ᠪᠡᠭᠡᠵᠢᠩ ᠬᠣᠲᠠ᠎ᠶᠢᠨ ᠨᠠᠮ ᠵᠠᠰᠠᠭ᠎ᠤᠨ ᠲᠥᠯᠥᠭᠡᠯᠡᠭᠴᠢᠳ᠎ᠦᠨ ᠪᠦᠯᠬᠦᠮ ᠮᠠᠨ᠎ᠤ ᠣᠷᠣᠨ᠎ᠳᠤ ᠢᠷᠡᠵᠦ᠍ ᠪᠡᠭᠡᠵᠢᠩ ᠥᠪᠥᠷ ᠮᠣᠩᠭᠣᠯ᠎ᠤᠨ ᠪᠠᠢᠩᠭᠤᠵᠢᠭᠰᠠᠨ ᠬᠠᠮᠵᠢᠯᠴᠠᠭ᠎ᠠ ᠵᠢᠨ ᠠᠵᠢᠯ ᠢ᠋ ᠰᠢᠨᠵᠢᠯᠡᠨ ᠪᠠᠢᠴᠠᠭᠠᠵᠤ ᠠᠬᠢᠭᠤᠯᠪᠠ
2026-06-27 11:44:58
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠶᠢᠨ ᠯᠢ     ᠸᠠᠩ ᠸᠧᠶ ᠵᠥᠩ ᠣᠷᠣᠯᠴᠠᠵᠠᠢ


6 ᠰᠠᠷ᠎ᠠ᠎ᠶᠢᠨ 25 ᠤ᠋ ᠡᠳᠦᠷ ᠡᠴᠡ 26 ᠤ᠋ ᠡᠳᠦᠷ ᠪᠣᠯᠲᠠᠯ᠎ᠠ᠂ ᠪᠡᠭᠡᠵᠢᠩ ᠬᠣᠲᠠ᠎ᠶᠢᠨ ᠨᠠᠮ ᠵᠠᠰᠠᠭ᠎ᠤᠨ ᠲᠥᠯᠥᠭᠡᠯᠡᠭᠴᠢᠳ᠎ᠦᠨ ᠪᠦᠯᠬᠦᠮ ᠮᠠᠨ᠎ᠤ ᠣᠷᠣᠨ᠎ᠳᠤ ᠰᠢᠨᠵᠢᠯᠡᠨ ᠪᠠᠶ᠋ᠢᠴᠠᠭᠠᠵᠤ᠂ ᠪᠡᠭᠡᠵᠢᠩ ᠥᠪᠥᠷ ᠮᠣᠩᠭᠣᠯ᠎ᠤᠨ ᠪᠠᠢᠩᠭᠤᠵᠢᠭᠰᠠᠨ ᠬᠠᠮᠵᠢᠯᠴᠠᠭ᠎ᠠ ᠵᠢᠨ ᠠᠵᠢᠯ ᠢ᠋ ᠵᠣᠯᠭᠠᠭᠤᠯᠤᠨ ᠠᠬᠢᠭᠤᠯᠪᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠶ᠎ᠠ ᠵᠢᠨ ᠭᠡᠰᠢᠭᠦᠨ᠂ ᠪᠡᠭᠡᠵᠢᠩ ᠬᠣᠲᠠ᠎ᠶᠢᠨ ᠨᠠᠮ᠎ᠤᠨ ᠬᠣᠷᠢᠶ᠎ᠠ ᠵᠢᠨ ᠱᠦᠵᠢ ᠶᠢᠨ ᠯᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ ᠬᠤᠯᠪᠤᠭᠳᠠᠯ ᠪᠥᠬᠥᠶ ᠠᠵᠢᠯᠯᠠᠭ᠎ᠠ᠎ᠳᠤ ᠣᠷᠣᠯᠴᠠᠭᠰᠠᠨ ᠪᠥᠭᠡᠳ ᠭᠦᠨᠵᠡᠭᠡᠶ ᠶᠠᠷᠢᠯᠴᠠᠪᠠ᠃


QQ截图20260627114654.png


6 ᠰᠠᠷ᠎ᠠ᠎ᠶᠢᠨ 25᠎ᠤ᠋ ᠡᠳᠦᠷ᠂ ᠪᠡᠭᠡᠵᠢᠩ ᠬᠣᠲᠠ᠎ᠶᠢᠨ ᠨᠠᠮ ᠵᠠᠰᠠᠭ᠎ᠤᠨ ᠲᠥᠯᠥᠭᠡᠯᠡᠭᠴᠢᠳ᠎ᠦᠨ ᠪᠦᠯᠬᠦᠮ ᠳ᠋ᠦᠸᠸ ᠪᠦ ᠺᠦᠯ ᠠᠩᠴᠢᠳ ᠤ᠋ᠨ ᠲᠣᠰᠬᠣᠨ᠎ᠳᠤ ᠬᠦᠷᠴᠦ᠍᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ ᠵᠡᠷᠭᠡ ᠪᠠᠶ᠋ᠢᠳᠠᠯ᠎ᠢ ᠨᠠᠷᠢᠨ ᠣᠶ᠋ᠢᠯᠠᠭᠠᠪᠠ᠃

ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ


ᠬᠣᠶᠠᠷ ᠡᠳᠦᠷ᠎ᠦᠨ ᠲᠤᠷᠰᠢ᠂ ᠪᠡᠭᠡᠵᠢᠩ ᠬᠣᠲᠠ᠎ᠶᠢᠨ ᠨᠠᠮ ᠵᠠᠰᠠᠭ᠎ᠤᠨ ᠲᠥᠯᠥᠭᠡᠯᠡᠭᠴᠢᠳ᠎ᠦᠨ ᠪᠦᠯᠬᠦᠮ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠳᠤ ᠭᠦᠨᠵᠡᠭᠡᠶ᠋ᠢᠷᠡᠵᠦ᠍᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠥᠷᠨᠢᠭᠦᠯᠦᠭᠰᠡᠨ ᠪᠠᠶ᠋ᠢᠳᠠᠯ᠎ᠢ ᠰᠢᠨᠵᠢᠯᠡᠨ ᠪᠠᠶ᠋ᠢᠴᠠᠭᠠᠪᠠ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠠᠵᠤ ᠦᠢᠯᠡᠰ᠎ᠦᠨ ᠬᠦᠷᠢᠶᠡᠯᠡᠩ᠂ ᠵᠢᠩ ᠯᠦᠨ ᠽᠢ ᠰᠤ᠌ ᠲᠠᠷᠢᠶᠠᠯᠠᠩ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ᠎ᠶᠢᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢ᠎ᠶᠢᠨ ᠲᠠᠰᠤᠭ᠂ ᠬᠣᠰᠢᠭᠤᠨ᠎ᠤ ᠬᠢᠲᠠᠳ ᠮᠣᠩᠭᠣᠯ ᠡᠮᠨᠡᠯᠭᠡ᠎ᠶᠢᠨ ᠬᠣᠷᠢᠶ᠎ᠠ᠂ ᠬᠣᠰᠢᠭᠤᠨ᠎ᠤ ᠦᠨᠳᠦᠰᠦᠲᠡᠨ᠎ᠦ ᠠᠵᠢᠯ ᠮᠡᠷᠭᠡᠵᠢᠯ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳ᠋ᠤ᠂ ᠲᠥᠯᠥᠭᠡᠯᠡᠭᠴᠢᠳ᠎ᠦᠨ ᠪᠦᠯᠬᠦᠮ ᠬᠣᠯᠪᠣᠭᠳᠠᠯ ᠪᠥᠬᠥᠶ ᠪᠠᠶ᠋ᠢᠳᠠᠯ᠎ᠤᠨ ᠲᠠᠨᠢᠯᠴᠠᠭᠤᠯᠭ᠎ᠠ᠎ᠶᠢ ᠨᠠᠷᠢᠨ ᠬᠢᠨᠠᠮᠠᠭᠠᠶ ᠰᠣᠨᠣᠰᠴᠤ᠌᠂ ᠠᠵᠤ ᠦᠢᠯᠡᠰ᠂ ᠡᠮᠴᠢᠯᠡᠭᠡ ᠪᠠ ᠰᠤᠷᠭᠠᠨ ᠬᠥᠮᠦᠵᠢᠯ᠎ᠢᠶᠡᠷ ᠬᠠᠪᠰᠤᠷᠤᠨ ᠲᠡᠳᠬᠦᠬᠦ᠌ ᠠᠵᠢᠯ᠎ᠢ ᠨᠠᠷᠢᠨ ᠣᠶ᠋ᠢᠯᠠᠭᠠᠵᠤ᠂ ᠪᠡᠭᠡᠵᠢᠩ ᠬᠣᠲᠠ ᠡᠴᠡ ᠥᠪᠥᠷ ᠮᠣᠩᠭᠣᠯ᠎ᠳᠤ ᠲᠣᠮᠢᠯᠠᠭᠰᠠᠨ ᠡᠮᠴᠢ ᠪᠠ ᠪᠠᠭᠰᠢ᠎ᠶᠢᠨ ᠲᠥᠯᠥᠭᠡᠯᠡᠭᠴᠢ᠎ᠶᠢ ᠡᠷᠭᠢᠨ ᠦᠵᠡᠪᠡ᠃ ᠳ᠋ᠦᠸᠸ ᠪᠦ ᠺᠦᠯ ᠠᠩᠴᠢᠳ ᠤ᠋ᠨ ᠲᠣᠰᠬᠣᠨ᠂ ᠲᠣᠪᠠ ᠰᠢᠶᠡᠨᠪᠢ᠎ᠶᠢᠨ ᠲᠡᠦᠬᠡ ᠰᠣᠶᠣᠯ᠎ᠤᠨ ᠬᠦᠷᠢᠶᠡᠯᠡᠩ᠎ᠳᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ᠂ ᠠᠮᠢ ᠠᠬᠤᠶ᠎ᠶᠢᠨ ᠬᠠᠮᠠᠭᠠᠯᠠᠯᠲᠠ ᠪᠠ ᠲᠡᠦᠬᠡ᠎ᠶᠢᠨ ᠦᠯᠡᠳᠡᠭᠳᠡᠯ᠎ᠢ ᠬᠠᠮᠠᠭᠠᠯᠠᠨ ᠠᠰᠢᠭᠯᠠᠵᠤ ᠪᠠᠶ᠋ᠢᠭ᠎ᠠ ᠪᠠᠶ᠋ᠢᠳᠠᠯ᠎ᠢ ᠭᠦᠨᠵᠡᠭᠡᠶ ᠣᠶ᠋ᠢᠯᠠᠭᠠᠪᠠ᠃ ᠲᠥᠯᠥᠭᠡᠯᠡᠭᠴᠢᠳ᠎ᠦᠨ ᠪᠦᠯᠬᠦᠮ ᠪᠠᠰᠠ ᠳ᠋ᠠ ᠶᠠᠩ ᠱᠤ᠌ ᠪᠠᠯᠭᠠᠰᠤᠨ᠎ᠤ ᠵᠧᠨ ᠰᠢᠩ ᠲᠣᠰᠬᠣᠨ᠎ᠳᠤ ᠬᠦᠷᠴᠦ᠍᠂ ᠶᠠᠳᠠᠭᠤ ᠡᠴᠡ ᠠᠩᠭᠢᠵᠢᠷᠠᠭᠰᠠᠨ ᠤᠯᠠᠨ ᠲᠦᠮᠡᠨ᠎ᠢ ᠪᠣᠯᠭᠣᠭᠠᠨ ᠲᠣᠬᠣᠨᠢᠭᠤᠯᠪᠠ᠃

ᠪᠡᠭᠡᠵᠢᠩ ᠬᠤᠳᠠ·ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠠᠵᠢᠯ᠎ᠤᠨ ᠶᠠᠷᠢᠯᠴᠠᠬᠤ ᠬᠤᠷᠠᠯ ᠳᠡᠭᠡᠷ᠎ᠡ᠂ ᠶᠢᠨ ᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠡᠭᠡᠵᠢᠩ ᠬᠤᠳᠠ᠎ᠶᠢᠨ ᠬᠥᠭᠵᠢᠯᠲᠡ᠎ᠶᠢ ᠳᠡᠮᠵᠢᠭᠰᠡᠨ᠎ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ᠎ᠶᠢ ᠥᠷᠨᠢᠭᠦᠯᠬᠦ᠌ ᠪᠣᠯ ᠨᠠᠮ᠎ᠤᠨ ᠲᠥᠪ ᠬᠣᠷᠢᠶ᠎ᠠ ᠵᠢᠨ ᠭᠠᠷᠭᠠᠭᠰᠠᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠠᠯᠢ ᠣᠯᠠᠨ ᠴᠢᠬᠤᠯᠠ ᠵᠢᠭᠠᠪᠤᠷᠢ ᠥᠭᠴᠦ᠍᠂ ᠳᠤᠳᠤᠷᠬᠠᠢ ᠠᠵᠢᠯ᠎ᠤᠨ ᠱᠠᠭᠠᠷᠳᠠᠯᠭ᠎ᠠ ᠳᠤᠷᠠᠳᠴᠤ᠌᠂ ᠪᠢᠳᠡᠨ᠎ᠦ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ ᠠᠵᠢᠯ᠎ᠢ ᠰᠠᠶ᠋ᠢᠲᠤᠷ ᠬᠢᠬᠦ᠌ ᠎ᠳᠦ ᠦᠨᠳᠦᠰᠦᠨ ᠵᠢᠷᠤᠮᠯᠠᠯ ᠬᠠᠩᠭᠠᠪᠠ ᠃ ᠪᠡᠭᠡᠵᠢᠩ ᠥᠪᠥᠷ ᠮᠣᠩᠭᠣᠯ ᠬᠠᠪᠰᠤᠷᠤᠯᠴᠠᠭ᠎ᠠ ᠪᠠᠢᠭᠤᠯᠤᠭᠰᠠᠨ 30 ᠵᠢᠯ ᠎ᠦᠨ ᠲᠤᠷᠰᠢ᠂ ᠡᠯ᠎ᠡ ᠲᠠᠯ᠎ᠠ ᠎ᠶᠢᠨ ᠬᠠᠮᠲᠤ ᠎ᠶᠢᠨ ᠴᠢᠷᠮᠠᠶ᠋ᠢᠯᠭ᠎ᠠ ᠎ᠪᠠᠷ ᠂ ᠡᠯ᠎ᠡ ᠬᠦᠷᠢᠶᠡᠨ ᠎ᠳᠦ  ᠴᠥᠮ ᠡᠯᠪᠡᠭ  ᠪᠠᠶᠠᠯᠢᠭ ᠦᠷ᠎ᠡ  ᠪᠦᠲᠦᠭᠡᠯ ᠣᠯᠵᠠᠶ ᠃ ᠪᠡᠭᠡᠵᠢᠩ  ᠬᠣᠲᠠ  ᠵᠢᠨ  ᠬᠢᠨ  ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠶᠢ ᠲᠡᠷᠡ ᠶᠤᠰᠤᠭᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠹᠦᠵᠢᠶᠠᠨ ᠨᠢᠩᠰᠢᠶᠠ᠎ᠶᠢᠨ ᠬᠠᠮᠵᠢᠯᠴᠠᠭᠠᠨ᠎ᠤ ᠲᠣᠭᠲᠠᠴᠠ᠎ᠶᠢ ᠰᠤᠷᠤᠯᠴᠠᠨ ᠲᠣᠯᠢ ᠪᠤᠯᠭᠠᠵᠤ᠂ ᠡᠯ᠎ᠡ ᠲᠠᠰ ᠳᠠᠪᠬᠤᠷᠭ᠎ᠠ᠎ᠶᠢᠨ ᠵᠣᠯᠭᠠᠯᠴᠠᠭ᠎ᠠ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠵᠦ᠍᠂ ᠬᠠᠮᠵᠢᠯᠴᠠᠬᠤ ᠬᠦᠷᠢᠶ᠎ᠡ᠎ᠪᠡᠨ ᠥᠷᠭᠡᠳᠬᠡᠵᠦ᠍᠂ ᠬᠠᠮᠵᠢᠯᠴᠠᠬᠤ ᠲᠦᠪᠰᠢᠨ᠎ᠢᠶᠡᠨ ᠳᠡᠭᠡᠭᠰᠢᠯᠡᠭᠦᠯᠵᠦ᠍᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠌᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠂ ᠠᠵᠤ ᠦᠢᠯᠡᠰ᠎ᠦᠨ ᠬᠥᠭᠵᠢᠯᠲᠡ᠎ᠳᠦ ᠬᠦᠴᠦᠨ ᠨᠡᠮᠡᠷᠢᠯᠡᠬᠦ᠌᠂ ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠰᠠᠶ᠋ᠢᠵᠢᠷᠠᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠨ᠎ᠡ᠃ ᠬᠡᠪᠴᠢᠶᠡᠴᠢᠯ ᠤ᠋ᠨ ᠴᠢᠨᠠᠷᠲᠠᠶ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶᠢ ᠰᠡᠷᠭᠡᠶ᠋ᠢᠯᠡᠬᠦ᠌ ᠬᠣᠷᠢᠭ᠎ᠠ ᠱᠤᠭᠤᠮ᠎ᠢ ᠪᠠᠲᠤ᠌ ᠰᠠᠬᠢᠬᠤ ᠲᠠᠯ᠎ᠠ ᠪᠡᠷ ᠬᠦᠴᠦ᠍ ᠲᠠᠯᠪᠢᠵᠤ᠂ ᠬᠠᠪᠰᠤᠷᠤᠨ ᠲᠡᠳᠬᠦᠬᠦ᠌ ᠪᠠᠯᠠ ᠮᠥᠩᠭᠥ᠎ᠶᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠰᠢᠶᠠᠨ ᠲᠡᠶ᠋ᠢᠰᠢ ᠬᠡᠯᠪᠡᠶ᠋ᠢᠯᠭᠡᠵᠦ᠍᠂ ᠺᠠᠳ᠋ᠷ ᠴᠢᠳᠠᠪᠤᠷᠢᠲᠠᠨ᠎ᠢ ᠰᠣᠩᠭᠣᠨ ᠲᠣᠮᠢᠯᠠᠬᠤ᠎ᠶᠢ ᠰᠢᠯᠢᠳᠡᠭᠵᠢᠭᠦᠯᠵᠦ᠍᠂ ᠰᠤᠷᠭᠠᠨ ᠬᠥᠮᠦᠵᠢᠯ ᠡᠮᠴᠢᠯᠡᠭᠡ᠎ᠶᠢᠨ 《ᠪᠦᠯᠬᠦᠮ ᠪᠠᠶ᠋ᠢᠭᠤᠯᠬᠤ ᠮᠠᠶᠢᠭ》 ᠤ᠋ᠨ ᠬᠠᠪᠰᠤᠷᠤᠨ ᠲᠡᠳᠬᠦᠬᠦ᠌᠎ᠶᠢ ᠭᠦᠨᠵᠡᠭᠡᠶ᠋ᠢᠷᠡᠭᠦᠯᠵᠦ᠍᠂ ᠶᠠᠳᠠᠭᠤ᠎ᠡᠴᠡ ᠠᠩᠭᠢᠵᠢᠷᠠᠭᠰᠠᠨ ᠣᠯᠠᠨ ᠲᠦᠮᠡᠨ᠎ᠦ ᠲᠣᠭᠲᠠᠭᠤᠨ᠎ᠢᠶᠠᠷ ᠠᠵᠢᠯ ᠤᠯᠬᠤ᠎ᠶᠢ ᠠᠬᠢᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ᠎ᠢ ᠪᠡᠭᠡᠵᠢᠩ᠎ᠳᠦ ᠣᠷᠣᠭᠤᠯᠬᠤ ᠬᠠᠮᠲᠤᠷᠠᠯᠴᠠᠭᠠᠨ ᠤ᠋ ᠠᠷᠭ᠎ᠠ ᠬᠡᠯᠪᠡᠷᠢ᠎ᠶᠢᠨ ᠰᠢᠨ᠎ᠡ᠎ᠶᠢ ᠡᠭᠦᠳᠴᠦ᠍᠂ ᠲᠤᠬᠠᠶ᠎ᠶᠢᠨ ᠭᠠᠵᠠᠷ᠎ᠤᠨ ᠣᠯᠠᠨ ᠲᠦᠮᠡᠨ᠎ᠦ ᠪᠠᠶᠠᠵᠢᠭᠤᠯᠤᠨ ᠣᠷᠣᠯᠭ᠎ᠠ᠎ᠶᠢ ᠨᠢ ᠨᠡᠮᠡᠭᠳᠡᠭᠦᠯᠬᠦ᠌᠎ᠳᠦ ᠬᠦᠴᠦᠨ ᠨᠡᠮᠡᠷᠢᠯᠡᠨ᠎ᠡ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠲᠠᠯ᠎ᠠ᠎ᠪᠠᠷ ᠬᠦᠴᠦ᠍ ᠣᠷᠣᠭᠤᠯᠵᠤ᠂ 《ᠪᠡᠭᠡᠵᠢᠩ ᠥᠪᠥᠷ ᠮᠣᠩᠭᠣᠯ ᠨᠢᠭᠡ ᠭᠡᠷ᠎ᠮᠡᠲᠦ᠍ ᠳᠣᠲᠣᠨᠣ ᠪᠠᠢᠬᠤ》 ᠭᠣᠣᠯ ᠰᠡᠳᠦᠪᠲᠦ᠍ ᠠᠵᠢᠯᠯᠠᠭ᠎ᠠ᠎ᠶᠢ ᠰᠠᠶ᠋ᠢᠲᠤᠷ ᠡᠷᠬᠢᠯᠡᠵᠦ᠍᠂ ᠥᠪᠥᠷ ᠮᠣᠩᠭᠣᠯ᠎ᠤᠨ ᠥᠪᠡᠷᠮᠢᠴᠡ ᠦᠨᠳᠦᠰᠦᠲᠡᠨ᠎ᠦ ᠰᠣᠶᠣᠯ᠎ᠤᠨ ᠡᠬᠢ ᠪᠠᠶᠠᠯᠢᠭ᠎ᠢ ᠠᠭᠤᠳᠠᠯᠵᠤ᠂ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠢ ᠬᠠᠮᠲᠤᠷᠠᠨ ᠨᠡᠭᠡᠭᠡᠨ ᠬᠥᠭᠵᠢᠭᠦᠯᠦᠨ᠎ᠡ᠃ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠵᠢ ᠠᠬᠢᠭᠤᠯᠬᠤ ᠲᠠᠯ᠎ᠠ ᠪᠡᠷ ᠬᠦᠴᠦ᠍ ᠣᠷᠣᠭᠤᠯᠵᠤ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠦᠢᠯᠡᠳᠭᠡᠯ᠂ ᠣᠲᠣ ᠦᠶ᠎ᠡ᠎ᠶᠢᠨ ᠲᠠᠷᠢᠶᠠᠯᠠᠩ ᠵᠡᠷᠭᠡ ᠠᠵᠤ ᠦᠢᠯᠡᠰ᠎ᠲᠦ᠍ ᠴᠢᠭᠯᠡᠭᠦᠯᠦᠨ ᠦᠢᠯᠡᠳᠪᠤᠷᠢᠯᠡᠯ ᠵᠢᠭᠠᠨ ᠰᠤᠷᠭᠠᠯᠳᠠ ᠰᠤᠳᠤᠯᠭᠠᠨ ᠤ᠋ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠨᠠᠩ ᠣᠯᠠᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠥᠪᠥᠷ ᠮᠣᠩᠭᠣᠯ᠎ᠳᠤ ᠰᠢᠯᠵᠢᠭᠦᠯᠦᠨ ᠤᠨᠳᠤᠤᠰᠢᠭᠤᠯᠬᠤ ᠵᠢ ᠠᠬᠢᠭᠤᠯᠤᠨ᠎ᠠ᠃ ᠪᠤᠬᠢᠷᠳᠤᠯ ᠦᠭᠡᠢ ᠴᠠᠬᠢᠯᠭᠠᠨ᠂ ᠪᠤᠳᠤᠯᠳᠠ ᠵᠢᠨ ᠬᠦᠴᠤᠨ ᠤ᠋ ᠠᠷᠠᠯᠵᠢᠶᠠᠨ᠎ᠤ ᠬᠡᠪᠴᠢᠶ᠎ᠡ᠎ᠶᠢ ᠦᠷᠭᠦᠯᠵᠢᠯᠡᠨ ᠥᠷᠭᠡᠳᠬᠡᠵᠦ᠍᠂ ᠡᠨᠧᠷᠭᠢ ᠪᠤᠳᠤᠯᠳᠠ ᠵᠢᠨ ᠬᠦᠴᠤᠨ ᠤ᠋ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠤᠨ᠎ᠠ᠃ ᠣᠨᠴᠠᠯᠢᠭᠲᠤ᠌ ᠳᠠᠪᠠᠭᠤᠯᠢᠭ ᠠᠵᠤ ᠦᠢᠯᠡᠰ᠎ᠢ ᠬᠦᠴᠦᠷᠬᠡᠭᠵᠢᠭᠦᠯᠬᠦ᠌ ᠲᠠᠯ᠎ᠠ ᠪᠡᠷ ᠬᠦᠴᠦ᠍ ᠤᠷᠤᠭᠤᠯᠵᠤ᠂ 《ᠬᠥᠯᠥᠨ ᠪᠤᠢᠷ᠎ᠦᠨ ᠲᠠᠯ᠎ᠠ ᠨᠤᠲᠤᠭ》 ᠠᠮᠢ ᠠᠬᠤᠢ᠎ᠶᠢᠨ ᠵᠢᠭᠤᠯᠴᠢᠯᠠᠯ᠎ᠤᠨ ᠲᠦᠷᠦᠯ ᠲᠡᠮᠳᠡᠭ᠎ᠢ ᠰᠢᠯᠢᠳᠡᠭᠵᠢᠭᠦᠯᠦᠨ᠂ ᠬᠠᠮᠲᠤ ᠪᠠᠷ ᠪᠠᠶ᠋ᠢᠭᠤᠯᠬᠤ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠢ ᠰᠠᠶ᠋ᠢᠲᠤᠷ ᠪᠦᠲᠦᠭᠡᠨ ᠪᠠᠶ᠋ᠢᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶᠢᠨ ᠲᠠᠰᠤᠷᠠᠯᠲᠠ ᠦᠭᠡᠢ ᠰᠢᠨ᠎ᠡ ᠳᠡᠭᠲᠡᠷ᠎ᠲᠦ᠍ ᠭᠠᠷᠬᠤ᠎ᠶᠢ ᠬᠦᠴᠦᠯᠡᠨ ᠠᠬᠢᠭᠤᠯᠤᠨ᠎ᠠ ᠭᠡᠵᠤ ᠬᠡᠯᠡᠪᠡ᠃

ᠸᠠᠩ ᠸᠧᠢ ᠵᠦᠩ ᠶᠠᠷᠢᠯᠴᠠᠬᠤ ᠬᠤᠷᠠᠯ ᠳᠡᠭᠡᠷ᠎ᠡ ᠰᠠᠨᠠᠯ᠎ᠢᠶᠠᠨ ᠰᠣᠯᠢᠯᠴᠠᠬᠤ᠎ᠳᠠᠭᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠪᠦᠬᠦ᠌ ᠣᠷᠣᠨ᠎ᠤ 2400 ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠮᠦᠨ᠎ᠡ᠎ᠡᠴᠡ ᠪᠡᠭᠡᠵᠢᠩ ᠬᠤᠳᠠ᠎ᠶᠢᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ᠎ᠳᠤ ᠴᠢᠩ ᠰᠡᠳᠬᠢᠯ᠎ᠡᠴᠡ᠎ᠪᠡᠨ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ 30 ᠵᠢᠯ᠎ᠦᠨ ᠲᠤᠷᠰᠢ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠡᠮᠬᠢ ᠵᠢᠷᠤᠮ᠎ᠲᠠᠶ ᠠᠭᠢᠵᠤ᠂ ᠠᠵᠤ ᠦᠢᠯᠡᠰ᠂ ᠬᠥᠳᠡᠯᠮᠦᠷᠢ ᠦᠢᠯᠡᠴᠢᠯᠡᠭᠡ᠂ ᠬᠡᠷᠡᠭᠯᠡᠭᠡ᠂ ᠰᠤᠷᠭᠠᠨ ᠬᠥᠮᠦᠵᠢᠯ᠂ ᠡᠮᠴᠢᠯᠡᠭᠡ᠂ ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠦ ᠢᠯᠡᠳᠲᠡ ᠦᠷ᠎ᠡ ᠪᠦᠲᠦᠮᠵᠢ ᠣᠯᠵᠤ᠂ ᠣᠶ᠋ᠢᠷ᠎ᠠ᠎ᠶᠢᠨ 8 ᠵᠢᠯ᠎ᠳᠦ ᠵᠠᠯᠭᠠᠭ᠎ᠠ᠎ᠪᠠᠷ ᠤᠯᠤᠰ᠎ᠤᠨ ᠬᠢᠨᠠᠨ ᠰᠢᠯᠭᠠᠵᠤ ᠦᠨᠡᠯᠡᠬᠦ᠌ ᠳᠤᠮᠳᠠ 《ᠰᠠᠶ᠋ᠢᠨ》 ᠲᠡᠰ ᠵᠢᠡᠷ ᠦᠨᠡᠯᠡᠭᠳᠡᠵᠦ᠍᠂ ᠤᠯᠤᠰ᠎ᠤᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠪᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ ᠥᠯᠢᠭᠡᠷ ᠵᠢᠱ᠌ᠢᠶ᠎ᠡ ᠪᠣᠯᠵᠠᠶ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠠᠵᠢᠯ᠎ᠢ ᠪᠠᠶ᠋ᠢᠩᠭᠤᠵᠢᠭᠤᠯᠤᠨ ᠰᠠᠶ᠋ᠢᠲᠤᠷ ᠬᠢᠬᠦ᠌ ᠲᠤᠬᠠᠶ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠠᠲᠤ᠌ ᠪᠣᠶ ᠪᠣᠯᠭᠠᠨ ᠦᠢᠯᠡᠳᠤᠯᠭᠡᠵᠢᠬᠦᠯᠵᠤ᠂ ᠪᠡᠭᠡᠵᠢᠩ ᠬᠣᠲᠠ᠎ᠶᠢᠨ ᠬᠠᠪᠰᠤᠷᠤᠨ ᠲᠡᠳᠬᠦᠬᠦ᠌ ᠠᠵᠢᠯ᠎ᠢ ᠥᠪᠥᠷ ᠮᠣᠩᠭᠣᠯ᠎ᠤᠨ ᠲᠣᠰ ᠪᠡᠶ᠎ᠡ᠎ᠶᠢᠨ ᠬᠥᠭᠵᠢᠯᠲᠡ᠎ᠯᠤᠭᠡ ᠨᠢᠭᠲᠠ ᠤᠶᠠᠯᠳᠤᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠰᠢᠨ᠎ᠡ ᠬᠠᠭᠤᠳᠠᠰᠤ᠎ᠶᠢ ᠭᠠᠷ ᠬᠣᠯᠪᠣᠨ ᠪᠢᠴᠢᠭᠯᠡᠨ᠎ᠡ᠃ ᠬᠣᠶᠠᠷ ᠲᠠᠯ᠎ᠠ᠎ᠪᠠᠷ᠎ᠢᠶᠠᠨ ᠠᠵᠢᠯ᠎ᠤᠨ ᠵᠣᠯᠭᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠲᠠᠰᠤᠯᠳᠠᠬᠤ ᠦᠭᠡᠢ ᠪᠠᠢᠬᠤ ᠵᠢ ᠪᠠᠳᠤᠯᠠᠵᠤ᠂ ᠰᠢᠨ᠎ᠠ ᠲᠤᠬᠳᠠᠴᠠ ᠵᠢ ᠪᠦᠬᠦ ᠲᠠᠯ᠎ᠠ ᠪᠡᠷ ᠠᠵᠢᠯᠯᠠᠭᠤᠯᠬᠤ ᠵᠢ ᠰᠠᠨᠠᠭᠤᠯᠵᠤ ᠪᠠᠢᠨ᠎ᠠ᠃ ᠶᠡᠷᠦᠩᠬᠡᠶ ᠱᠦᠵᠢ ᠰᠢ ᠵᠢᠨ ᠫᠢᠩ᠎ᠦᠨ 《ᠵᠡᠭᠦᠨ ᠪᠠᠷᠠᠭᠤᠨ ᠤᠷᠤᠨ ᠤ᠋ ᠠᠵᠤ ᠦᠢᠯᠡᠰ᠎ᠦᠨ ᠬᠠᠷᠢᠯᠴᠠᠨ ᠨᠥᠬᠥᠪᠥᠷᠢᠯᠡᠬᠦ᠌᠂ ᠬᠦᠮᠦᠨ ᠬᠠᠷ᠎ᠠ ᠬᠠᠷᠢᠯᠴᠠᠨ ᠬᠤᠷᠰᠢᠯᠴᠠᠬᠤ᠂ ᠮᠡᠷᠭᠡᠵᠢᠯ᠎ᠤ᠋ᠨ ᠬᠠᠷᠢᠯᠴᠠᠨ ᠰᠤᠷᠤᠯᠴᠠᠬᠤ᠂ ᠦᠵᠡᠯᠲᠡ᠎ᠪᠡᠨ ᠬᠠᠷᠢᠯᠴᠠᠨ ᠨᠡᠪᠲᠡᠷᠡᠯᠴᠡᠬᠦ᠌᠂ ᠰᠤᠷᠲᠠᠯ᠎ᠢᠶᠠᠨ ᠬᠠᠷᠢᠯᠴᠠᠨ ᠲᠣᠯᠢ ᠪᠤᠯᠭᠠᠬᠤ ᠵᠢ ᠠᠬᠢᠭᠤᠯᠬᠤ》 ᠴᠢᠬᠤᠯᠠ ᠱᠠᠭᠠᠷᠳᠠᠯᠭ᠎ᠠ ᠶᠣᠰᠣᠭᠠᠷ᠂ ᠪᠡᠭᠡᠵᠢᠩ ᠬᠣᠲᠠ᠎ᠶᠢᠨ ᠰᠢᠨᠵᠢᠯᠡᠬᠦ᠌ ᠤᠬᠠᠭᠠᠨ᠎ᠤ ᠰᠤᠳᠤᠯᠭᠠᠨ᠂ ᠴᠢᠳᠠᠪᠤᠷᠢᠲᠠᠨ᠂ ᠵᠠᠬ᠎ᠠ ᠳᠡᠯᠭᠡᠭᠦᠷ᠂ ᠬᠠᠮᠢᠶᠠᠷᠤᠯᠲᠠ ᠵᠡᠷᠭᠡ ᠲᠣᠪᠣᠶ᠋ᠢᠮ᠎ᠠ ᠳᠠᠪᠠᠭᠤᠯᠢᠭ ᠪᠠ ᠥᠪᠥᠷ ᠮᠣᠩᠭᠣᠯ᠎ᠤᠨ ᠡᠬᠢ ᠪᠠᠶᠠᠯᠢᠭ ᠡᠯᠪᠡᠭ᠂ ᠦᠢᠯᠡᠳᠬᠦᠨ᠎ᠦ ᠬᠠᠩᠭᠠᠯᠭ᠎ᠠ ᠲᠣᠭᠲᠠᠭᠤᠨ ᠪᠠᠶ᠋ᠢᠬᠤ ᠵᠡᠷᠭᠡ ᠳᠠᠪᠠᠭᠤᠯᠢᠭ᠎ᠢ ᠪᠠᠳᠠᠷᠠᠭᠤᠯᠵᠤ᠂ ᠪᠣᠬᠢᠷᠲᠤᠯ ᠥᠬᠡᠶ ᠴᠠᠬᠢᠯᠭᠠᠨ ᠪᠠ ᠴᠢᠨᠠᠷ ᠰᠠᠶ᠋ᠢᠲᠠᠶ ᠮᠠᠯ᠎ᠤᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ᠎ᠢ ᠪᠡᠭᠡᠵᠢᠩ᠎ᠳᠦ ᠣᠷᠣᠭᠤᠯᠬᠤ᠎ᠶᠢ ᠬᠦᠴᠦᠯᠡᠨ ᠠᠬᠢᠭᠤᠯᠵᠤ᠂ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ᠂ ᠪᠤᠳᠤᠯᠳᠠ ᠵᠢᠨ ᠬᠦᠴᠦᠨ᠎ᠦ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ ᠵᠣᠬᠢᠶᠠᠮᠠᠯ ᠣᠶᠤᠨ ᠴᠢᠳᠠᠪᠤᠷᠢ + ᠠᠬᠤᠢ ᠪᠠᠶ᠋ᠢᠳᠠᠯ + ᠤᠢᠷ᠎ᠠ ᠤᠬᠳᠠᠷᠭᠤᠢ ᠵᠢᠨ ᠠᠵᠤ ᠠᠬᠤᠶ ᠪᠠ ᠠᠦ᠋ᠲ᠋ᠣ᠋ ᠵᠢᠯᠣᠭᠣᠳᠬᠤ ᠬᠦᠨᠳᠦ ᠬᠡᠯᠪᠡᠷᠢ ᠵᠢᠨ ᠠᠴᠢᠶᠠᠨ ᠤ᠋ ᠮᠠᠰᠢᠨ ᠲᠡᠷᠭᠡ ᠵᠢᠴᠢ ᠠᠮᠢᠳᠤ ᠪᠣᠳᠠᠰ᠎ᠤᠨ ᠦᠢᠯᠡᠳᠭᠡᠯ᠂ ᠠᠮᠢ ᠠᠬᠤᠶ᠎ᠶᠢᠨ ᠵᠢᠭᠤᠯᠴᠢᠯᠠᠯ ᠵᠡᠷᠭᠡ ᠬᠦᠷᠢᠶ᠎ᠡ ᠵᠢᠨ ᠲᠣᠭᠣᠷᠢᠨ᠎ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠦᠶ᠎ᠠ᠃ ᠪᠡᠭᠡᠵᠢᠩ ᠬᠤᠳᠠ ᠦᠷᠭᠦᠯᠵᠢᠯᠡᠨ ᠥᠪᠥᠷ ᠮᠣᠩᠭᠣᠯ᠎ᠳᠤ ᠺᠠᠳ᠋ᠷ ᠰᠣᠩᠭᠣᠨ ᠲᠣᠮᠢᠯᠠᠵᠤ᠂ ᠴᠢᠳᠠᠪᠤᠷᠢᠲᠠᠨ ᠬᠦᠷᠭᠡᠵᠦ᠍᠂ ᠲᠡᠷᠢᠭᠦᠨ᠎ᠦ ᠲᠤᠷᠰᠢᠯᠭ᠎ᠠ᠎ᠪᠡᠨ ᠤᠯᠠᠮᠵᠢᠯᠠᠵᠤ᠂ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠬᠦᠷᠢᠶᠡᠨ ᠳ᠋ᠡᠬᠢ ᠴᠢᠳᠠᠪᠤᠷᠢᠲᠠᠨ ᠢ᠋ ᠪᠡᠭᠡᠵᠢᠩ᠎ᠳᠦ ᠬᠦᠷᠭᠡᠵᠤ ᠪᠣᠯᠪᠠᠰᠤᠷᠠᠭᠤᠯᠤᠨ ᠰᠤᠷᠤᠯᠴᠠᠭᠤᠯᠬᠤ᠎ᠳᠤ ᠨᠡᠩ ᠤᠯᠠᠨ ᠠᠵᠠ ᠲᠣᠬᠢᠶᠠᠯ ᠬᠠᠩᠭᠠᠬᠤ᠎ᠶᠢ ᠴᠢᠩ ᠰᠡᠳᠬᠢᠯ᠎ᠡᠴᠡ᠎ᠪᠡᠨ ᠬᠦᠰᠡᠵᠦ ᠪᠠᠶ᠋ᠢᠨ᠎ᠠ ᠭᠡᠵᠤ ᠬᠡᠯᠡᠪᠡ᠃

ᠶᠠᠷᠢᠯᠴᠠᠬᠤ ᠬᠤᠷᠠᠯ᠎ᠡᠴᠡ ᠡᠮᠦᠨ᠎ᠡ᠂ ᠬᠣᠶᠠᠷ ᠲᠠᠯ᠎ᠠ᠎ᠶᠢᠨ ᠤᠳᠤᠷᠢᠳᠤᠯᠭ᠎ᠠ ᠪᠡᠭᠡᠵᠢᠩ ᠬᠤᠳᠠ᠎ᠶᠢᠨ ᠮᠠᠨ᠎ᠤ ᠣᠷᠣᠨ᠎ᠳᠤ ᠲᠤᠰᠢᠶᠠᠯ ᠡᠭᠦᠷᠭᠡᠯᠡᠵᠦ᠍ ᠪᠠᠶ᠋ᠢᠭ᠎ᠠ ᠺᠠᠳ᠋ᠷ᠎ᠤᠨ ᠲᠥᠯᠥᠭᠡᠯᠡᠭᠴᠢ᠎ᠶᠢ ᠡᠷᠬᠢᠨ ᠦᠵᠡᠪᠡ᠃

ᠪᠡᠭᠡᠵᠢᠩ ᠬᠤᠳᠠ᠎ᠶᠢᠨ ᠤᠳᠤᠷᠢᠳᠤᠯᠭ᠎ᠠ ᠵᠤᠤ ᠯᠸᠢ᠂ ᠸᠸᠨ ᠰᠢᠶᠠᠨ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠴᠢ᠊ ᠪᠠᠲᠤ᠌ ᠠᠵᠢᠯᠯᠠᠭ᠎ᠠ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号