— ᠲᠦᠩᠯᠢᠶᠣᠤ ᠬᠣᠲᠠ ᠶ᠋ᠢᠨ ᠵᠠᠷᠤᠳ ᠬᠣᠱᠢᠭᠤᠨ ᠤ᠋ ᠪᠠᠷᠠᠭᠤᠨ ᠪᠠᠶᠠᠨᠲᠠᠯ᠎ᠠ ᠲᠣᠰᠭᠣᠨ ᠤ᠋ ᠨᠠᠮ ᠤ᠋ᠨ ᠡᠭᠦᠷ ᠨᠠᠮ ᠤ᠋ᠨ ᠪᠠᠢᠭᠤᠯᠤᠯᠲᠠ ᠪᠡᠷ ᠬᠥᠲᠥᠯᠥᠨ ᠳᠠᠭᠠᠭᠤᠯᠵᠤ ᠬᠥᠭ᠌ᠵᠢᠭᠦᠯᠦᠨ ᠮᠠᠨᠳᠤᠭᠤᠯᠬᠤ ᠵᠢ ᠬᠠᠢᠨ ᠰᠦᠪᠡᠭᠴᠢᠯᠡᠪᠡ
ᠣᠢᠷ᠎ᠠ ᠳ᠋ᠤ᠂ ᠰᠤᠷᠪᠤᠯᠵᠢᠯᠠᠬᠴᠢ ᠲᠦᠩᠯᠢᠶᠣᠤ ᠬᠣᠲᠠ ᠶ᠋ᠢᠨ ᠵᠠᠷᠤᠳ ᠬᠣᠱᠢᠭᠤᠨ ᠤ᠋ ᠪᠠᠶᠠᠨᠲᠠᠯ᠎ᠠ ᠰᠤᠮᠤ ᠶ᠋ᠢᠨ ᠪᠠᠷᠠᠭᠤᠨ ᠪᠠᠶᠠᠨᠲᠠᠯ᠎ᠠ ᠲᠣᠰᠭᠣᠨ ᠳ᠋ᠤ ᠬᠦᠷᠬᠦᠳᠦ᠂ ᠬᠦᠳᠡᠭᠡ ᠬᠡᠭᠡᠷ᠎ᠡ ᠲᠠᠷᠢᠶᠠᠨ ᠴᠢᠬᠢ ᠢᠳᠡᠷᠡᠭᠦᠨ ᠤᠷᠭᠤᠵᠤ᠂ ᠲᠣᠰᠭᠣᠨ ᠤ᠋ ᠵᠠᠮ ᠤ᠋ᠨ ᠬᠠᠵᠠᠭᠤ ᠪᠡᠷ ᠮᠤᠳᠤ ᠨᠣᠭᠣᠭᠠᠷᠠᠡ ᠬᠥᠳᠡᠭᠡ ᠲᠣᠰᠭᠣᠨ ᠤ᠋ ᠬᠥᠭ᠌ᠵᠢᠯ ᠮᠠᠨᠳᠤᠯ ᠤ᠋ᠨ ᠠᠮᠢᠵᠢᠷᠠᠯ ᠤ᠋ᠨ ᠬᠦᠴᠦᠨ ᠭᠠᠵᠠᠷ ᠪᠣᠯᠭᠠᠨ ᠳ᠋ᠤ ᠪᠢᠯᠬᠠᠵᠤ ᠪᠠᠢᠯ᠎ᠠ᠃
ᠤᠢ᠍ᠢᠷᠠ ᠶ᠋ᠢᠨ ᠵᠢᠯ ᠡᠴᠡ ᠪᠠᠶᠠᠨᠲᠠᠯ᠎ᠠ ᠲᠣᠰᠭᠣᠨ ᠤ᠋ ᠨᠠᠮ ᠤ᠋ᠨ ᠡᠭᠦᠷ ᠠᠷᠠᠳ ᠢ᠋ ᠪᠠᠶᠠᠵᠢᠭᠤᠯᠬᠤ ᠱᠢᠨ᠎ᠡ ᠠᠷᠭ᠎ᠠ ᠵᠠᠮ ᠢ᠋ ᠢᠳᠡᠪᠬᠢᠲᠡᠢ ᠰᠦᠪᠡᠭ᠌ᠴᠢᠯᠡᠵᠦ᠍᠂ ᠨᠠᠮ ᠤ᠋ᠨ ᠪᠠᠢᠭᠤᠯᠤᠯᠲᠠ ᠪᠡᠷ ᠬᠦᠳᠦᠯᠥᠨ ᠳᠠᠭᠠᠭᠤᠯᠬᠤ ᠵᠢ ᠪᠠᠷᠢᠮᠲᠠᠯᠠᠵᠤ᠂ 《ᠨᠠᠮ ᠤ᠋ᠨ ᠡᠭᠦᠷ + ᠲᠤᠰᠬᠠᠢ ᠬᠤᠷᠱᠢᠶᠠ + ᠠᠵᠤ ᠠᠬᠤᠢᠯᠠᠯ + ᠲᠠᠷᠢᠶᠠᠯᠠᠬᠤ ᠡᠷᠦᠬᠡ》 ᠵᠢᠨ ᠬᠥᠭ᠌ᠵᠢᠯᠲᠡ ᠶ᠋ᠢᠨ ᠵᠠᠭ᠍ᠪᠤᠷ ᠢ᠋ ᠶᠡᠬᠡ ᠪᠡᠷ ᠬᠡᠷᠡᠭ᠌ᠵᠢᠭᠦᠯᠵᠦ᠍᠂ ᠠᠵᠤ ᠦᠢᠯᠡᠰ ᠬᠥᠭ᠌ᠵᠢᠭ᠌ᠰᠡᠨ ᠵᠠᠰᠠᠯᠲᠠ ᠪᠦᠲᠦᠮᠵᠢᠲᠡᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠱᠢᠨ᠎ᠡ ᠠᠷᠭ᠎ᠠ ᠵᠠᠮ ᠢ᠋ ᠬᠠᠢᠪᠠ᠃
ᠤᠯᠠᠮᠵᠢᠯᠠᠯᠲᠤ ᠲᠠᠷᠢᠶᠠᠯᠠᠭ᠎ᠠ ᠶ᠋ᠢᠨ ᠦᠷ᠎ᠡ ᠠᠱᠢᠭ ᠳᠣᠣᠷ᠎ᠠ ᠪᠠᠢᠭ᠎ᠠ ᠬᠦᠴᠢᠷ ᠠᠰᠠᠭᠤᠳᠠᠯ ᠢ᠋ ᠱᠢᠢᠳᠪᠦᠷᠢᠯᠡᠬᠦ᠌ ᠶ᠋ᠢᠨ ᠲᠥᠯᠥᠭᠡ ᠲᠣᠰᠭᠣᠨ ᠤ᠋ 《ᠬᠣᠶᠠᠷ ᠵᠥᠪᠯᠡᠯ》 ᠤ᠋ᠨ ᠪᠠᠭ ᠤ᠋ᠨ ᠪᠦᠷᠢᠯᠳᠦᠬᠦᠨ ᠤᠯᠠᠨ ᠤᠳᠠᠭ᠎ᠠ ᠱᠠᠨᠳᠦ᠋ᠩ ᠵᠧᠵᠢᠶᠠᠩ ᠵᠡᠷᠭᠡ ᠭᠠᠵᠠᠷ ᠲᠦ᠍ ᠬᠦᠷᠴᠦ᠍ ᠱᠢᠨᠵᠢᠯᠡᠨ ᠪᠠᠢᠴᠠᠭᠠᠪᠠ᠃ 2018 ᠣᠨ ᠳ᠋ᠤ ᠨᠠᠮ ᠤ᠋ᠨ ᠡᠭᠦᠷ ᠤ᠋ᠨ ᠳᠠᠭᠠᠭᠤᠯᠤᠨ ᠡᠷᠬᠢᠯᠡᠭ᠌ᠰᠡᠨ ᠳ᠋ᠡ ᠵᠢᠶᠦ᠋ᠨ ᠠᠮᠤ ᠪᠤᠳᠠᠭᠠᠨ ᠤ᠋ ᠲᠠᠷᠢᠮᠠᠯ ᠤ᠋ᠨ ᠲᠤᠰᠭᠠᠢ ᠬᠤᠷᠱᠢᠶᠠ ᠵᠢᠩᠬᠢᠨᠢ ᠪᠡᠷ ᠪᠠᠢᠭᠤᠯᠤᠭ᠍ᠳᠠᠪᠠ᠃ ᠲᠣᠰᠭᠣᠨ ᠤ᠋ 《ᠬᠣᠶᠠᠷ ᠵᠥᠪᠯᠡᠯ》 ᠤ᠋ᠨ ᠪᠠᠭ ᠤ᠋ᠨ ᠪᠦᠷᠢᠯᠳᠦᠬᠦᠨ ᠬᠡᠰᠡᠭ ᠬᠤᠪᠢᠶᠠᠨ ᠡᠷᠦᠭᠡ ᠳᠠᠭᠠᠭᠠᠴᠢᠯᠠᠵᠤ ᠦᠨᠳᠦᠰᠦᠲᠡᠨᠨᠦᠭᠦᠳ ᠤ᠋ᠨ ᠤᠯᠠᠨ ᠲᠦᠮᠡᠨ ᠤ᠋ ᠭᠡᠷ ᠲᠦ᠍ ᠭᠦᠨᠵᠡᠭᠡᠢᠷᠡᠨ ᠰᠤᠷᠪᠤᠯᠵᠢᠯᠠᠨ ᠤᠬᠠᠭᠤᠯᠵᠤ᠂ ᠶᠠᠷᠢᠯᠴᠠᠬᠤ ᠬᠤᠷᠠᠯ ᠬᠤᠷᠠᠯᠳᠤᠭᠤᠯᠤᠨ ᠰᠠᠨᠠᠯ ᠬᠤᠷᠢᠶᠠᠵᠤ᠂ ᠭᠠᠵᠠᠷ ᠱᠢᠷᠣᠢ ᠪᠡᠷ ᠬᠤᠪᠢ ᠣᠷᠣᠭᠤᠯᠤᠭ᠍ᠰᠠᠨ ᠤ᠋ ᠳᠠᠷᠠᠭᠠᠬᠢ ᠠᠱᠢᠭ ᠣᠷᠣᠯᠭ᠎ᠠ ᠶ᠋ᠢ ᠪᠠᠲᠤᠯᠠᠨ ᠡᠵᠡᠩᠨᠡᠯᠲᠡ ᠬᠠᠮᠢᠶᠠᠷᠤᠯᠲᠠ ᠵᠡᠷᠭᠡ ᠠᠰᠠᠭᠤᠳᠠᠯ ᠳ᠋ᠤ ᠬᠦᠯᠢᠴᠡᠩᠭᠦᠢ ᠪᠡᠷ ᠬᠠᠷᠢᠭᠤᠯᠲᠠ ᠥᠭ᠌ᠴᠦ ᠤᠯᠠᠨ ᠤ᠋ ᠡᠷᠡᠭᠡᠯᠵᠡᠯ ᠢ᠋ ᠲᠤᠢᠯᠪᠤᠷᠢᠲᠠᠢ ᠠᠷᠢᠯᠭᠠᠪᠠ᠃ ᠲᠣᠰᠭᠣᠨ ᠤ᠋ ᠠᠷᠠᠳ ᠰᠠᠢᠨ ᠳᠤᠷ᠎ᠠ ᠡᠴᠡ ᠪᠠᠨ ᠭᠠᠵᠠᠷ ᠱᠢᠷᠣᠶ ᠪᠡᠷ ᠲᠤᠰᠬᠠᠢ ᠬᠣᠷᠱᠢᠶᠠ ᠳ᠋ᠤ ᠬᠤᠪᠢ ᠣᠷᠣᠭᠤᠯᠵᠤ᠂ 5300 ᠮᠥ᠍ ᠭᠠᠵᠠᠷ ᠱᠢᠷᠣᠶ ᠵᠢ ᠲᠥᠪᠯᠡᠷᠡᠭᠦᠯᠦᠨ ᠡᠷᠭᠢᠯᠲᠡᠳᠦ ᠣᠷᠣᠭᠤᠯᠬᠤ ᠵᠢ ᠪᠡᠶᠡᠯᠡᠭᠦᠯᠵᠦ᠍᠂ ᠲᠠᠷᠢᠶᠠᠯᠠᠩ ᠤ᠋ᠨ ᠮᠠᠲᠸᠷᠢᠶᠠᠯ ᠢ᠋ ᠨᠢᠭᠡᠳᠦᠯᠲᠡᠶ ᠬᠤᠳᠠᠯᠳᠤᠨ ᠠᠪᠬᠤ ᠮᠧᠬᠠᠨᠢᠭ᠍ᠵᠢᠭᠤᠯᠤᠨ ᠠᠵᠢᠯᠯᠠᠭᠤᠯᠬᠤ ᠪᠡᠷ ᠳᠠᠮᠵᠢᠭᠤᠯᠤᠨ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠥᠪᠡᠷ ᠤ᠋ᠨ ᠥᠷᠲᠡᠭ ᠢ᠋ ᠶᠡᠬᠡ ᠪᠡᠷ ᠪᠠᠭᠤᠷᠠᠭᠤᠯᠵᠤ᠂ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠥᠷᠢᠰᠥᠯᠳᠦᠬᠦ᠌ ᠬᠦᠴᠦᠨ ᠢ᠋ ᠳᠡᠭᠡᠭ᠌ᠰᠢᠯᠡᠭᠦᠯᠦᠭ᠌ᠰᠡᠨ ᠮᠥᠷᠲᠡᠭᠡᠨ ᠪᠠᠰᠠ ᠲᠠᠷᠢᠶᠠᠯᠠᠬᠤ ᠡᠷᠦᠬᠡ ᠶ᠋ᠢᠨ ᠠᠱᠢᠭ ᠣᠷᠣᠯᠭ᠎ᠠ ᠵᠢ ᠪᠠᠲᠤᠯᠠᠭ᠍ᠰᠠᠨ ᠪᠠᠢᠨ᠎ᠠ᠃ 2019 ᠣᠨ ᠳ᠋ᠤ ᠲᠣᠰᠭᠣᠨ ᠤ᠋ ᠨᠠᠮ ᠤ᠋ᠨ ᠡᠭᠦᠷ ᠡᠴᠡ ᠲᠣᠰᠭᠣᠨ ᠤ᠋ ᠡᠷᠭᠢᠯᠡᠭ᠌ᠰᠡᠨ ᠠᠵᠤ ᠠᠬᠤᠢᠯᠠᠯ ᠪᠤᠯᠬᠤ ᠴᠢ ᠨᠦᠩ ᠠᠷᠠᠯᠵᠢᠶ᠎ᠠ ᠬᠤᠳᠠᠯᠳᠤᠭᠠᠨ ᠤ᠋ ᠬᠢᠵᠠᠭᠠᠷᠲᠤ ᠺᠣᠮᠫᠠᠨᠢ ᠵᠢ ᠳᠠᠩᠰᠠᠯᠠᠭᠤᠯᠤᠨ ᠪᠠᠢᠭᠤᠯᠵᠤ ᠨᠠᠷᠢᠯᠢᠭ ᠡᠳ᠋ᠱᠢᠭᠦᠯᠬᠦ᠌ ᠲᠥᠬᠥᠭᠡᠷᠦᠮᠵᠢ ᠵᠢ ᠣᠷᠣᠭᠤᠯᠤᠨ ᠠᠪᠴᠢᠷᠠᠵᠤ᠂ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠪᠠᠢᠭᠤᠯᠤᠯᠲᠠ ᠵᠢ ᠪᠡᠶᠡᠯᠡᠭᠦᠯᠪᠡ᠃ ᠡᠭᠦᠨ ᠤ᠋ ᠬᠠᠮᠲᠤ᠂ ᠲᠤᠰᠬᠠᠢ ᠲᠠᠸᠠᠷ ᠤ᠋ᠨ ᠲᠡᠮᠳᠡᠭ ᠢ᠋ ᠳᠠᠩᠰᠠᠯᠠᠭᠤᠯᠵᠤ᠂ ᠪᠣᠬᠢᠷᠲᠤᠯ ᠥᠬᠡᠶ ᠪᠦᠲᠦᠭᠡᠭ᠌ᠳᠡᠬᠦᠨ ᠤ᠋ ᠭᠡᠷᠡᠴᠢᠯᠡᠭᠡ ᠪᠡᠷ ᠳᠠᠮᠵᠢᠭᠤᠯᠤᠨ ᠦᠶ᠋ᠯᠡᠳᠬᠦᠨ ᠤ᠋ ᠶᠠᠰᠤ ᠴᠢᠨᠠᠷ ᠲᠥᠷᠥᠯ ᠲᠡᠮᠳᠡᠭ᠌ ᠤ᠋ᠨ ᠦᠷ᠎ᠡ ᠠᠱᠢᠭ ᠣᠯᠠᠨ ᠲᠦᠮᠡᠨ ᠤ᠋ ᠠᠱᠢᠭ ᠣᠷᠣᠯᠭ᠎ᠠ ᠶ᠋ᠢᠨ ᠭᠤᠷᠪᠠᠨ ᠳᠠᠪᠬᠤᠷ ᠳᠡᠭᠡᠭ᠌ᠰᠢᠯᠡᠯᠲᠡ ᠵᠢ ᠪᠡᠶᠡᠯᠡᠭᠦᠯᠪᠡ᠃
ᠲᠣᠰᠭᠣᠨ ᠤ᠋ ᠠᠷᠠᠳ ᠸᠠᠩ ᠬᠣᠩ ᠱᠦᠨ 110 ᠭᠠᠷᠤᠶ ᠮᠥ᠍ ᠭᠠᠵᠠᠷ ᠱᠢᠷᠣᠶ ᠪᠠᠨ ᠲᠤᠰᠬᠠᠢ ᠬᠣᠷᠱᠢᠶᠠ ᠳ᠋ᠤ ᠬᠤᠪᠢ ᠣᠷᠣᠭᠤᠯᠵᠤ ᠮᠥ᠍ ᠪᠦᠷᠢ ᠶ᠋ᠢᠨ 780 ᠲᠥᠭᠥᠷᠢᠭ ᠤ᠋ᠨ ᠠᠱᠢᠭ ᠣᠯᠵᠠᠪᠤᠷᠢ ᠪᠡᠷ ᠪᠤᠳᠤᠪᠠᠯ᠂ 2025 ᠣᠨ ᠳ᠋ᠤ 8 ᠲᠦᠮᠡ ᠭᠠᠷᠤᠶ ᠲᠥᠭᠥᠷᠢᠭ ᠤ᠋ᠨ ᠠᠱᠢᠭ ᠣᠯᠵᠠᠪᠤᠷᠢ ᠣᠯᠵᠠᠶ᠃ 《ᠲᠤᠰᠬᠠᠢ ᠬᠤᠷᠱᠢᠶᠠ ᠵᠢ ᠳᠠᠭᠠᠵᠤ ᠠᠵᠢᠯᠯᠠᠬᠤ ᠨᠢ ᠦᠨᠡᠬᠡᠷ ᠵᠥᠪ ᠵᠠᠮ ᠢ᠋ ᠰᠣᠩᠭᠣᠭ᠍ᠰᠠᠨ ᠪᠠᠢᠨ᠎ᠠ! ᠥᠩᠭᠡᠷᠡᠭ᠌ᠰᠡᠨᠳᠦ ᠲᠠᠷᠢᠶ᠎ᠠ ᠲᠠᠷᠢᠬᠤ ᠳ᠋ᠤ ᠲᠩᠷᠢ ᠶ᠋ᠢᠨ ᠴᠢᠷᠠᠢ ᠵᠢ ᠬᠠᠷᠠᠵᠤ᠂ ᠬᠥᠮᠦᠨ ᠤ᠋ ᠬᠦᠴᠦᠨ ᠤ᠋ ᠥᠪᠡᠷ ᠤ᠋ᠨ ᠦᠷᠲᠡᠭ ᠥᠨᠳᠥᠷ ᠠᠰᠢᠭ ᠣᠷᠣᠯᠭ᠎ᠠ ᠳᠤᠤᠷ᠎ᠠ ᠪᠠᠢᠵᠠᠢ᠃ ᠤᠳᠤ ᠪᠦᠷᠢᠮᠦᠰᠦᠨ ᠥᠪᠡᠷ ᠢ᠋ᠶ᠋ᠡᠨ ᠰᠠᠨᠠᠭ᠎ᠠ ᠵᠣᠪᠠᠬᠤ ᠬᠡᠷᠡᠭ ᠦᠭᠡᠢ ᠵᠢᠯ ᠤ᠋ᠨ ᠰᠡᠭᠦᠯᠴᠢ ᠳ᠋ᠤ ᠱᠢᠭᠤᠳ ᠠᠱᠢᠭ ᠬᠤᠪᠢᠶᠠᠵᠤ᠂ ᠡᠩ ᠤ᠋ᠨ ᠦᠶ᠎ᠡ ᠳ᠋ᠤ ᠪᠠᠰᠠ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠵᠦ᠂ ᠠᠮᠢᠳᠤᠷᠠᠯ ᠤᠯᠠᠮ ᠡᠴᠡ ᠤᠯᠠᠮ ᠰᠠᠢᠨ ᠪᠣᠯᠵᠠᠢ》 ᠭᠡᠵᠦ᠍ ᠸᠠᠩ ᠬᠣᠩ ᠱᠦᠨ ᠬᠡᠯᠡᠪᠡ᠃
2025 ᠣᠨ ᠳ᠋ᠤ ᠲᠤᠰᠬᠠᠢ ᠬᠤᠷᠱᠢᠶᠠ ᠡᠴᠡ ᠲᠣᠰᠭᠣᠨ ᠤ᠋ ᠠᠷᠠᠳ ᠲᠦ᠍ 380 ᠲᠦᠮᠡᠨ ᠲᠥᠭᠥᠷᠢᠭ ᠤ᠋ᠨ ᠠᠱᠢᠭ ᠬᠤᠪᠢᠶᠠᠷᠢᠯᠠᠵᠤ ᠥᠭ᠌ᠪᠡ᠃ ᠡᠨᠡ ᠪᠣᠯ ᠲᠤᠰᠬᠠᠢ ᠬᠤᠷᠱᠢᠶᠠ ᠪᠠᠢᠭᠤᠯᠤᠭ᠍ᠳᠠᠭ᠍ᠰᠠᠨ ᠡᠴᠡ ᠨᠠᠭᠠᠱᠢᠬᠢ ᠨᠠᠢ᠍ᠮᠠᠳᠤᠭᠠᠷ ᠤᠳᠠᠭ᠎ᠠ ᠶ᠋ᠢᠨ ᠠᠱᠢᠭ ᠬᠤᠪᠢᠶᠠᠷᠢᠯᠠᠯᠲᠠ ᠪᠠᠢᠵᠤ᠂ ᠠᠱᠢᠭ ᠬᠤᠪᠢᠶᠠᠷᠢᠯᠠᠭ᠍ᠰᠠᠨ ᠵᠣᠭᠣᠰ ᠤ᠋ᠨ ᠲᠣᠭ᠎ᠠ ᠨᠢ 2000 ᠲᠦᠮᠡᠨ ᠲᠥᠭᠥᠷᠢᠭ ᠢ᠋ ᠳᠠᠪᠠᠵᠤ᠂ ᠥᠩᠭᠡᠷᠡᠭ᠌ᠰᠡᠨ ᠤ᠋ ᠲᠠᠷᠢᠶᠠᠯᠠᠬᠤ ᠡᠷᠦᠬᠡ ᠶ᠋ᠢᠨ 《ᠭᠠᠭ᠍ᠴᠠᠭᠠᠷ ᠲᠡᠮᠡᠴᠡᠵᠦ᠍》 ᠠᠶᠤᠯ ᠲᠦᠭ᠌ᠰᠢᠭᠦᠷᠢ ᠵᠢ ᠡᠰᠡᠷᠭᠦᠴᠡᠬᠦ᠌ ᠴᠢᠳᠠᠪᠤᠷᠢ ᠪᠠᠭᠤᠷᠠᠢ ᠠᠱᠢᠭ ᠣᠷᠣᠯᠭ᠎ᠠ ᠲᠣᠭ᠍ᠲᠠᠪᠤᠷᠢ ᠦᠭᠡᠢ ᠪᠠᠢᠭ᠍ᠰᠠᠨ ᠬᠦᠴᠢᠷᠳᠡᠯ ᠢ᠋ ᠲᠤᠢᠯᠪᠤᠷᠢᠲᠠᠢ ᠬᠤᠪᠢᠷᠠᠭᠤᠯᠵᠤ᠂ ᠲᠣᠰᠭᠣᠨ ᠤ᠋ ᠠᠷᠠᠳ ᠤ᠋ᠨ ᠬᠤᠷᠱᠢᠶᠠ ᠳ᠋ᠤ ᠤᠷᠤᠭ᠍ᠰᠠᠨ ᠨᠤᠷᠮ᠎ᠠ 100% ᠳ᠋ᠤ ᠬᠦᠷᠴᠡᠢ᠃
ᠲᠤᠰᠬᠠᠢ ᠬᠣᠷᠱᠢᠶᠠ ᠶ᠋ᠢᠨ ᠵᠠᠭ᠍ᠪᠤᠷ ᠨᠢ ᠲᠠᠷᠢᠶᠠᠯᠠᠬᠤ ᠡᠷᠦᠬᠡ ᠶ᠋ᠢ ᠬᠠᠪᠰᠤᠷᠤᠨ ᠤᠯᠠᠮᠵᠢᠯᠠᠯᠲᠤ ᠦᠶ᠋ᠯᠡᠳᠪᠦᠷᠢᠯᠡᠯ ᠤ᠋ᠨ ᠵᠠᠭ᠍ᠪᠤᠷ ᠡᠴᠡ ᠬᠠᠮᠲᠤᠷᠠᠯᠴᠠᠵᠤ᠂ ᠬᠠᠮᠲᠤ ᠪᠠᠷ ᠪᠠᠶᠠᠵᠢᠬᠤ ᠲᠡᠢᠰᠢ ᠬᠤᠪᠢᠷᠠᠭᠤᠯᠬᠤ ᠵᠢ ᠪᠡᠶᠡᠯᠡᠭᠦᠯᠵᠦ᠂ ᠤᠯᠠᠮ ᠡᠴᠡ ᠣᠯᠠᠨ ᠲᠣᠰᠭᠣᠨ ᠤ᠋ ᠠᠷᠠᠳ ᠢ᠋ ᠳᠠᠢᠴᠢᠯᠠᠨ ᠲᠠᠷᠢᠶᠠᠯᠠᠩ ᠢ᠋ᠶ᠋ᠡᠷ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠣᠷᠣᠯᠭ᠎ᠠ ᠵᠢ ᠨᠢ ᠨᠡᠮᠡᠭ᠌ᠳᠡᠭᠦᠯᠦᠨ ᠪᠠᠶᠠᠵᠢᠭᠤᠯᠬᠤ ᠵᠠᠮ ᠢ᠋ᠶ᠋ᠡᠷ ᠵᠠᠮᠨᠠᠭᠤᠯᠵᠤ ᠪᠠᠢᠨ᠎ᠠ᠃ ᠠᠵᠤ ᠦᠢᠯᠡᠰ ᠤ᠋ᠨ ᠬᠥᠭ᠌ᠵᠢᠯᠲᠡ ᠵᠢ ᠴᠢᠩᠭᠠᠳᠭᠠᠬᠤ ᠶ᠋ᠢᠨ ᠬᠠᠮᠲᠤ ᠦᠨᠳᠦᠰᠦᠨ ᠱᠠᠲᠤᠨ ᠤ᠋ ᠵᠠᠰᠠᠯᠲᠠ ᠵᠢ ᠦᠷᠭᠦᠯᠵᠢᠯᠡᠨ ᠴᠢᠩᠭᠠᠳᠭᠠᠵᠤ᠂ 《ᠨᠢᠭᠡ ᠲᠤᠤᠷ ᠢ᠋ᠶ᠋ᠡᠷ ᠨᠡᠪᠲᠡᠷᠡᠭᠦᠯᠬᠦ᠌》 ᠵᠠᠰᠠᠯᠲᠠ ᠶ᠋ᠢᠨ ᠪᠠᠢᠷᠢᠱᠢᠯ ᠢ᠋ ᠢᠳᠡᠪᠬᠢᠲᠡᠢ ᠪᠠᠢᠭᠤᠯᠵᠤ᠂ ᠨᠡᠢᠭᠡᠮ ᠤ᠋ᠨ ᠪᠠᠢᠳᠠᠯ ᠠᠷᠠᠳ ᠤ᠋ᠨ ᠰᠠᠨᠠᠭ᠎ᠠ ᠵᠢ ᠴᠤᠭ᠍ᠯᠠᠭᠤᠯᠬᠤ ᠵᠢ ᠪᠠᠢᠩᠭᠤᠵᠢᠭᠤᠯᠵᠤ᠂ ᠵᠥᠷᠢᠴᠡᠯ ᠵᠠᠭᠤᠷᠠᠯᠳᠤᠭᠠᠨ ᠢ᠋ ᠵᠢᠬᠰᠠᠭᠠᠨ ᠪᠠᠢᠴᠠᠭᠠᠨ ᠱᠢᠢᠳᠪᠦᠷᠢᠯᠡᠪᠡ᠃ ᠲᠣᠰᠭᠣᠨ ᠤ᠋ ᠨᠠᠮ ᠤ᠋ᠨ ᠡᠭᠦᠷ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠲᠦᠷᠢᠮ ᠢ᠋ ᠴᠢᠩᠭ᠎ᠠ ᠨᠠᠢᠳᠠᠪᠤᠷᠢᠵᠢᠭᠤᠯᠵᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠪᠡᠷ ᠭᠤᠤᠯ ᠱᠢᠵᠢᠮ ᠪᠣᠯᠭᠠᠵᠤ᠂ ᠦᠨᠳᠦᠰᠦᠨ ᠱᠠᠲᠤᠨ ᠤ᠋ ᠵᠣᠬᠢᠶᠠᠨ ᠪᠠᠢᠭᠤᠯᠤᠯᠲᠠ ᠶ᠋ᠢᠨ ᠪᠡᠬᠢᠯᠡᠯᠲᠡ ᠵᠢ ᠪᠡᠬᠢᠵᠢᠭᠦᠯᠪᠡ᠃ ᠡᠭᠦᠨ ᠤ᠋ ᠬᠠᠮᠲᠤ ᠬᠡᠷ ᠤ᠋ᠨ ᠰᠤᠷᠲᠠᠯ ᠤ᠋ᠨ ᠪᠠᠢᠭᠤᠯᠤᠯᠲᠠ ᠪᠡᠷ ᠭᠠᠷᠳᠠᠴᠠ ᠪᠣᠯᠭᠠᠵᠤ᠂ ᠪᠣᠯᠪᠠᠰᠤᠨ ᠬᠡᠷ ᠪᠦᠯᠢ ᠵᠡᠷᠭᠡ ᠵᠢ ᠦᠨᠡᠯᠡᠨ ᠱᠢᠯᠭᠠᠷᠠᠭᠤᠯᠵᠤ᠂ ᠬᠥᠬᠢᠭᠦᠯᠦᠨ ᠰᠠᠢᠱᠢᠶᠠᠬᠤ ᠠᠵᠢᠯ ᠢ᠋ ᠥᠷᠨᠢᠭᠦᠯᠵᠦ᠂ ᠣᠷᠣᠭ ᠬᠤᠷᠢᠮ ᠤ᠋ᠨ ᠰᠢᠨ᠎ᠡ ᠵᠠᠩ ᠳᠠᠳᠬᠠᠯ᠂ ᠨᠠᠰᠤᠲᠠᠨ ᠢ᠋ᠶ᠋ᠡᠨ ᠠᠴᠢᠯᠠᠵᠤ ᠲᠥᠷᠥᠯ ᠲᠦᠷᠦᠭᠰᠡᠳ ᠢ᠋ᠶ᠋ᠡᠨ ᠬᠦᠨᠳᠦᠯᠡᠬᠦ᠌ ᠵᠡᠷᠭᠡ ᠣᠢᠯᠠᠭᠠᠭ᠍ᠳᠠᠬᠤᠨ ᠢ᠋ ᠤᠬᠠᠭᠤᠯᠤᠨ ᠣᠯᠠᠨ ᠲᠦᠮᠡᠨ ᠢ᠋ ᠬᠥᠲᠥᠯᠥᠨ ᠵᠢᠯᠣᠭᠣᠳᠴᠤ᠌ ᠪᠠᠢᠭᠠᠳ ᠪᠣᠯᠪᠠᠰᠤᠨ ᠬᠡᠷ ᠤ᠋ᠨ ᠰᠤᠷᠲᠠᠯ ᠢ᠋ ᠪᠣᠶ ᠪᠣᠯᠭᠠᠵᠤ᠂ ᠶᠣᠰᠣ ᠰᠤᠷᠲᠠᠬᠤᠨ ᠢ᠋ ᠡᠷᠬᠢᠮᠯᠡᠨ ᠰᠠᠢᠨ ᠰᠠᠢᠬᠠᠨ ᠢ᠋ ᠬᠥᠭᠡᠭᠡᠴᠡᠯᠳᠦᠬᠦ᠌ ᠱᠢᠨ᠎ᠡ ᠬᠡᠪ ᠰᠤᠷᠲᠠᠯ ᠢ᠋ ᠪᠣᠶ ᠪᠣᠯᠭᠠᠪᠠ᠃ ᠥᠨᠥᠳᠦᠷ ᠤ᠋ᠨ ᠪᠠᠷᠠᠭᠤᠨ ᠪᠠᠶᠠᠨᠲᠠᠯ᠎ᠠ ᠲᠣᠰᠭᠣᠨ ᠳ᠋ᠤ ᠬᠥᠷᠰᠢ ᠰᠠᠭᠠᠬᠠᠯᠲᠠ ᠡᠶ᠎ᠡ ᠨᠠᠢᠷᠲᠠᠢ ᠨᠤᠲᠤᠭ ᠤ᠋ᠨ ᠰᠤᠷᠲᠠᠯ ᠪᠣᠯᠪᠠᠰᠤᠨ ᠪᠠᠢᠵᠤ᠂ ᠦᠨᠳᠦᠰᠦᠲᠡᠨᠨᠦᠭᠦᠳ ᠤ᠋ᠨ ᠤᠯᠠᠨ ᠲᠦᠮᠡᠨ ᠦᠢᠯᠡᠳᠪᠦᠷᠢᠯᠡᠯ ᠠᠮᠢᠳᠤᠷᠠᠯ ᠳᠤᠮᠳᠠ ᠪᠠᠨ ᠬᠠᠷᠢᠯᠴᠠᠨ ᠬᠠᠪᠰᠤᠷᠤᠯᠴᠠᠵᠤ ᠨᠢᠭᠡ ᠭᠡᠷ ᠤ᠋ᠨ ᠬᠥᠮᠦᠨ ᠮᠡᠲᠦ ᠳᠣᠲᠣᠨᠣ ᠶᠠᠪᠤᠯᠴᠠᠵᠤ᠂ ᠭᠠᠵᠠᠷ ᠪᠣᠯᠭᠠᠨ ᠳ᠋ᠤ ᠪᠦᠯᠬᠦᠮᠳᠡᠨ ᠲᠡᠮᠡᠴᠡᠵᠦ᠍ ᠡᠶ᠎ᠡ ᠵᠣᠬᠢᠴᠠᠩᠭᠤᠢ ᠥᠭᠡᠳᠡᠯᠡᠨ ᠲᠠᠪᠱᠢᠬ᠍ᠰᠠᠨ ᠱᠢᠨ᠎ᠡ ᠳᠦᠷᠰᠦ ᠪᠠᠢᠳᠠᠯ ᠢᠯᠡᠷᠡᠵᠦ᠍ ᠪᠠᠢᠨ᠎ᠠ᠃
ᠲᠠᠷᠠᠭᠠᠴᠢ ᠵᠢᠨ ᠠᠯᠬᠤᠮᠳᠦ᠂ ᠲᠤᠰᠬᠠᠢ ᠬᠣᠷᠱᠢᠶᠠ ᠶ᠋ᠢᠨ ᠬᠠᠮᠢᠶᠠᠷᠤᠯᠲᠠ ᠶ᠋ᠢᠨ ᠲᠦᠪᠱᠢᠨ ᠢ᠋ ᠬᠦᠴᠦᠯᠡᠨ ᠳᠡᠭᠡᠭ᠌ᠰᠢᠯᠡᠭᠦᠯᠵᠦ᠂ ᠭᠠᠵᠠᠷ ᠱᠢᠷᠣᠶ ᠵᠢ ᠨᠡᠢᠳᠭᠡᠬᠦ ᠠᠵᠢᠯ ᠢ᠋ ᠦᠷᠭᠦᠯᠵᠢᠯᠡᠨ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠲᠥᠷᠥᠯ ᠵᠦᠶ᠋ᠯᠳᠦ ᠲᠦᠱᠢᠭ᠌ᠯᠡᠨ ᠤᠰᠤ ᠲᠠᠲᠠᠷᠠᠭᠤᠯᠬᠤ ᠱᠢᠰᠲ᠋ᠧᠮ ᠣᠶ ᠶ᠋ᠢᠨ ᠬᠣᠭᠣᠷᠣᠨᠳᠣᠬᠢ ᠵᠠᠮ ᠤᠰᠤᠯᠠᠯᠲᠠ ᠶ᠋ᠢᠨ ᠬᠣᠭᠣᠯᠠᠶ ᠶ᠋ᠢᠨ ᠲᠤᠤᠷ ᠵᠡᠷᠭᠡ ᠰᠠᠭᠤᠷᠢ ᠲᠦᠬᠦᠭᠡᠷᠦᠮᠵᠢ ᠵᠢ ᠪᠥᠬᠥ᠌ ᠲᠠᠯ᠎ᠠ ᠪᠡᠷ ᠴᠡᠭ᠌ᠴᠡᠯᠡᠨ ᠰᠠᠢᠵᠢᠷᠠᠭᠤᠯᠵᠤ ᠲᠠᠰ ᠳᠡᠪᠱᠢᠭᠦᠯᠦᠨ ᠠᠮᠤ ᠪᠤᠳᠠᠭᠠᠨ ᠤ᠋ ᠤᠨᠠᠯᠲᠠ ᠵᠢ ᠪᠥᠬᠥ᠌ ᠬᠦᠴᠦᠨ ᠢ᠋ᠶ᠋ᠡᠷ ᠳᠡᠭᠡᠭ᠌ᠰᠢᠯᠡᠭᠦᠯᠦᠨᠡ᠃ ᠡᠭᠦᠨ ᠤ᠋ ᠬᠠᠮᠲᠤ ᠲᠤᠰᠬᠠᠢ ᠬᠣᠷᠱᠢᠶᠠ ᠶ᠋ᠢᠨ ᠡᠵᠡᠩᠨᠡᠯᠲᠡ ᠬᠠᠮᠢᠶᠠᠷᠤᠯᠲᠠ ᠵᠢ ᠤᠯᠠᠮ ᠴᠢᠨᠠᠬᠰᠢᠲᠠ ᠵᠢᠷᠤᠮᠵᠢᠭᠤᠯᠵᠤ᠂ ᠲᠠᠷᠢᠮᠠᠯ ᠤ᠋ᠨ ᠪᠦᠲᠦᠴᠡ ᠵᠢ ᠱᠢᠯᠢᠳᠡᠭ᠌ᠵᠢᠭᠦᠯᠦᠨ ᠮᠡᠷᠭᠡᠵᠢᠯ ᠤ᠋ᠨ ᠳᠡᠮᠵᠢᠯᠭᠡ ᠵᠢ ᠴᠢᠩᠭᠠᠷᠠᠭᠤᠯᠵᠤ᠂ ᠪᠣᠷᠣᠯᠠᠭᠤᠯᠭ᠎ᠠ ᠶ᠋ᠢᠨ ᠠᠷᠭ᠎ᠠ ᠵᠠᠮ ᠢ᠋ ᠥᠷᠭᠡᠳᠭᠡᠨ ᠬᠠᠮᠲᠤ ᠶ᠋ᠢᠨ ᠠᠵᠤ ᠠᠬᠤᠶ ᠶ᠋ᠢᠨ ᠪᠣᠳᠠᠲᠤ ᠬᠦᠴᠦᠨ ᠢ᠋ ᠲᠠᠰᠤᠷᠠᠯᠲᠠ ᠥᠬᠡᠶ ᠴᠢᠩᠭᠠᠷᠠᠭᠤᠯᠵᠤ᠂ ᠨᠠᠩ ᠣᠯᠠᠨ ᠲᠤᠰᠬᠠᠢ ᠬᠤᠷᠰᠢᠶ᠎ᠠ ᠶ᠋ᠢᠨ ᠪᠦᠷᠢᠯᠳᠦᠬᠦᠨ ᠳ᠋ᠤ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠠᠱᠢᠭ ᠲᠤᠰᠠ ᠵᠢ ᠡᠳ᠋ᠯᠡᠭᠦᠯᠦᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠬᠤ ᠳ᠋ᠤ ᠨᠠᠩ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠨ᠎ᠡ ᠭᠡᠵᠦ ᠢᠷᠡᠭᠡᠳᠦᠢ ᠵᠢᠨ ᠲᠦᠰᠦᠪᠢᠶᠡᠨ ᠶᠠᠷᠢᠨ᠎ᠠ᠃