ᠸᠠᠩ ᠸᠧᠶ ᠵᠥᠩ ᠬᠥᠯᠥᠨ ᠪᠣᠶ᠋ᠢᠷ ᠬᠣᠲᠠ᠎ᠳᠤ ᠪᠠᠶ᠋ᠢᠴᠠᠭᠠᠨ ᠰᠤᠳᠤᠯᠪᠠ
2026-06-28 08:52:32
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 23 ᠤ᠋ ᠡᠳᠦᠷ ᠡᠴᠡ 27 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ ᠬᠥᠯᠥᠨ ᠪᠣᠶ᠋ᠢᠷ ᠬᠣᠲᠠ᠎ᠳᠤ ᠭᠦᠨᠵᠡᠭᠡᠶ᠋ᠢᠷᠡᠨ ᠪᠠᠶ᠋ᠢᠴᠠᠭᠠᠨ ᠰᠤᠳᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠬᠥᠳᠡᠭᠡ ᠲᠣᠰᠬᠣᠨ᠎ᠢ ᠪᠥᠬᠥ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠪᠠᠶ᠋ᠢᠩᠭᠤᠵᠢᠭᠤᠯᠤᠨ ᠬᠠᠪᠰᠤᠷᠤᠨ ᠲᠡᠳᠬᠦᠬᠦ᠌ ᠵᠢᠴᠢ ᠦᠶᠡᠷ᠎ᠢ ᠰᠡᠷᠭᠡᠶ᠋ᠢᠯᠡᠵᠦ᠍ ᠭᠠᠮᠰᠢᠭ ᠡᠴᠡ ᠠᠪᠤᠷᠠᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠲᠠᠰᠤᠷᠠᠯᠲᠠ ᠥᠬᠡᠶ ᠨᠡᠮᠡᠭᠳᠡᠭᠦᠯᠵᠦ᠍᠂ ᠴᠢᠨᠠᠷ ᠰᠠᠶ᠋ᠢᠲᠠᠶ ᠬᠥᠭᠵᠢᠯᠲᠡ᠎ᠶᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠶ ᠭᠡᠵᠦ᠍ ᠴᠢᠬᠤᠯᠠᠴᠢᠯᠠᠪᠠ᠃


4e1d241d-deb2-4fa6-a3a3-5146e38c2518.png


6 ᠰᠠᠷ᠎ᠠ ᠵᠢᠨ 23 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ ᠳᠤᠮᠳᠠᠳᠤ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠶᠡᠬᠡ ᠰᠤᠷᠭᠠᠭᠤᠯᠢ᠎ᠶᠢᠨ ᠥᠪᠥᠷ ᠮᠣᠩᠭᠣᠯ ᠳ᠋ᠡᠬᠢ ᠨᠢᠰᠦᠯᠲᠡ᠎ᠶᠢᠨ ᠳᠡᠭᠡᠳᠦ ᠰᠤᠷᠭᠠᠭᠤᠯᠢ ᠳ᠋ᠤ ᠢᠷᠡᠵᠤ᠂ ᠳᠡᠭᠡᠳᠦ ᠰᠤᠷᠭᠠᠭᠤᠯᠢ᠎ᠶᠢᠨ ᠬᠥᠭᠵᠢᠯᠲᠡ᠎ᠶᠢᠨ ᠶᠠᠪᠤᠴᠠ᠂ ᠴᠢᠳᠠᠪᠤᠷᠢᠲᠠᠨ᠎ᠢ ᠬᠥᠮᠦᠵᠢᠭᠦᠯᠬᠦ᠌᠂ ᠪᠣᠯᠪᠠᠰᠤᠷᠠᠯ ᠵᠢᠭᠠᠨ ᠰᠤᠷᠭᠠᠯᠲᠠ᠂ ᠦᠢᠯᠡᠳᠪᠦᠷᠢᠯᠡᠯ ᠵᠢᠭᠠᠨ ᠰᠤᠷᠭᠠᠯᠲᠠ᠎ᠶᠢ ᠠᠭᠤᠰᠤᠯᠴᠠᠭᠤᠯᠬᠤ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ᠎ᠶᠢ ᠨᠠᠷᠢᠨ ᠬᠢᠨᠠᠮᠠᠭᠠᠢ ᠰᠣᠨᠣᠰᠪᠠ᠃

ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ


ᠳᠤᠮᠳᠠᠳᠤ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠶᠡᠬᠡ ᠰᠤᠷᠭᠠᠭᠤᠯᠢ᠎ᠶᠢᠨ ᠥᠪᠥᠷ ᠮᠣᠩᠭᠣᠯ ᠳ᠋ᠡᠬᠢ ᠨᠢᠰᠦᠯᠲᠡ᠎ᠶᠢᠨ ᠳᠡᠭᠡᠳᠦ ᠰᠤᠷᠭᠠᠭᠤᠯᠢ ᠪᠣᠯ ᠲᠣᠰ ᠶᠡᠬᠡ ᠰᠤᠷᠭᠠᠭᠤᠯᠢ᠎ᠶᠢᠨ ᠭᠤᠷᠪᠠᠨ ᠶᠡᠬᠡ ᠨᠢᠰᠦᠯᠲᠡ᠎ᠶᠢᠨ ᠪᠣᠯᠪᠠᠰᠤᠷᠠᠯ᠎ᠤᠨ ᠰᠠᠭᠤᠷᠢᠨ ᠤ᠋ ᠨᠢᠭᠡ ᠪᠣᠯᠤᠨ᠎ᠠ᠃ ᠸᠠᠩ ᠸᠧᠢ ᠵᠦᠩ ᠳᠡᠭᠡᠳᠦ ᠰᠤᠷᠭᠠᠭᠤᠯᠢ᠎ᠶᠢᠨ ᠬᠥᠭᠵᠢᠯᠲᠡ᠎ᠶᠢᠨ ᠶᠠᠪᠤᠴᠠ᠂ ᠴᠢᠳᠠᠪᠤᠷᠢᠲᠠᠨ᠎ᠢ ᠬᠥᠮᠦᠵᠢᠭᠦᠯᠬᠦ᠌᠂ ᠪᠣᠯᠪᠠᠰᠤᠷᠠᠯ ᠵᠢᠭᠠᠨ ᠰᠤᠷᠭᠠᠯᠲᠠ᠂ ᠦᠢᠯᠡᠳᠪᠦᠷᠢᠯᠡᠯ ᠵᠢᠭᠠᠨ ᠰᠤᠷᠭᠠᠯᠲᠠ᠎ᠶᠢ ᠠᠭᠤᠰᠤᠯᠴᠠᠭᠤᠯᠬᠤ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ᠎ᠶᠢ ᠨᠠᠷᠢᠨ ᠬᠢᠨᠠᠮᠠᠭᠠᠢ ᠰᠣᠨᠣᠰᠴᠤ᠌᠂ ᠤᠢᠷ᠎ᠠ ᠤᠭᠳᠠᠷᠭᠤᠢ ᠵᠢᠨ ᠠᠵᠤ ᠠᠬᠤᠢ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠪᠠᠴᠢᠮ ᠪᠠᠶ᠋ᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ ᠵᠡᠷᠭᠡ᠎ᠶᠢᠨ ᠬᠥᠭᠵᠢᠯᠲᠡ᠎ᠶᠢᠨ ᠬᠡᠷᠡᠭᠴᠡᠭᠡ᠎ᠶᠢ ᠴᠢᠩᠭ᠎ᠠ ᠡᠵᠡᠮᠳᠡᠵᠦ᠍᠂ ᠪᠣᠯᠪᠠᠰᠤᠷᠠᠯ ᠬᠦᠷᠳᠡᠬᠦ᠌ ᠡᠲᠡᠭᠡᠳ᠎ᠢᠶᠡᠨ ᠥᠷᠭᠡᠳᠬᠡᠵᠦ᠍᠂ ᠵᠢᠭᠠᠨ ᠰᠤᠷᠭᠠᠯᠲᠠ᠎ᠶᠢᠨ ᠲᠦᠪᠰᠢᠨ᠎ᠢᠶᠡᠨ ᠳᠡᠭᠡᠭᠰᠢᠯᠡᠭᠦᠯᠵᠦ᠍᠂ ᠨᠡᠩ ᠤᠯᠠᠨ ᠥᠨᠳᠥᠷ ᠬᠡᠪ ᠪᠣᠯᠪᠠᠰᠤᠷᠠᠯ᠎ᠲᠠᠶ ᠥᠨᠳᠥᠷ ᠲᠦᠪᠰᠢᠨ᠎ᠲᠡᠶ ᠨᠢᠰᠦᠯᠲᠡ᠎ᠶᠢᠨ ᠴᠢᠳᠠᠪᠤᠷᠢᠲᠠᠨ᠎ᠢ ᠴᠢᠷᠮᠠᠶ᠋ᠢᠨ ᠬᠥᠮᠦᠵᠢᠭᠦᠯᠬᠦ᠌ ᠬᠡᠷᠡᠭᠲᠡᠢ᠃ ᠠᠮᠤᠷ ᠲᠦᠪᠰᠢᠨ᠎ᠦ ᠲᠦᠷᠢᠮ ᠲᠣᠭᠲᠠᠭᠠᠯ᠎ᠤᠨ ᠪᠣᠯᠪᠠᠰᠤᠷᠠᠯ᠎ᠢ ᠴᠢᠩᠭᠠᠳᠬᠠᠵᠤ᠂ ᠨᠢᠰᠦᠯᠲᠡ᠎ᠶᠢᠨ ᠪᠣᠯᠪᠠᠰᠤᠷᠠᠯ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ᠍ ᠴᠢᠬᠤᠯᠠᠴᠢᠯᠠᠪᠠ᠃

ᠠᠷᠤᠨ ᠬᠣᠰᠢᠭᠤᠨ᠎ᠤ ᠾᠧᠩ ᠤ᠌ᠤ ᠮᠠᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠲᠦ᠍᠂ ᠸᠠᠩ ᠸᠧᠶ ᠵᠥᠩ ᠠᠵᠤ ᠠᠬᠤᠶ᠋ᠢᠯᠠᠯ᠎ᠤᠨ ᠬᠠᠷᠢᠭᠤᠴᠠᠯᠭᠠᠲᠠᠨ᠎ᠲᠠᠶ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠵᠠᠬ᠎ᠠ ᠳᠡᠯᠭᠡᠭᠦᠷ᠎ᠦᠨ ᠪᠥᠲᠥᠭᠡᠨ ᠪᠠᠶ᠋ᠢᠭᠤᠯᠤᠯᠲᠠ᠂ ᠠᠮᠢᠳᠤ ᠦᠬᠡᠷ ᠬᠤᠳᠠᠯᠳᠤᠨ ᠠᠪᠴᠤ ᠪᠣᠷᠣᠯᠠᠭᠤᠯᠬᠤ᠂ ᠲᠠᠷᠢᠶᠠᠴᠢᠨ᠎ᠲᠠᠶ ᠬᠣᠯᠪᠣᠭᠠᠯᠠᠨ ᠲᠠᠷᠢᠶᠠᠴᠢᠨ ᠢ᠋ ᠳᠠᠶ᠋ᠢᠴᠢᠯᠠᠵᠤ ᠪᠠᠶ᠋ᠢᠭ᠎ᠠ ᠪᠠᠶ᠋ᠢᠳᠠᠯ᠎ᠢ ᠨᠠᠷᠢᠨ ᠠᠰᠠᠭᠤᠵᠤ᠂ ᠠᠵᠤ ᠠᠬᠤᠶ᠋ᠢᠯᠠᠯ ᠤ᠋ᠨ ᠬᠢᠨ᠎ᠢ ᠬᠡᠷᠡᠭᠴᠡᠭᠡ᠎ᠶᠢᠨ ᠬᠠᠨᠳᠤᠰᠢ᠎ᠳᠤ ᠵᠣᠬᠢᠴᠠᠭᠤᠯᠤᠨ ᠠᠵᠤ ᠦᠢᠯᠡᠰ᠎ᠦᠨ ᠬᠡᠯᠬᠢᠶ᠎ᠡ᠎ᠪᠡᠨ ᠤᠷᠲᠤᠳᠬᠠᠵᠤ᠂ ᠪᠣᠬᠢᠷᠲᠤᠯ ᠥᠬᠡᠶ ᠣᠷᠭᠠᠨᠢᠭ ᠲᠦᠷᠦᠯ ᠲᠡᠮᠳᠡᠭ᠎ᠢ ᠡᠭᠦᠳᠴᠦ᠍᠂ ᠬᠡᠪᠴᠢᠶ᠎ᠡ ᠪᠠᠨ ᠲᠠᠰᠤᠷᠠᠯᠳᠠ ᠦᠭᠡᠢ ᠪᠤᠵᠠᠭᠠᠢᠷᠠᠭᠤᠯᠬᠤ ᠵᠢᠨ ᠬᠠᠮᠲᠤ᠌ ᠲᠠᠷᠢᠶᠠᠴᠢᠨ ᠠᠵᠤ ᠠᠬᠤᠶ᠋ᠢᠯᠠᠯ᠎ᠤᠨ ᠬᠣᠯᠪᠣᠭᠠᠨ᠎ᠤ ᠲᠣᠭᠲᠠᠴᠠ᠎ᠶᠢ ᠪᠦᠷᠢᠨᠰᠢᠭᠦᠯᠵᠦ᠍᠂ ᠨᠠᠩ ᠤᠯᠠᠨ ᠬᠦᠮᠦᠰ᠎ᠢ ᠳᠠᠶ᠋ᠢᠴᠢᠯᠠᠨ ᠣᠷᠣᠯᠭ᠎ᠠ᠎ᠶᠢ᠎ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠵᠦ᠍ ᠵᠣᠷᠢᠭᠵᠢᠭᠤᠯᠪᠠ᠃ ᠣᠲᠣ ᠦᠶ᠎ᠡ᠎ᠶᠢᠨ ᠲᠠᠷᠢᠶᠠᠯᠠᠩ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠲᠤ᠌᠂ ᠸᠠᠩ ᠸᠧᠶ ᠵᠥᠩ ᠲᠠᠷᠢᠶᠠᠨ ᠭᠠᠵᠠᠷ᠎ᠲᠤ᠌ ᠬᠥᠷᠴᠤ᠂ ᠲᠥᠬᠥᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠂ ᠰᠠᠶ᠋ᠢᠨ ᠡᠭᠦᠯᠳᠡᠷ ᠪᠣᠶ᠋ᠢᠵᠢᠭᠤᠯᠬᠤ᠂ ᠤᠰᠤ ᠪᠣᠷᠲᠣᠭᠣᠷ᠎ᠢ ᠨᠢᠭᠡ ᠴᠣᠭᠴᠠᠵᠢᠭᠤᠯᠤᠨ ᠳᠠᠷᠢᠬᠤ ᠵᠡᠷᠭᠡ ᠪᠠᠶ᠋ᠢᠳᠠᠯ᠎ᠢ ᠣᠶ᠋ᠢᠯᠠᠭᠠᠵᠤ᠂ ᠠᠵᠤ ᠠᠬᠤᠶ᠋ᠢᠯᠠᠯ ᠪᠣᠯᠤᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ ᠢ᠋ ᠰᠢᠷ᠎ᠠ ᠪᠤᠷᠴᠠᠭ᠂ ᠲᠥᠮᠥᠰᠥ᠍᠂ ᠰᠢᠯᠢᠮᠳᠡᠭ ᠵᠡᠷᠭᠡ ᠳᠠᠪᠠᠭᠤᠯᠢᠭ ᠲᠥᠷᠥᠯ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠦᠷ᠎ᠠ ᠵᠢᠨ ᠢᠯᠳᠡᠰᠦ》 ᠵᠢᠨ ᠢᠨᠵᠧᠨᠧᠷᠢᠩ᠎ᠢ ᠭᠦᠨᠵᠡᠭᠡᠶ ᠠᠬᠢᠭᠤᠯᠵᠤ᠂ 《ᠪᠣᠭᠣᠮᠢ》 ᠵᠢᠨ ᠠᠰᠠᠭᠤᠳᠠᠯ᠎ᠢ ᠲᠦᠷᠭᠡᠨ ᠰᠢᠢᠳᠪᠦᠷᠢᠯᠡᠵᠦ᠍᠂ ᠰᠠᠶ᠋ᠢᠨ ᠡᠭᠦᠯᠳᠡᠷ᠎ᠦᠨ ᠬᠠᠩᠭᠠᠯᠭ᠎ᠠ᠎ᠶᠢ ᠪᠠᠲᠤᠯᠠᠬᠤ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ᠌᠎ᠶᠢ ᠵᠣᠷᠢᠭᠵᠢᠭᠤᠯᠪᠠ᠃ ᠲᠡᠷᠡ ᠲᠤᠬᠠᠶ᠎ᠶᠢᠨ ᠭᠠᠵᠠᠷ᠎ᠤᠨ ᠵᠠᠰᠠᠭ᠎ᠤᠨ ᠣᠷᠳᠣᠨ᠎ᠢ ᠬᠠᠮᠵᠢᠯᠴᠠᠨ ᠰᠢᠨ᠎ᠡ᠎ᠶᠢ ᠡᠭᠦᠳᠬᠦ᠌ ᠲᠠᠪᠴᠠᠩ᠎ᠢ ᠰᠠᠶ᠋ᠢᠲᠤᠷ ᠪᠠᠶ᠋ᠢᠭᠤᠯᠵᠤ᠂ ᠠᠵᠤ ᠠᠬᠤᠶ᠋ᠢᠯᠠᠯ ᠪᠣᠯᠤᠨ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠭᠦᠨᠵᠡᠭᠡᠶ ᠬᠠᠮᠲᠤᠷᠠᠯᠴᠠᠭ᠎ᠠ᠎ᠶᠢ ᠠᠬᠢᠭᠤᠯᠵᠤ᠂ ᠨᠠᠩ ᠣᠯᠠᠨ ᠮᠠᠯ ᠠᠵᠤ ᠠᠬᠤᠢ ᠲᠠᠷᠢᠶᠠᠯᠠᠩ ᠤ᠋ᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ ᠢ᠋ ᠪᠤᠳᠠᠳᠠᠢ ᠲᠠᠢ ᠤᠶᠠᠯᠳᠤᠭᠤᠯᠤᠭᠰᠠᠨ ᠦᠷ᠎ᠠ ᠪᠦᠲᠦᠭᠡᠯ ᠡᠭᠦᠳᠬᠦ ᠵᠢ ᠬᠥᠲᠥᠯᠥᠨ ᠵᠢᠯᠣᠭᠣᠳᠴᠤ᠌ ᠠᠬᠢᠭᠤᠯᠬᠤ ᠬᠡᠷᠡᠭᠲᠡᠶ ᠭᠡᠵᠦ᠍ ᠱᠠᠭᠠᠷᠳᠠᠪᠠ᠃

ᠨᠢᠷᠬᠢ ᠤᠰᠤᠨ ᠠᠰᠢᠭᠯᠠᠯᠲᠠ᠎ᠶᠢᠨ ᠬᠦᠢᠰᠦ ᠪᠠᠷᠢᠯᠭ᠎ᠠ᠎ᠳᠤ᠂ ᠸᠠᠩ ᠸᠧᠢ ᠵᠦᠩ ᠬᠠᠰᠢᠯᠭ᠎ᠠ᠎ᠳᠤ ᠭᠠᠷᠴᠤ᠌᠂ ᠦᠢᠯᠡᠳᠪᠦᠷᠢ᠎ᠶᠢᠨ ᠪᠠᠶ᠋ᠢᠰᠢᠩ᠎ᠳᠤ ᠣᠷᠣᠵᠤ᠂ ᠤᠰᠤᠨ ᠴᠥᠭᠥᠷᠥᠮ᠎ᠦᠨ ᠪᠠᠭᠲᠠᠭᠠᠮᠵᠢ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ᠂ ᠦᠶᠡᠷ᠎ᠢ ᠰᠡᠷᠭᠡᠶ᠋ᠢᠯᠡᠬᠦ᠌ ᠪᠡᠯᠡᠳᠬᠡᠯ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠎ᠶᠢᠨ ᠠᠵᠢᠯᠯᠠᠭᠠᠨ᠎ᠢ ᠲᠤᠬᠠᠢ᠎ᠶᠢᠨ ᠭᠠᠵᠠᠷ᠎ᠲᠤᠨᠢ ᠪᠠᠶ᠋ᠢᠴᠠᠭᠠᠨ ᠦᠵᠡᠵᠦ᠍᠂ ᠲᠤᠬᠠᠢ᠎ᠶᠢᠨ ᠭᠠᠵᠠᠷ᠎ᠤᠨ ᠬᠢᠨ ᠢ᠋ ᠬᠠᠰᠢᠯᠭ᠎ᠠ ᠳᠠᠯᠠᠩ᠎ᠢ ᠴᠠᠭᠳᠠᠨ ᠪᠠᠶ᠋ᠢᠴᠠᠭᠠᠵᠤ ᠬᠠᠮᠢᠶᠠᠷᠤᠨ ᠬᠠᠮᠠᠭᠠᠯᠠᠬᠤ᠎ᠶᠢ ᠴᠢᠩᠭᠠᠳᠬᠠᠵᠤ᠂ ᠪᠠᠴᠢᠮ ᠪᠠᠶ᠋ᠢᠳᠠᠯ᠎ᠢ ᠠᠷᠭᠠᠴᠠᠭᠠᠨ ᠰᠢ᠌ᠳᠪᠦᠷᠢᠯᠡᠬᠦ᠌ ᠴᠢᠳᠠᠪᠤᠷᠢ᠎ᠪᠠᠨ ᠳᠡᠭᠡᠭᠰᠢᠯᠡᠭᠦᠯᠵᠦ᠍᠂ ᠦᠶᠡᠷ᠎ᠦᠨ ᠬᠤᠭᠤᠴᠠᠭ᠎ᠠ᠎ᠶᠢ ᠠᠮᠤᠷ ᠲᠦᠪᠰᠢᠨ᠎ᠢᠶᠡᠷ ᠥᠩᠭᠡᠷᠡᠭᠦᠯᠬᠦ᠌᠎ᠶᠢ  ᠪᠠᠲᠤᠯᠠᠬᠤ ᠬᠡᠷᠡᠭᠲᠡᠢ ᠭᠡᠵᠦ᠍ ᠱᠠᠭᠠᠷᠳᠠᠪᠠ᠃ ᠲᠡᠷᠡ᠂ ᠣᠲᠣ ᠪᠣᠯ ᠶᠠᠭ ᠮᠠᠨ᠎ᠤ ᠣᠷᠣᠨ᠎ᠤ ᠦᠶᠡᠷ᠎ᠢ ᠰᠡᠷᠭᠡᠶ᠋ᠢᠯᠡᠬᠦ᠌ ᠵᠠᠩᠭᠢᠯᠠᠭ᠎ᠠ᠎ᠶᠢᠨ ᠬᠤᠭᠤᠴᠠᠭ᠎ᠠ ᠪᠣᠯᠤᠨ᠎ᠠ᠂ ᠡᠯ᠎ᠡ ᠭᠠᠵᠠᠷ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠬᠣᠷᠢᠭ᠎ᠠ ᠱᠤᠭᠤᠮ᠎ᠤᠨ ᠰᠡᠳᠬᠢᠬᠦᠶ᠂ ᠲᠤᠶ᠋ᠢᠯᠰᠢᠷᠠᠯ᠎ᠤᠨ ᠰᠡᠳᠬᠢᠬᠦᠶ᠎ᠶᠢ ᠪᠠᠷᠢᠮᠲᠠᠯᠠᠵᠤ᠂ ᠪᠣᠷᠣᠭᠠᠨ᠎ᠤ ᠪᠠᠶ᠋ᠢᠳᠠᠯ ᠤᠰᠤᠨ᠎ᠤ ᠪᠠᠶ᠋ᠢᠳᠠᠯ᠎ᠤᠨ ᠬᠤᠪᠢᠷᠠᠯᠲᠠ᠎ᠶᠢ ᠨᠢᠭᠲᠠ ᠠᠩᠬᠠᠷᠴᠤ᠌᠂ ᠡᠳᠦᠷ ᠲᠤᠲᠤᠮ᠎ᠤᠨ ᠬᠢᠨᠠᠨ ᠬᠡᠮᠵᠢᠯᠲᠡ ᠪᠠ ᠬᠠᠴᠢᠨ ᠴᠠᠭ ᠠᠭᠤᠷ᠎ᠤᠨ ᠰᠡᠷᠡᠮᠵᠢᠯᠡᠭᠦᠯᠦᠯ᠎ᠢ ᠴᠢᠩᠭᠠᠳᠬᠠᠵᠤ᠂ ᠪᠠᠴᠢᠮ ᠪᠠᠶ᠋ᠢᠳᠠᠯ᠎ᠢ ᠠᠷᠭᠠᠴᠠᠭᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠍᠂ ᠠᠶᠤᠯ᠎ᠡᠴᠡ ᠰᠢᠯᠵᠢᠭᠦᠯᠦᠨ ᠵᠠᠶ᠋ᠢᠯᠠᠭᠤᠯᠬᠤ 《ᠳᠥᠷᠪᠡᠨ ᠴᠦᠮ》᠎ᠤᠨ ᠱᠠᠭᠠᠷᠳᠠᠯᠭ᠎ᠠ᠎ᠶᠢ ᠴᠢᠩᠭ᠎ᠠ ᠬᠡᠷᠡᠭᠵᠢᠭᠦᠯᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃

ᠸᠠᠩ ᠸᠧᠶ ᠵᠥᠩ ᠳᠤᠮᠳᠠᠳᠤ ᠤᠯᠤᠰ᠎ᠤᠨ ᠳᠠᠭᠤᠷ ᠦᠨᠳᠦᠰᠦᠲᠡᠨ᠎ᠦ ᠬᠦᠷᠢᠶᠡᠯᠡᠩ᠎ᠦᠨ ᠪᠦᠢᠺᠦ ᠪᠥᠮᠪᠥᠭᠡ᠎ᠶᠢᠨ ᠵᠣᠨ᠎ᠤ ᠪᠣᠯᠪᠠᠰᠤᠷᠠᠯ᠎ᠤᠨ ᠰᠠᠭᠤᠷᠢᠨ᠎ᠳᠤ ᠬᠦᠷᠴᠦ᠍᠂ ᠲᠠᠮᠢᠷᠴᠢᠨ᠂ ᠳᠠᠰᠬᠠᠯᠵᠢᠭᠤᠯᠤᠭᠴᠢ᠎ᠲᠠᠶ ᠳᠣᠲᠣᠨᠣ᠎ᠪᠠᠷ ᠶᠠᠷᠢᠯᠴᠠᠵᠤ᠂ ᠪᠥᠮᠪᠥᠭᠡᠨ ᠠᠩᠭᠢ᠎ᠶᠢᠨ ᠣᠶ᠋ᠢᠷ᠎ᠠ᠎ᠶᠢᠨ ᠵᠢᠯ᠎ᠳᠦ ᠣᠯᠤᠭᠰᠠᠨ ᠰᠢᠯᠢᠳᠡᠭ ᠬᠢᠷᠢ ᠪᠦᠲᠦᠮᠵᠢ᠎ᠶᠢ ᠨᠤᠲᠠᠯᠠᠪᠠ᠃ ᠲᠡᠷᠡ ᠣᠯᠠᠨ᠎ᠢ ᠴᠢᠷᠮᠠᠶ᠋ᠢᠭᠰᠠᠨ ᠳᠡᠭᠡᠷ᠎ᠡ᠎ᠪᠡᠨ ᠴᠢᠷᠮᠠᠶ᠋ᠢᠵᠤ᠂ ᠰᠢᠷᠭᠠᠭᠤ ᠪᠣᠯᠪᠠᠰᠤᠷᠠᠵᠤ᠂ ᠨᠠᠩ ᠶᠡᠬᠡ ᠰᠢᠨ᠎ᠡ ᠠᠮᠵᠢᠯᠲᠠ ᠪᠦᠲᠦᠮᠵᠢ ᠤᠯᠬᠤ᠎ᠪᠠᠷ ᠴᠢᠷᠮᠠᠶ᠋ᠢᠵᠤ᠂ ᠥᠪᠥᠷ ᠮᠣᠩᠭᠣᠯ ᠳ᠋ᠠᠭᠠᠨ ᠥᠩᠭᠡ ᠬᠡᠷᠡᠯ ᠨᠡᠮᠡᠷᠢᠯᠡᠬᠦ᠌ ᠬᠡᠷᠡᠭᠲᠡᠶ ᠭᠡᠵᠦ᠍ ᠵᠣᠷᠢᠭᠵᠢᠭᠤᠯᠪᠠ᠃ ᠣᠯᠭᠣᠶᠠ ᠵᠢᠨ ᠪᠤᠭᠤᠴᠢᠨ ᠠᠶ᠋ᠢᠮᠠᠭ᠎ᠲᠦ᠂ ᠸᠠᠩ ᠸᠧᠢ ᠵᠦᠩ ᠡᠸᠡᠩᠬᠢ ᠦᠨᠳᠦᠰᠦᠲᠡᠨ᠎ᠦ ᠰᠣᠶᠣᠯ᠎ᠢ ᠬᠠᠮᠠᠭᠠᠯᠠᠵᠤ ᠤᠯᠠᠮᠵᠢᠯᠠᠨ ᠬᠥᠭᠵᠢᠭᠦᠯᠵᠦ᠍ ᠪᠠᠶ᠋ᠢᠭ᠎ᠠ ᠪᠠᠶ᠋ᠢᠳᠠᠯ᠎ᠢ ᠨᠠᠷᠢᠨ ᠣᠶ᠋ᠢᠯᠠᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ ᠳᠤᠮᠳᠠ᠂ ᠴᠥᠭᠡᠨ ᠲᠣᠭᠠᠲᠤ᠌ ᠦᠨᠳᠦᠰᠦᠲᠡᠨ᠎ᠦ ᠲᠡᠦᠬᠡ ᠪᠠ ᠰᠢᠯᠢᠳᠡᠭ ᠤᠯᠠᠮᠵᠢᠯᠠᠯᠲᠤ᠌ ᠰᠣᠶᠣᠯ᠎ᠢ ᠰᠤᠳᠤᠯᠤᠨ ᠲᠠᠶ᠋ᠢᠯᠪᠤᠷᠢᠯᠠᠬᠤ᠎ᠪᠠᠨ ᠴᠢᠩᠭᠠᠳᠬᠠᠵᠤ᠂ ᠣᠷᠣᠨ ᠨᠤᠲᠤᠭ᠎ᠤᠨ ᠤᠨᠴᠠᠯᠢᠬᠳᠤ ᠰᠣᠶᠣᠯ᠂ ᠤᠨᠴᠠᠯᠢᠬᠳᠤ ᠡᠬᠢ ᠪᠠᠶᠠᠯᠢᠭ᠎ᠢ ᠵᠢᠭᠤᠯᠴᠢᠯᠠᠯ᠎ᠤᠨ ᠪᠦᠲᠦᠭᠡᠭᠳᠡᠭᠦᠨ ᠪᠠ ᠦᠢᠯᠡᠴᠢᠯᠡᠭᠡ᠎ᠶᠢ ᠨᠡᠭᠡᠭᠡᠨ ᠬᠥᠭᠵᠢᠭᠦᠯᠬᠦ᠌᠎ᠳᠦ ᠨᠡᠩ ᠰᠠᠶ᠋ᠢᠲᠤᠷ ᠠᠭᠤᠰᠤᠯᠴᠠᠭᠤᠯᠵᠤ᠂ ᠮᠠᠯ ᠠᠵᠤ ᠠᠬᠤᠢ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ ᠭᠦᠨᠵᠡᠭᠡᠢ ᠠᠭᠤᠰᠤᠯᠴᠠᠨ ᠬᠥᠭᠵᠢᠬᠦ᠌᠎ᠶᠢ ᠠᠬᠢᠭᠤᠯᠬᠤ ᠬᠡᠷᠡᠭᠲᠡᠢ᠃ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ ᠪᠣᠯᠤᠨ ᠦᠵᠡᠮᠵᠢ᠎ᠶᠢᠨ ᠣᠷᠣᠨ᠎ᠤ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠥᠬᠥᠭᠡᠷᠦᠮᠵᠢ᠎ᠶᠢ ᠲᠡᠭᠦᠯᠳᠡᠷᠵᠢᠭᠦᠯᠵᠦ᠍᠂ ᠡᠵᠡᠩᠨᠡᠯᠲᠡ᠎ᠶᠢᠨ ᠪᠠᠶ᠋ᠢᠳᠠᠯ᠎ᠤᠨ ᠰᠢᠨ᠎ᠡ᠎ᠶᠢ ᠡᠭᠦᠳᠴᠦ᠍᠂ ᠤᠬᠠᠭᠤᠯᠤᠨ ᠲᠠᠨᠢᠯᠴᠠᠭᠤᠯᠬᠤ᠎ᠪᠠᠨ ᠴᠢᠩᠭᠠᠳᠬᠠᠵᠤ᠂ ᠵᠢᠭᠤᠯᠴᠢᠯᠠᠭᠰᠠᠳ᠎ᠤᠨ ᠣᠯᠠᠨ ᠡᠰᠢᠵᠢᠭᠰᠡᠨ ᠬᠡᠷᠡᠭᠴᠡᠭᠡ᠎ᠶᠢ ᠨᠠᠩ ᠰᠠᠶ᠋ᠢᠲᠤᠷ ᠬᠠᠩᠭᠠᠬᠤ ᠬᠡᠷᠡᠭᠲᠡᠶ ᠭᠡᠵᠦ᠍ ᠴᠢᠬᠤᠯᠠᠴᠢᠯᠠᠪᠠ᠃

《7·1》 ᠤᠳᠠᠯ ᠦᠭᠡᠢ ᠬᠦᠷᠴᠦ᠍ ᠢᠷᠡᠬᠦ᠌᠎ᠪᠡᠷ᠂ ᠸᠠᠩ ᠸᠧᠢ ᠵᠦᠩ ᠲᠤᠰᠬᠠᠶ᠋ᠢᠯᠠᠨ ᠵᠠᠯᠠᠨ ᠠᠶ᠋ᠢᠯ ᠬᠤᠳᠠ᠎ᠶᠢᠨ ᠾᠧ ᠰᠢ ᠵᠡᠭᠡᠯᠢ ᠭᠤᠳᠤᠮᠵᠢ᠎ᠶᠢᠨ ᠨᠠᠮ᠎ᠤᠨ ᠭᠡᠰᠢᠭᠦᠨ ᠵᠢᠶᠠᠩ ᠢᠦᠢ ᠭᠦᠸᠧ᠎ᠶᠢᠨ ᠭᠡᠷ᠎ᠲᠦ ᠬᠦᠷᠴᠦ᠍ ᠪᠣᠯᠭᠣᠭᠠᠨ ᠲᠣᠬᠣᠨᠢᠭᠤᠯᠪᠠ᠃ ᠸᠠᠩ ᠸᠧᠢ ᠵᠦᠩ ᠲᠡᠭᠦᠨ᠎ᠦ ᠪᠡᠶ᠎ᠡ᠎ᠶᠢᠨ ᠪᠠᠶ᠋ᠢᠳᠠᠯ᠂ ᠭᠡᠷ ᠪᠦᠯᠢ᠎ᠶᠢᠨ ᠣᠷᠣᠯᠭ᠎ᠠ᠂ ᠡᠮ ᠡᠮᠨᠡᠯᠭᠡ᠎ᠶᠢᠨ ᠪᠠᠲᠤᠯᠠᠭ᠎ᠠ ᠵᠡᠷᠭᠡ ᠪᠠᠶ᠋ᠢᠳᠠᠯ᠎ᠢ ᠨᠠᠷᠢᠨ ᠠᠰᠠᠭᠤᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠬᠦᠴᠢᠷᠳᠡᠯᠲᠡᠢ ᠨᠠᠮ᠎ᠤᠨ ᠭᠡᠰᠢᠭᠦᠨ ᠪᠣᠯᠤᠨ ᠠᠬᠠᠮᠠᠳ ᠨᠠᠮ᠎ᠤᠨ ᠭᠡᠰᠢᠭᠦᠨ᠎ᠢ ᠬᠠᠪᠰᠤᠷᠤᠨ ᠲᠡᠳᠬᠦᠬᠦ᠌ ᠲᠣᠭᠲᠠᠴᠠ᠎ᠶᠢ ᠤᠯᠠᠮ ᠨᠢᠭᠡ ᠠᠯᠬᠤᠮ ᠪᠦᠷᠢᠨᠰᠢᠬᠦᠯᠵᠤ᠂ ᠴᠠᠭ ᠲᠤᠬᠠᠢ᠎ᠳᠤᠨᠢ ᠲᠡᠳᠡᠨ᠎ᠢ ᠬᠠᠪᠰᠤᠷᠤᠨ ᠪᠣᠳᠠᠲᠠᠢ ᠬᠦᠴᠢᠷᠳᠡᠯ᠎ᠢ ᠨᠢ ᠰᠢ᠌ᠳᠪᠦᠷᠢᠯᠡᠵᠦ᠍᠂ ᠵᠣᠬᠢᠶᠠᠨ ᠪᠠᠶ᠋ᠢᠭᠤᠯᠤᠯᠲᠠ᠎ᠶᠢᠨ ᠬᠠᠶ᠋ᠢᠷ᠎ᠠ ᠬᠠᠯᠠᠮᠵᠢ᠎ᠶᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ᠍ ᠱᠠᠭᠠᠷᠳᠠᠪᠠ᠃

ᠪᠠᠶ᠋ᠢᠴᠠᠭᠠᠨ ᠰᠤᠳᠤᠯᠤᠯᠲᠠ᠎ᠶᠢᠨ ᠬᠤᠭᠤᠴᠠᠭᠠᠨ᠎ᠳᠤ᠂ ᠸᠠᠩ ᠸᠧᠢ ᠵᠦᠩ ᠪᠠᠰᠠ ᠥᠪᠥᠷ ᠮᠣᠩᠭᠣᠯ᠎ᠤᠨ ᠵᠦᠩ ᠳ᠋ᠦᠩ ᠲᠡᠮᠦᠷ ᠵᠠᠮ᠎ᠤᠨ ᠮᠦᠽᠧᠢ᠎ᠳᠦ ᠬᠦᠷᠴᠦ᠍᠂ ᠤᠯᠤᠰ᠎ᠢᠶᠠᠨ ᠬᠠᠶ᠋ᠢᠷᠠᠯᠠᠬᠤ ᠦᠵᠡᠯ᠎ᠦᠨ ᠬᠥᠮᠦᠵᠢᠯ᠎ᠢ ᠥᠷᠨᠢᠭᠦᠯᠵᠤ ᠪᠠᠢᠭ᠎ᠠ ᠪᠠᠶ᠋ᠢᠳᠠᠯ᠎ᠢ ᠣᠶ᠋ᠢᠯᠠᠭᠠᠪᠠ᠃

ᠢᠦᠢ ᠯᠢ ᠰᠢᠨ᠂ ᠴᠢ᠊ ᠪᠠᠲᠤ᠌ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号