457 ᠵᠦᠢᠯ ᠤ᠋ᠨ ᠡᠭᠡ ᠬᠠᠭᠤᠷᠠᠢ ᠵᠢᠨ ᠭᠡᠭᠡᠷ᠎ᠡ ᠵᠢᠨ ᠠᠮᠢᠲᠠᠨ
2026-06-29 15:51:59
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠬᠥᠯᠥᠨ ᠪᠤᠢᠷ ᠬᠣᠲᠠ ᠵᠢᠨ ᠬᠢᠨ ᠪᠦᠬᠦ ᠬᠣᠲᠠ ᠵᠢᠨ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠤ᠋ ᠡᠬᠢ ᠪᠠᠶᠠᠯᠢᠭ ᠤ᠋ᠨ ᠪᠠᠢᠴᠠᠭᠠᠯᠳᠠ ᠵᠢᠨ ᠱᠠᠲᠤᠴᠢ ᠴᠢᠨᠠᠷᠲᠠᠢ ᠦᠷ᠎ᠡ ᠪᠦᠲᠦᠮᠵᠢ᠎ᠵᠢ ᠨᠡᠢᠲᠡᠯᠡᠪᠠ᠂ ᠪᠦᠬᠦ ᠬᠣᠲᠠ ᠳ᠋ᠤ᠌ ᠣᠳᠣ ᠪᠠᠢᠭ᠎ᠠ ᠡᠭᠡ ᠬᠠᠭᠤᠷᠠᠢ ᠵᠢᠨ ᠭᠡᠭᠡᠷ᠎ᠡ ᠵᠢᠨ ᠠᠮᠢᠲᠠᠨ 457 ᠵᠦᠢᠯ ᠪᠠᠢᠵᠤ᠂ ᠡᠭᠦᠨ ᠳ᠋ᠤ ᠠᠯᠠᠭ ᠨᠤᠭᠤᠰᠤ᠂ ᠴᠠᠭᠠᠨ ᠲᠢᠲᠢᠮᠳ᠋ᠦ᠍ ᠤᠷᠠᠨ ᠠᠪᠠᠷᠢᠭᠠᠬᠠᠢ᠂ ᠴᠠᠭᠠᠨ ᠦᠮᠦᠷᠤᠤᠳᠤ ᠴᠤᠭᠴᠠᠬᠢ᠂ ᠲᠠᠯ᠎ᠠ ᠨᠤᠲᠤᠭ ᠤ᠋ᠨ ᠲᠣᠯᠪᠣᠲᠤ ᠮᠤᠤᠷ ᠵᠡᠷᠭᠡ 4 ᠵᠦᠢᠯ ᠤ᠋ᠨ ᠰᠢᠨ᠎ᠡ ᠳᠦᠷᠰᠦ ᠵᠢ ᠠᠩᠬ᠎ᠠ ᠤᠳᠠᠭ᠎ᠠ ᠲᠡᠮᠳᠡᠭᠯᠡᠪᠡ᠃

ᠣᠢᠯᠠᠭᠠᠭᠰᠠᠨ ᠵᠢᠠᠷ᠂ ᠲᠤᠰ ᠤᠳᠠᠭ᠎ᠠ ᠵᠢᠨ ᠪᠠᠢᠴᠠᠭᠠᠯᠲᠠ ᠨᠢ ᠬᠣᠶᠠᠷ ᠵᠢᠯ ᠰᠢᠬᠠᠮ ᠶᠠᠪᠤᠭᠳᠠᠵᠤ᠂ ᠪᠦᠬᠦ ᠬᠣᠲᠠ ᠵᠢᠨ 14 ᠬᠣᠰᠢᠭᠤ ᠬᠣᠲᠠ ᠲᠣᠭᠣᠷᠢᠭ ᠢ᠋ ᠬᠠᠮᠤᠷᠴᠦ᠂ 30 ᠨᠢᠭᠡᠴᠢ ᠣᠷᠣᠯᠴᠠᠵᠤ᠂ ᠨᠡᠢᠲᠡ 2 ᠲᠦᠮᠡ ᠭᠠᠷᠤᠢ ᠺᠢᠯᠣᠮᠧᠲ᠋ᠷ ᠠᠶᠠᠯᠠᠨ᠂ 1.7 ᠲᠦᠮᠡ ᠭᠠᠷᠤᠢ ᠵᠤᠷᠪᠤᠰ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠴᠤᠭᠯᠠᠭᠤᠯᠵᠤ᠂ ᠲᠦᠮᠡ ᠭᠠᠷᠤᠢ ᠬᠤᠪᠢ ᠭᠡᠷᠡᠯ ᠵᠢᠷᠤᠭ ᠤ᠋ᠨ ᠮᠠᠲ᠋ᠧᠷᠢᠶᠠᠯ ᠢ᠋ ᠬᠤᠷᠠᠮᠳᠤᠭᠤᠯᠵᠠᠢ᠃ ᠪᠠᠢᠴᠠᠭᠠᠯᠳᠠ ᠵᠢᠨ ᠮᠠᠲᠧᠷᠢᠶᠠᠯ ᠢ᠋ ᠪᠦᠬᠦ ᠲᠠᠯ᠎ᠠ ᠪᠠᠷ ᠡᠮᠬᠢᠯᠡᠬᠦ ᠪᠡᠷ ᠳᠠᠮᠵᠢᠨ᠂ ᠬᠥᠯᠥᠨ ᠪᠤᠢᠷ ᠬᠣᠲᠠ ᠵᠢᠨ ᠣᠳᠣᠬᠠᠨ ᠤ᠋ ᠡᠭᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠤ᠋ ᠡᠬᠢ ᠪᠠᠶᠠᠯᠢᠭ ᠤ᠋ᠨ ᠦᠷ᠎ᠡ ᠪᠦᠲᠦᠮᠵᠢ ᠵᠢᠨ ᠪᠦᠷᠢᠨ ᠪᠦᠲᠦᠨ ᠵᠢᠷᠤᠮᠵᠢᠭᠤᠨ ᠳ᠋ᠠᠢᠲ᠋ᠠ ᠬᠥᠮᠥᠷᠭᠡ ᠵᠢ ᠪᠠᠢᠭᠤᠯᠵᠤ᠂ ᠬᠥᠯᠥᠨ ᠪᠤᠢᠷ ᠬᠣᠲᠠ ᠵᠢᠨ ᠣᠳᠣᠬᠠᠨ ᠤ᠋ ᠡᠭᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠤ᠋ ᠡᠬᠢ ᠪᠠᠶᠠᠯᠢᠭ ᠤ᠋ᠨ ᠪᠠᠢᠳᠠᠯ ᠢ᠋ ᠲᠣᠳᠣᠷᠬᠠᠢ ᠪᠤᠯᠭᠠᠬᠤ ᠵᠢᠨ ᠬᠠᠮᠳᠤ 《ᠬᠥᠯᠥᠨ ᠪᠤᠢᠷ ᠬᠣᠲᠠ ᠵᠢᠨ ᠤᠯᠤᠰ ᠤ᠋ᠨ ᠭᠣᠣᠯᠳᠠᠯᠭ᠎ᠠ ᠲᠠᠢ ᠬᠠᠮᠠᠭᠠᠯᠠᠬᠤ ᠡᠭᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠤ᠋ ᠨᠡᠷᠡᠰ》 ᠵᠡᠷᠭᠡ ᠰᠢᠷᠢᠰ ᠦᠷ᠎ᠡ ᠪᠦᠲᠦᠭᠡᠯ ᠢ᠋ ᠪᠦᠷᠢᠯᠳᠦᠭᠦᠯᠵᠤ᠂ ᠮᠦᠬᠦᠬᠦ ᠰᠢᠬᠠᠭᠰᠠᠨ ᠬᠣᠪᠣᠷ ᠴᠤᠬᠠᠭ ᠠᠮᠢᠳᠤ ᠪᠣᠳᠠᠰ ᠤ᠋ᠨ ᠳᠦᠷᠰᠦ ᠵᠢ ᠬᠠᠮᠠᠭᠠᠯᠠᠵᠤ ᠬᠠᠮᠢᠶᠠᠷᠬᠤ᠂ ᠨᠤᠲᠤᠭᠰᠢᠬᠤ ᠭᠠᠵᠠᠷ ᠢ᠋ ᠰᠡᠷᠭᠦᠭᠡᠨ ᠵᠠᠰᠠᠬᠤ᠂ ᠬᠠᠤᠯᠢ ᠲᠣᠭᠲᠠᠭᠠᠯ ᠡᠴᠡ ᠵᠥᠷᠢᠴᠡᠭᠰᠡᠨ ᠠᠵᠢᠯᠯᠠᠭ᠎ᠠ ᠵᠢ ᠬᠠᠮᠢᠶᠠᠷᠤᠨ ᠡᠵᠡᠮᠳᠡᠬᠦ ᠵᠡᠷᠭᠡ ᠠᠵᠢᠯ ᠢ᠋ ᠦᠷᠭᠦᠯᠵᠢᠯᠡᠨ ᠣᠨᠣᠴᠠᠲᠠᠢ ᠥᠷᠨᠢᠭᠦᠯᠬᠦ ᠳ᠋ᠦ᠍ ᠲᠤᠯᠭᠠᠭᠤᠷᠢᠯᠠᠯ ᠬᠠᠩᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号