2026 ᠣᠨ᠎ᠦ ᠪᠥᠬᠥ ᠣᠷᠣᠨ ᠤ᠋ ᠡᠮᠴᠢᠯᠡᠭᠡᠨ ᠤ᠋ ᠶᠠᠰᠤ ᠴᠢᠨᠠᠷ ᠤ᠋ᠨ ᠬᠠᠮᠢᠶᠠᠷᠤᠯᠲᠠ ᠬᠢᠭᠡᠳ ᠡᠵᠡᠮᠳᠡᠯ ᠤ᠋ᠨ ᠪᠣᠯᠪᠠᠰᠤᠷᠠᠯ ᠶᠠᠪᠤᠭᠳᠠᠵᠠᠢ
2026-06-29 10:17:54
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠡᠴᠡ ᠭᠣᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ᠋ ᠡᠮᠴᠢᠯᠡᠭᠡᠨ ᠤ᠋ ᠬᠠᠮᠢᠶᠠᠷᠤᠯᠲᠠ ᠵᠢᠨ ᠬᠡᠷᠡᠭ ᠶᠠᠪᠤᠳᠠᠯ ᠤ᠋ᠨ ᠦᠢᠯᠡᠴᠢᠯᠡᠭᠡᠨ ᠤ᠋ ᠲᠥᠪ ᠡᠴᠡ ᠳᠠᠭᠠᠭᠠᠴᠢᠯᠠᠨ ᠡᠷᠭᠢᠯᠡᠭᠰᠡᠨ 2026 ᠣᠨ ᠤ᠋ ᠪᠥᠬᠥ ᠣᠷᠣᠨ ᠤ᠋ ᠡᠮᠴᠢᠯᠡᠭᠡᠨ ᠤ᠋ ᠶᠠᠰᠤ ᠴᠢᠨᠠᠷ ᠤ᠋ᠨ ᠬᠠᠮᠢᠶᠠᠷᠤᠯᠲᠠ ᠬᠢᠭᠡᠳ ᠡᠵᠡᠮᠳᠡᠯ ᠤ᠋ᠨ ᠪᠣᠯᠪᠠᠰᠤᠷᠠᠯ ᠤ᠋ᠨ ᠠᠩᠭᠢ ᠬᠥᠬᠡᠬᠣᠲᠠ ᠳ᠋ᠤ ᠶᠠᠪᠤᠭᠳᠠᠪᠠ᠃

ᠲᠤᠰ ᠤᠳᠠᠭᠠᠨ ᠤ᠋ ᠪᠣᠯᠪᠠᠰᠤᠷᠠᠯ ᠨᠢ ᠪᠦᠬᠦ ᠣᠷᠣᠨ ᠤ᠋ ᠡᠮᠴᠢᠯᠡᠭᠡᠨ ᠤ᠋ ᠶᠠᠰᠤ ᠴᠢᠨᠠᠷ ᠤ᠋ᠨ ᠬᠠᠮᠢᠶᠠᠷᠤᠯᠲᠠ ᠬᠢᠭᠡᠳ ᠡᠵᠡᠮᠳᠡᠯ ᠤ᠋ᠨ ᠠᠵᠢᠯ ᠤ᠋ᠨ ᠬᠦᠴᠢᠷ ᠠᠰᠠᠭᠤᠳᠠᠯ ᠵᠢᠴᠢ ᠠᠷᠠᠳ ᠤ᠋ᠨ ᠠᠮᠢᠳᠤᠷᠠᠯ ᠤ᠋ᠨ ᠦᠢᠯᠡᠴᠢᠯᠡᠭᠡᠨ ᠤ᠋ ᠬᠡᠷᠡᠭᠴᠡᠭᠡ ᠱᠠᠭᠠᠷᠳᠠᠯᠭ᠎ᠠ ᠲᠠᠶ ᠨᠢᠭᠲᠠ ᠤᠶᠠᠯᠳᠤᠭᠤᠯᠤᠨ᠂ ᠶᠠᠰᠤ ᠴᠢᠨᠠᠷ ᠤ᠋ᠨ ᠬᠠᠮᠢᠶᠠᠷᠤᠯᠲᠠ ᠬᠢᠭᠡᠳ ᠡᠵᠡᠮᠳᠡᠯ ᠤ᠋ᠨ ᠰᠢᠰᠲ᠋ᠧᠮ ᠢ᠋ ᠲᠠᠰ ᠳᠡᠪᠰᠢᠭᠦᠯᠬᠦ᠂ ᠡᠮᠴᠢᠯᠡᠭᠡᠨ ᠤ᠋ ᠦᠢᠯᠡ ᠠᠵᠢᠯᠯᠠᠭ᠎ᠠ ᠵᠢ ᠵᠢᠷᠤᠮᠵᠢᠭᠤᠯᠬᠤ᠂ ᠦᠢᠯᠡᠴᠢᠯᠡᠭᠡᠨ ᠤ᠋ ᠴᠢᠳᠠᠪᠤᠷᠢ ᠵᠢ ᠳᠡᠭᠡᠭᠰᠢᠯᠡᠭᠦᠯᠬᠦ ᠭᠤᠷᠪᠠᠨ ᠭᠣᠤᠯᠳᠠᠯᠭ᠎ᠠ ᠳ᠋ᠤ ᠠᠩᠬᠠᠷᠤᠯ ᠵᠢᠠᠨ ᠬᠠᠨᠳᠤᠭᠤᠯᠵᠤ᠂ ᠤᠯᠤᠰ ᠤ᠋ᠨ ᠳᠣᠲᠣᠭᠠᠳᠤ ᠵᠢᠨ ᠨᠠᠷᠡᠳᠦ ᠲᠤᠰᠬᠠᠶ ᠮᠡᠷᠭᠡᠵᠢᠯᠲᠡᠨ ᠪᠤᠯᠤᠨ ᠣᠷᠣᠨ ᠤ᠋ ᠳᠣᠲᠣᠷᠠᠬᠢ ᠡᠮᠴᠢᠯᠡᠭᠡᠨ ᠤ᠋ ᠶᠠᠰᠤ ᠴᠢᠨᠠᠷ ᠤ᠋ᠨ ᠬᠠᠮᠢᠶᠠᠷᠤᠯᠲᠠ ᠬᠢᠭᠡᠳ ᠡᠵᠡᠮᠳᠡᠯ ᠤ᠋ᠨ ᠭᠣᠤᠯᠯᠠᠭᠴᠢ ᠬᠦᠴᠦᠨ ᠢ᠋ ᠳᠤᠰᠬᠠᠢᠯᠠᠨ ᠤᠷᠢᠵᠤ ᠬᠢᠴᠢᠶᠡᠯ ᠤᠷᠤᠭᠤᠯᠪᠠ᠃ ᠬᠢᠴᠢᠶᠡᠯ ᠤ᠋ᠨ ᠠᠭᠤᠯᠭ᠎ᠠ ᠨᠢ ᠲᠥᠷᠥ ᠵᠢᠨ ᠪᠣᠳᠣᠯᠭ᠎ᠠ ᠵᠢᠨ ᠵᠢᠯᠣᠭᠣᠳᠬᠤ ᠴᠢᠨᠠᠷ᠂ ᠲᠤᠰᠬᠠᠶ ᠮᠡᠷᠭᠡᠵᠢᠯ ᠤ᠋ᠨ ᠭᠦᠨᠴᠡ ᠪᠠ ᠦᠢᠯᠡᠳᠦᠯᠭᠡ ᠵᠢᠨ ᠬᠡᠷᠡᠭᠯᠡᠭᠡᠨ ᠤ᠋ ᠴᠢᠨᠠᠷ ᠢ᠋ ᠬᠠᠪᠰᠤᠷᠭᠠᠵᠤ᠂ ᠦᠨᠳᠦᠰᠦᠨ ᠱᠠᠲᠤᠨ ᠤ᠋ ᠡᠮᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠵᠦ ᠠᠷᠠᠳ ᠲᠦ᠍ ᠠᠰᠢᠭ ᠬᠦᠷᠲᠡᠭᠡᠬᠦ ᠠᠵᠢᠯ ᠤ᠋ᠨ ᠬᠡᠷᠡᠭᠴᠡᠭᠡ ᠱᠠᠭᠠᠷᠳᠠᠯᠭ᠎ᠠ ᠳ᠋ᠤ ᠪᠥᠬᠥ ᠲᠠᠯ᠎ᠠ ᠪᠠᠷ ᠨᠡᠢᠴᠡᠭᠦᠯᠦᠭᠰᠡᠨ ᠪᠠᠢᠨ᠎ᠠ᠃

ᠪᠣᠯᠪᠠᠰᠤᠷᠠᠯ ᠤ᠋ᠨ ᠬᠤᠭᠤᠴᠠᠭᠠᠨ ᠳ᠋ᠤ 《2025 ᠣᠨ ᠤ᠋ ᠥᠪᠡᠷᠲᠡᠭᠡᠨ ᠵᠠᠰᠠᠬᠤ ᠣᠷᠣᠨ ᠤ᠋ ᠡᠮᠴᠢᠯᠡᠭᠡᠨ ᠤ᠋ ᠶᠠᠰᠤ ᠴᠢᠨᠠᠷ ᠤ᠋ᠨ ᠬᠠᠮᠢᠶᠠᠷᠤᠯᠲᠠ ᠬᠢᠭᠡᠳ ᠡᠵᠡᠮᠳᠡᠯ ᠤ᠋ᠨ ᠲᠥᠪ ᠤ᠋ᠨ ᠬᠢᠨᠠᠨ ᠰᠢᠯᠭᠠᠭᠰᠠᠨ ᠦᠷ᠎ᠡ ᠳ᠋ᠦᠩ》 ᠢ᠋ ᠨᠡᠢᠳᠡᠯᠡᠵᠤ᠂ ᠪᠦᠬᠦ ᠣᠷᠣᠨ ᠤ᠋ 57 ᠶᠠᠰᠤ ᠴᠢᠨᠠᠷ ᠤ᠋ᠨ ᠬᠠᠮᠢᠶᠠᠷᠤᠯᠲᠠ ᠬᠢᠭᠡᠳ ᠡᠵᠡᠮᠳᠡᠯ ᠤ᠋ᠨ ᠲᠥᠪ ᠤ᠋ᠨ ᠠᠵᠢᠯ ᠤ᠋ᠨ ᠠᠬᠢᠴᠠ ᠵᠢᠨ ᠪᠠᠢᠳᠠᠯ ᠢ᠋ ᠪᠦᠬᠦ ᠲᠠᠯ᠎ᠠ ᠪᠠᠷ ᠳ᠋ᠦᠩᠨᠡᠵᠤ᠂ ᠡᠯ᠎ᠡ ᠶᠠᠰᠤ ᠴᠢᠨᠠᠷ ᠤ᠋ᠨ ᠬᠠᠮᠢᠶᠠᠷᠤᠯᠲᠠ ᠬᠢᠭᠡᠳ ᠡᠵᠡᠮᠳᠡᠯ ᠤ᠋ᠨ ᠬᠦᠷᠢᠶᠡᠨ ᠳ᠋ᠡᠬᠢ ᠨᠡᠢᠲᠡᠯᠢᠭ ᠴᠢᠨᠠᠷᠲᠠᠶ ᠠᠰᠠᠭᠤᠳᠠᠯ ᠵᠢᠴᠢ ᠳᠤᠲᠠᠭᠤᠳᠠᠯ ᠢ᠋ ᠨᠠᠷᠢᠯᠢᠭ ᠵᠠᠳᠠᠯᠤᠨ ᠰᠢᠨᠵᠢᠯᠡᠵᠦ᠂ ᠲᠤᠬᠠᠶ ᠵᠢᠨ ᠲᠠᠯᠠᠪᠤᠷ ᠲᠦ᠍ ᠮᠠᠳᠠᠭ ᠲᠠᠶ ᠠᠰᠠᠭᠤᠳᠠᠯ ᠢ᠋ ᠲᠠᠢᠯᠪᠤᠷᠢᠯᠠᠨ ᠲᠥᠭᠡᠷᠢᠭᠳᠡᠯ ᠢ᠋ ᠲᠠᠢᠯᠵᠤ᠂ ᠴᠢᠭᠯᠡᠭᠦᠯᠤᠯᠳᠤ ᠴᠢᠨᠠᠷᠲᠠᠶ ᠪᠠᠷ ᠴᠡᠭᠴᠡᠯᠡᠨ ᠰᠠᠢᠵᠢᠷᠠᠭᠤᠯᠬᠤ ᠴᠢᠭᠯᠡᠯ ᠢ᠋ ᠲᠣᠳᠣᠷᠬᠠᠢᠯᠠᠨ ᠠᠷᠭ᠎ᠠ ᠬᠡᠮᠵᠢᠶ᠎ᠡ ᠵᠢ ᠨᠠᠷᠢᠯᠢᠬᠵᠢᠭᠤᠯᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠨ ᠰᠠᠢᠵᠢᠷᠠᠭᠤᠯᠬᠤ ᠵᠢ ᠴᠢᠡᠭᠭᠠᠳᠬᠠᠨ᠂ ᠠᠰᠠᠭᠤᠳᠠᠯ ᠢ᠋ ᠴᠡᠭᠴᠡᠯᠡᠨ ᠰᠠᠢᠵᠢᠷᠠᠭᠤᠯᠬᠤ ᠪᠠᠷ ᠡᠮᠴᠢᠯᠡᠭᠡᠨ ᠤ᠋ ᠠᠵᠢᠯᠯᠠᠭ᠎ᠠ ᠵᠢ ᠵᠢᠷᠤᠮᠵᠢᠭᠤᠯᠬᠤ ᠪᠠ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠬᠦ ᠵᠢ ᠱᠠᠯᠠᠪᠳᠠᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号