᠯ ᠭᠠᠷᠭᠠᠪᠠ᠃
● 2026 ᠤᠨ ᠳ᠋ᠤ ᠦᠪᠦᠷ ᠮᠤᠩᠭᠤᠯ ᠮᠢᠬᠠᠨ ᠤ᠋ ᠬᠤᠨᠢ ᠮᠢᠬᠠᠨ ᠤ᠋ ᠦᠭᠡᠷ ᠤ᠋ᠨ ᠤᠶᠤᠨᠴᠢ ᠮᠠᠯᠵᠢᠯ ᠤ᠋ᠨ ᠲᠠᠯᠠᠪᠠᠢ ᠵᠢ 120 ᠭᠠᠷᠤᠢ ᠪᠠᠢᠭᠤᠯᠬᠤ ᠪᠡᠷ ᠲᠦᠯᠦᠪᠯᠡᠵᠦ ᠪᠠᠢᠨ᠎ᠠ᠃
● ᠢᠷᠡᠬᠦ ᠭᠤᠷᠪᠠᠨ ᠵᠢᠯ ᠳ᠋ᠤ᠂ ᠦᠪᠦᠷ ᠮᠤᠩᠭᠤᠯ 《ᠳᠣᠬᠢᠭᠤᠷ ᠲᠤᠯᠤᠭᠠᠨ ᠣᠲᠣ》 ᠵᠠᠮᠴᠢᠯᠠᠭᠤᠷ ᠰᠢᠰᠲᠸᠮ ᠢ᠋ ᠤᠭᠰᠠᠷᠠᠭᠰᠠᠨ ᠲᠠᠷᠢᠶᠠᠯᠠᠩ ᠤ᠋ᠨ ᠮᠠᠰᠢᠨ ᠢ᠋ 6 ᠲᠦᠮᠡᠨ ᠰᠠᠭᠤᠷᠢ ᠵᠢ ᠳᠠᠪᠠᠭᠤᠯᠬᠤ ᠪᠡᠷ ᠴᠢᠷᠮᠠᠢᠵᠤ ᠪᠠᠢᠨ᠎ᠠ᠃
● ᠢᠷᠡᠬᠦ ᠭᠤᠷᠪᠠᠨ ᠵᠢᠯ ᠳ᠋ᠤ᠂ ᠦᠪᠦᠷ ᠮᠤᠩᠭᠤᠯ ᠤᠳᠤ ᠶ᠋ᠢᠨ ᠪᠠᠢᠭ᠎ᠠ 8 ᠲᠦᠮᠡᠨ ᠬᠤᠪᠢ ᠲᠠᠷᠢᠮᠠᠯ ᠂ 15.7 ᠲᠦᠮᠡᠨ ᠬᠤᠪᠢ ᠮᠠᠯ ᠵᠢᠭᠦᠷᠲᠡᠨ ᠤ᠋ ᠤᠳᠤᠮᠯᠠᠯ ᠤ᠋ᠨ ᠮᠠᠲᠸᠷᠢᠶᠠᠯ ᠤ᠋ᠨ ᠲᠤᠭᠠᠴᠢᠯᠠᠭᠰᠠᠨ ᠳᠠᠡᠭᠰᠠ ᠡᠪᠬᠡᠮᠡᠯ ᠢ᠋ ᠪᠠᠢᠭᠤᠯᠵᠤ ᠂ ᠵᠤᠬᠢᠶᠠᠮᠠᠯ ᠤᠶᠤᠨ ᠴᠢᠳᠠᠪᠤᠷᠢ ᠶ᠋ᠢᠨ ᠮᠡᠷᠭᠡᠵᠢᠯ ᠢ᠋ ᠠᠰᠢᠭᠯᠠᠨ ᠰᠢᠯᠢᠳᠡᠭ ᠭᠸᠨ ᠢ᠋ ᠠᠭᠤᠳᠠᠯᠵᠤ ᠢᠯᠡᠷᠡᠭᠦᠯᠦᠨ᠂ ᠰᠢᠯᠢᠳᠡᠭ ᠰᠠᠢᠨ ᠡᠬᠦᠯᠳᠡᠷ ᠢ᠋ ᠰᠤᠩᠭᠤᠨ ᠪᠤᠢᠵᠢᠭᠤᠯᠬᠤ ᠦᠶᠡᠯᠡᠯ ᠤ᠋ᠨ ᠬᠤᠭᠤᠴᠠᠭ᠎ᠠ ᠵᠢ 30% — 50% ᠪᠡᠷ ᠪᠤᠭᠤᠨᠢᠰᠬᠠᠬᠤ ᠪᠡᠷ ᠲᠦᠯᠦᠪᠯᠡᠵᠦ ᠪᠠᠢᠨ᠎ᠠ᠃
2025 ᠤᠨ ᠳ᠋ᠦ ᠲᠦᠷᠦ ᠶ᠋ᠢᠨ ᠶᠠᠪᠤᠳᠠᠯ ᠤ᠋ᠨ ᠬᠤᠷᠢᠶ᠎ᠠ ᠡᠴᠡ 《〈ᠵᠤᠬᠢᠶᠠᠮᠠᠯ ᠤᠶᠤᠨ ᠴᠢᠳᠠᠪᠤᠷᠢ +〉 ᠠᠵᠢᠯᠯᠠᠭ᠎ᠠ ᠶ᠋ᠢ ᠬᠦᠨᠵᠡᠭᠡᠢ ᠬᠡᠷᠡᠭᠵᠢᠭᠦᠯᠬᠦ ᠲᠤᠬᠠᠢ ᠰᠠᠨᠠᠯ 》 ᠢ᠋ ᠳᠠᠷᠤᠮᠠᠯᠯᠠᠨ ᠲᠠᠷᠬᠠᠭᠠᠵᠤ᠂ ᠬᠦᠳᠡᠭᠡ ᠠᠵᠤ ᠠᠬᠤᠢ ᠶ᠋ᠢᠨ ᠲᠤᠭᠠᠴᠢᠯᠠᠭᠰᠡᠨ ᠤᠶᠤᠨᠴᠢᠯᠠᠭᠰᠠᠨ ᠲᠠᠢᠰᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠷᠭᠡᠳᠭᠡᠬᠦ ᠬᠡᠷᠡᠭᠲᠡᠢ ᠭᠡᠵᠦ ᠲᠤᠳᠤᠷᠬᠠᠢ ᠵᠢᠭᠠᠵᠤ ᠭᠠᠷᠭᠠᠪᠠ᠃ ᠡᠨᠡ ᠵᠢᠯ ᠮᠠᠨ ᠤ᠋ ᠤᠷᠤᠨ ᠪᠠᠰᠠ 《ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋〈ᠵᠤᠬᠢᠶᠠᠮᠠᠯ ᠤᠶᠤᠨ ᠴᠢᠳᠠᠪᠤᠷᠢ +〉 ᠠᠵᠢᠯᠯᠠᠭ᠎ᠠ ᠶ᠋ᠢ ᠬᠡᠷᠡᠭᠵᠢᠭᠦᠯᠬᠦ ᠲᠦᠰᠦᠯ (2026 — 2028 ᠤᠨ)》 ᠢ᠋ ᠳᠠᠷᠤᠮᠠᠯᠯᠠᠨ ᠲᠠᠷᠬᠠᠭᠠᠵᠤ᠂ ᠵᠤᠬᠢᠶᠠᠮᠠᠯ ᠤᠶᠤᠨ ᠴᠢᠳᠠᠪᠤᠷᠢ ᠶ᠋ᠢ ᠡᠯ᠎ᠠ ᠠᠵᠢᠯ ᠲᠦᠷᠦᠯ ᠤ᠋ᠨ ᠬᠢᠨ ᠳ᠋ᠤ ᠠᠰᠢᠭᠯᠠᠨ ᠬᠡᠷᠡᠭᠯᠡᠬᠦ ᠭᠤᠷᠪᠠᠨ ᠵᠢᠯ ᠤ᠋ᠨ ᠲᠦᠰᠦᠪ ᠢ᠋ ᠳᠤᠷᠠᠳᠴᠠᠢ᠃