ᠬᠦᠬᠡᠬᠤᠳᠡ ᠴᠢᠯᠥᠭᠡᠲᠦ᠍ ᠠᠷᠠᠯᠵᠢᠶᠠᠨ᠎ᠤ ᠤᠷᠤᠨ᠎ᠤ ᠲᠤᠰᠬᠠᠢ ᠲᠠᠯᠠᠪᠤᠷ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠠᠵᠢᠯᠯᠠᠭ᠎ᠠ ᠥᠷᠨᠢᠭᠦᠯᠪᠡ
2026-06-29 15:32:07
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠤᠢᠷ᠎ᠡ ᠳ᠋ᠤ᠌ ᠬᠦᠬᠡᠬᠤᠳᠡ ᠢ᠋ᠢᠨ ᠨᠠᠮ᠎ᠤᠨ ᠬᠤᠷᠢᠶ᠎ᠡ ᠢ᠋ᠢᠨ ᠮᠥᠩᠭᠥᠨ ᠭᠦᠢᠯᠭᠡᠭᠡᠨ᠎ᠦ ᠠᠯᠪᠠᠨ ᠭᠡᠷ ᠎ᠤ᠋ᠨ ᠬᠢᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠬᠤᠪᠢᠶᠠᠷᠢ ᠪᠠᠩᠬᠢ᠎ᠲᠠᠶ ᠬᠠᠮᠲᠤᠷᠠᠨ ᠬᠥᠬᠡᠬᠣᠲᠠ᠎ᠢ᠋ᠢᠨ ᠬᠠᠷᠢᠶᠠᠨ ᠳ᠋ᠡᠬᠢ 28 ᠪᠠᠩᠬᠢ ᠪᠤᠯᠤᠨ ᠳᠠᠭᠠᠳᠬᠠᠯ᠎ᠤᠨ ᠪᠠᠶ᠋ᠢᠭᠤᠯᠤᠮᠵᠢ᠎ᠶᠢ ᠵᠣᠬᠢᠶᠠᠨ ᠪᠠᠶ᠋ᠢᠭᠤᠯᠵᠤ᠂ ᠴᠢᠯᠥᠭᠡᠲᠦ᠍ ᠠᠷᠠᠯᠵᠢᠶᠠᠨ᠎ᠤ ᠤᠷᠤᠨ᠎ᠤ ᠲᠤᠰᠬᠠᠢ ᠲᠠᠯᠠᠪᠤᠷ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ᠎ᠤ ᠠᠵᠢᠯᠯᠠᠭ᠎ᠠ᠎ᠨᠢ ᠴᠢᠯᠥᠭᠡᠲᠦ᠍ ᠠᠷᠠᠯᠵᠢᠶᠠᠨ᠎ᠤ ᠣᠷᠣᠨ᠎ᠤ ᠭᠤᠷᠪᠠᠨ ᠶᠡᠬᠡ ᠪᠦᠯᠬᠦᠮ᠂ ᠵᠢᠷᠭᠤᠭᠠᠨ ᠭᠤᠤᠯᠳᠠᠯᠭ᠎ᠠ᠎ᠲᠠᠶ ᠠᠵᠤ ᠤᠢᠯᠡᠰ᠎ᠦᠨ ᠲᠣᠭᠣᠷᠢᠭ᠎ᠢ ᠬᠠᠮᠤᠷᠴᠤ ᠨᠡᠶ᠋ᠢᠲᠡ 41 ᠠᠵᠤ ᠠᠬᠤᠶ᠋ᠢᠯᠠᠯ᠎ᠤ᠋ᠨ ᠪᠠᠢᠳᠡᠯ ᠢ᠋ ᠤᠢᠯᠠᠭᠠᠨ᠂ ᠠᠵᠤ ᠠᠬᠤᠶ᠋ᠢᠯᠠᠯ᠎ᠤᠨ ᠪᠠᠯᠠ ᠬᠤᠷᠠᠮᠳᠤᠭᠤᠯᠬᠤ 30 ᠵᠦᠢᠯ ᠤ᠋ᠨ ᠱᠠᠭᠠᠷᠳᠠᠯᠭ᠎ᠠ᠎ᠶᠢ ᠬᠦᠯᠢᠶᠡᠨ ᠠᠪᠴᠤ᠌ ᠰᠢᠢᠳᠪᠤᠷᠢᠯᠡᠵᠤ᠂ ᠮᠥᠩᠭᠥᠨ ᠬᠦᠢᠯᠬᠡᠬᠡᠨ᠎ᠦ ᠡᠬᠢ ᠪᠠᠶᠠᠯᠢᠭ᠎ᠢ ᠵᠠᠬ᠎ᠠ ᠳᠡᠯᠭᠡᠭᠦᠷ᠎ᠦᠨ ᠭᠤᠤᠯ ᠴᠣᠭᠴᠠ᠎ᠯᠤᠭ᠎ᠠ ᠣᠨᠣᠪᠴᠢᠲᠠᠶ᠎ᠪᠠᠷ ᠵᠣᠯᠭᠠᠯᠳᠤᠭᠤᠯᠬᠤ᠎ᠶᠢ ᠪᠡᠶᠡᠯᠡᠭᠦᠯᠪᠡ᠃

ᠲᠣᠰ ᠤᠳᠠᠭᠠᠨ᠎ᠤ ᠠᠵᠤ ᠠᠬᠤᠢᠯᠡᠯ ᠢ᠋ᠢᠡᠷ ᠬᠦᠷᠴᠤ ᠪᠠᠢᠳᠡᠯ ᠢ᠋ ᠤᠢᠯᠠᠭᠠᠬᠤ ᠳ᠋ᠤ᠌ ᠨᠢᠭᠡ ᠠᠵᠤ ᠠᠬᠤᠶ᠋ᠢᠯᠠᠯ᠎ᠳᠤ ᠨᠢᠭᠡ ᠲᠥᠷᠥ᠎ᠶᠢᠨ ᠪᠣᠳᠣᠯᠭ᠎ᠠ ᠬᠡᠷᠡᠭᠵᠢᠭᠦᠯᠬᠦ᠌ ᠨᠠᠷᠢᠯᠢᠭ ᠣᠨᠣᠴᠠᠲᠠᠶ᠎ᠪᠠᠷ ᠬᠦᠴᠦᠨ ᠨᠡᠮᠡᠷᠢᠯᠡᠬᠦ ᠢ᠋ᠢ ᠪᠠᠷᠢᠮᠲᠠᠯᠠᠵᠤ ᠠᠳᠠᠯᠢ ᠪᠤᠰᠤ ᠠᠵᠢᠯ ᠲᠥᠷᠥᠯ ᠠᠵᠤ ᠠᠬᠤᠶ᠋ᠢᠯᠠᠯ᠎ᠳᠤ ᠴᠢᠭᠯᠡᠭᠦᠯᠦᠨ ᠮᠥᠩᠭᠥᠨ ᠬᠦᠢᠯᠬᠡᠬᠡᠨ᠎ᠦ ᠲᠥᠰᠦᠯ ᠲᠣᠭᠲᠠᠭᠠᠪᠠ᠃ ᠵᠥᠩ ᠲᠦᠸᠸ ᠬᠥᠩᠭᠡᠨᠴᠠᠭᠠᠨ᠎ᠤ ᠤᠢᠯᠡᠰ᠎ᠦᠨ ᠪᠠᠯᠠ ᠬᠤᠷᠠᠮᠳᠤᠭᠤᠯᠭ᠎ᠠ ᠢ᠋ᠢᠨ ᠥᠪᠡᠷ᠎ᠦᠨ ᠥᠷᠲᠡᠭ᠎ᠢ ᠪᠠᠭᠤᠷᠠᠭᠤᠯᠬᠤ ᠬᠡᠷᠡᠭᠴᠡᠭᠡ᠎ᠱᠠᠭᠠᠷᠳᠠᠯᠭ᠎ᠠ ᠳ᠋ᠤ᠌ ᠴᠢᠭᠯᠡᠭᠦᠯᠦᠨ᠂ ᠮᠥᠩᠭᠥᠨ᠎ᠬᠦᠢᠯᠬᠡᠬᠡᠨ ᠤ᠋ ᠪᠠᠢᠭᠤᠯᠤᠮᠵᠢ ᠡᠴᠡ ᠮᠡᠳᠡᠯᠭᠡ᠎ᠶᠢᠨ ᠪᠦᠲᠦᠭᠡᠭᠳᠡᠬᠦᠨ᠎ᠦ ᠦᠮᠴᠢᠯᠡᠯ ᠤ᠋ᠨ ᠡᠷᠬᠡ᠎ᠪᠡᠷ ᠪᠠᠷᠢᠴᠠᠭᠠᠯᠠᠨ ᠲᠠᠨᠵᠢᠯᠠᠬᠤ ᠪᠠᠯᠠ ᠬᠤᠷᠠᠮᠳᠤᠭᠤᠯᠬᠤ ᠵᠠᠭᠪᠤᠷ᠎ᠢ ᠬᠡᠷᠡᠭᠵᠢᠭᠦᠯᠵᠦ᠍᠂ ᠠᠵᠤ ᠠᠬᠤᠶ᠋ᠢᠯᠠᠯ᠎ᠤᠨ ᠲᠤᠰᠬᠠᠶ ᠠᠰᠢᠭ᠎ᠤᠨ ᠳᠠᠯᠳᠠ ᠬᠥᠷᠥᠩᠭᠡ᠎ᠶᠢ ᠠᠮᠢᠳᠤᠯᠢᠭᠵᠢᠭᠤᠯᠤᠨ ᠤᠯᠠᠮᠵᠢᠯᠠᠯᠲᠤ᠌ ᠪᠠᠷᠢᠴᠠᠭᠠᠯᠠᠨ ᠲᠠᠨᠵᠢᠯᠠᠬᠤ ᠡᠳ᠋᠎ᠪᠤᠳᠠᠰ ᠲᠤᠳᠠᠭᠳᠠᠬᠤ ᠪᠠᠯᠠ ᠬᠤᠷᠠᠮᠳᠤᠭᠤᠯᠬᠤ ᠰᠠᠭᠠᠳ᠎ᠢ ᠰᠢᠪᠳᠤᠯᠵᠤ ᠲᠡᠷᠢᠭᠦᠨ᠎ᠦ ᠤᠢᠯᠡᠳᠬᠦ ᠤᠢᠯᠡᠰ ᠤ᠋ᠨ ᠠᠵᠤ ᠠᠬᠤᠶ᠋ᠢᠯᠠᠯ᠎ᠤᠨ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ᠌᠎ᠳᠦ ᠰᠢᠨ᠎ᠡ ᠠᠷᠭ᠎ᠠ ᠵᠠᠮ ᠬᠠᠩᠭᠠᠪᠠ᠃ ᠴᠢᠶᠠᠨ ᠺᠦᠨ ᠠᠯᠲᠠ ᠮᠥᠩᠭᠥᠨ᠎ᠦ ᠬᠣᠪᠣᠷ ᠴᠤᠬᠠᠭ ᠲᠡᠮᠦᠷᠯᠢᠭ᠎ᠦᠨ ᠨᠠᠷᠢᠯᠢᠭ ᠪᠣᠯᠪᠠᠰᠤᠷᠠᠭᠤᠯᠬᠤ ᠬᠢᠷᠢ ᠬᠡᠮ᠎ᠦᠨ ᠳᠠᠪᠠᠭᠤᠯᠢᠭ᠎ᠲᠤ᠌ ᠬᠠᠨᠳᠤᠭᠤᠯᠤᠨ ᠮᠥᠩᠭᠥᠨ ᠬᠦᠢᠯᠬᠡᠬᠡᠨ᠎ᠦ ᠪᠠᠶ᠋ᠢᠭᠤᠯᠤᠮᠵᠢ ᠡᠴᠡ ᠪᠠᠯᠠ ᠬᠤᠷᠠᠮᠳᠤᠭᠤᠯᠬᠤ ᠵᠠᠭᠪᠤᠷ᠎ᠲᠤ᠌ ᠰᠢᠨ᠎ᠡ᠎ᠶᠢ ᠡᠭᠦᠳᠴᠦ᠍ ᠱᠠᠩᠬᠠᠶ᠎ᠶᠢᠨ ᠰᠢᠵᠢᠷ ᠠᠯᠲᠠᠨ᠎ᠤ ᠠᠷᠠᠯᠵᠢᠶᠠᠨ᠎ᠤ ᠭᠠᠵᠠᠷ᠎ᠤᠨ ᠪᠠᠷᠢᠮᠵᠢᠶ᠎ᠠ ᠮᠥᠩᠭᠥ᠎ᠪᠡᠷ ᠳᠠᠨᠵᠢᠯᠠᠭ᠎ᠠ ᠪᠣᠯᠭᠠᠵᠤ᠂ ᠠᠵᠤ ᠠᠬᠤᠶ᠋ᠢᠯᠠᠯ᠎ᠤᠨ ᠬᠢᠷᠢ ᠬᠡᠮ᠎ᠢᠶᠡᠷ ᠢᠲᠡᠭᠡᠮᠵᠢ ᠨᠡᠮᠡᠭᠳᠡᠭᠦᠯᠬᠦ᠌ ᠦᠨᠳᠦᠰᠦᠯᠡᠯ ᠪᠤᠯᠭᠠᠨ᠂ ᠠᠵᠤ ᠠᠬᠤᠶ᠋ᠢᠯᠠᠯ᠎ᠤᠨ ᠶᠡᠬᠡ ᠬᠡᠮᠵᠢᠶᠡᠨ᠎ᠦ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠳ᠋ᠤ᠌ ᠪᠠᠯᠠ ᠮᠥᠩᠭᠥ᠎ᠲᠤᠳᠠᠭᠳᠠᠬᠤ ᠬᠦᠴᠢᠷ ᠠᠰᠠᠭᠤᠳᠠᠯ᠎ᠢ ᠰᠢᠢᠳᠪᠤᠷᠢᠯᠡᠬᠦ ᠳ᠋ᠤ᠌ ᠬᠦᠴᠦᠨ ᠨᠡᠮᠡᠷᠢᠯᠡᠪᠡ᠃ ᠡᠭᠦᠨ᠎ᠦ ᠬᠠᠮᠲᠤ᠌᠂ ᠮᠥᠩᠭᠥᠨ ᠬᠦᠢᠯᠬᠡᠬᠡᠨ᠎ᠦ ᠪᠠᠶ᠋ᠢᠭᠤᠯᠤᠮᠵᠢ᠎ᠨᠢ ᠭᠠᠳᠠᠭᠠᠳᠤ ᠠᠷᠠᠯᠵᠢᠶ᠎ᠠ ᠬᠢᠭᠡᠳ ᠮᠠᠯ ᠠᠵᠤ ᠠᠬᠤᠶ᠎ᠲᠠᠷᠢᠶᠠᠯᠠᠨᠭ᠌ ᠤ᠋ᠨ ᠡᠳ᠋ᠰᠢᠭᠦᠯᠤᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠤᠨ ᠬᠡᠷᠡᠭᠴᠡᠭᠡ ᠱᠠᠭᠠᠷᠳᠠᠯᠭ᠎ᠠ᠎ᠳ᠋ᠤ᠌ ᠬᠠᠨᠳᠤᠭᠤᠯᠤᠨ ᠣᠨᠣᠪᠴᠢᠲᠠᠶ᠎ᠪᠠᠷ ᠤᠢᠯᠡᠴᠢᠯᠡᠬᠡ ᠬᠠᠨᠭᠭᠠᠵᠡᠢ᠃

ᠠᠵᠢᠯᠯᠠᠭ᠎ᠠ᠎ᠳᠤ᠂ ᠬᠦᠬᠡᠬᠤᠳᠡ᠎ᠶᠢᠨ ᠮᠥᠩᠭᠥᠨ ᠬᠦᠢᠯᠬᠡᠬᠡᠨ᠎ᠦ ᠰᠢᠰᠲ᠋ᠧᠮ ᠤ᠋ᠨ ᠬᠢᠨ ᠤᠯᠠᠮᠵᠢᠯᠠᠯᠲᠤ᠌ ᠢᠲᠡᠭᠡᠮᠵᠢᠲᠦ᠍ ᠵᠢᠭᠡᠯᠡᠯᠭᠡ᠎ᠶᠢᠨ ᠰᠡᠳᠬᠢᠬᠦᠶ᠎ᠪᠡᠨ ᠬᠤᠪᠢᠷᠠᠭᠤᠯᠵᠤ᠂ ᠴᠢᠯᠥᠭᠡᠲᠦ᠍ ᠠᠷᠠᠯᠵᠢᠶᠠᠨ᠎ᠤ ᠣᠷᠣᠨ᠎ᠤ ᠰᠢᠨ᠎ᠡ ᠮᠠᠲ᠋ᠧᠷᠢᠶᠠᠯ ᠰᠢᠨ᠎ᠡ ᠡᠨᠧᠷᠭᠢ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠭᠤᠤᠯᠳᠠᠯᠭ᠎ᠠ᠎ᠲᠠᠶ ᠠᠵᠤ ᠤᠢᠯᠡᠰ᠎ᠲᠦ᠍ ᠠᠩᠬᠠᠷᠤᠯ᠎ᠢᠶᠠᠨ ᠲᠥᠪᠯᠡᠷᠡᠭᠦᠯᠵᠦ᠍ ᠠᠵᠤ ᠠᠬᠤᠶ᠋ᠢᠯᠠᠯ᠎ᠤᠨ ᠮᠡᠷᠭᠡᠵᠢᠯ᠎ᠦᠨ ᠲᠤᠰᠬᠠᠶ ᠠᠰᠢᠭ᠂ ᠵᠠᠬ᠎ᠠ ᠳᠡᠯᠭᠡᠭᠦᠷ᠎ᠦᠨ ᠬᠡᠳᠤ ᠢ᠋ᠢᠨ ᠲᠦᠯᠦᠪ ᠵᠡᠷᠭᠡ ᠳᠠᠯᠳᠠ ᠬᠥᠷᠥᠩᠭᠡ᠎ᠶᠢᠨ ᠥᠷᠲᠡᠭ᠎ᠢ ᠭᠤᠤᠯᠳᠠᠯᠭ᠎ᠠ᠎ᠲᠠᠶ ᠪᠣᠳᠣᠯᠬᠢᠯᠠᠵᠤ᠂ ᠬᠠᠩᠭᠠᠯᠭ᠎ᠠ᠎ᠶᠢᠨ ᠬᠡᠯᠬᠢᠶ᠎ᠡ᠎ᠶᠢᠨ ᠮᠥᠩᠭᠥᠨ ᠬᠦᠢᠯᠬᠡᠬᠡ᠂ ᠰᠲ᠋ᠣᠺ᠎ᠤᠨ ᠡᠷᠬᠡ᠎ᠶᠢᠨ ᠪᠠᠯᠠ ᠣᠷᠣᠭᠤᠯᠤᠯᠲᠠ ᠵᠡᠷᠭᠡ ᠠᠷᠭ᠎ᠠ ᠪᠠᠷᠢᠯ ᠢ᠋ ᠣᠯᠠᠨ ᠡᠰᠢᠴᠢᠯᠡᠨ ᠬᠡᠷᠡᠭᠯᠡᠵᠦ᠍ ᠠᠵᠤ ᠠᠬᠤᠶ᠋ᠢᠯᠠᠯ᠎ᠤᠨ ᠪᠠᠯᠠ ᠬᠤᠷᠠᠮᠳᠤᠭᠤᠯᠬᠤ ᠠᠷᠭ᠎ᠠ ᠵᠠᠮ᠎ᠢ ᠦᠷᠬᠡᠳᠬᠡᠭᠰᠡᠨ ᠪᠠᠢᠨ᠎ᠡ᠃

ᠣᠶ᠋ᠢᠯᠠᠭᠠᠭᠰᠠᠨ᠎ᠢᠶᠠᠷ᠂ ᠡᠨᠡ ᠵᠢᠯ ᠬᠦᠬᠡᠬᠤᠳᠡ ᠢ᠋ᠢᠨ ᠨᠠᠮ᠎ᠤᠨ ᠬᠤᠷᠢᠶ᠎ᠡ ᠢ᠋ᠢᠨ ᠮᠥᠩᠭᠥᠨ ᠬᠦᠢᠯᠬᠡᠬᠡᠨ᠎ᠦ ᠠᠯᠪᠠᠨ ᠬᠡᠷ ᠤ᠋ᠨ ᠬᠢᠨ ᠮᠥᠩᠭᠥᠨ ᠬᠦᠢᠯᠬᠡᠬᠡᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠍ 《ᠮᠥᠩᠭᠥᠨ ᠬᠦᠢᠯᠬᠡᠬᠡᠨ᠎ᠢᠶᠡᠷ ᠠᠵᠤ ᠠᠬᠤᠶ᠋ᠢᠯᠠᠯ᠎ᠢ ᠲᠤᠰᠠᠯᠠᠬᠤ》 ᠲᠠᠪᠴᠠᠩ ᠭᠠᠷᠭᠠᠵᠤ ᠠᠵᠤ ᠠᠬᠤᠶ᠋ᠢᠯᠠᠯ᠎ᠢ ᠲᠤᠰᠠᠯᠠᠬᠤ ᠪᠢᠲᠡᠭᠦᠮᠵᠢᠯᠡᠭᠰᠡᠨ ᠤᠢᠯᠡᠴᠢᠯᠡᠬᠡᠨ᠎ᠦ ᠲᠣᠭᠲᠠᠴᠠ᠎ᠶᠢ ᠪᠠᠶ᠋ᠢᠭᠤᠯᠵᠤ᠂ ᠣᠳᠣᠬᠠᠨ᠎ᠳᠤ ᠨᠢᠭᠡᠨᠲᠡ ᠪᠠᠯᠠ ᠬᠤᠷᠠᠮᠳᠤᠭᠤᠯᠭ᠎ᠠ ᠢ᠋ᠢᠨ 1.7 ᠳ᠋ᠦᠩᠰᠢᠭᠤᠷ ᠲᠥᠭᠥᠷᠢᠭ᠎ᠢ᠋ ᠨᠠᠶ᠋ᠢᠳᠠᠪᠤᠷᠢᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号