ᠤᠢᠷ᠎ᠠ ᠳ᠋ᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ《ᠡᠷᠡᠭᠦᠯ ᠡᠩᠬᠡ ᠳᠤᠮᠳᠠᠳᠤ ᠤᠯᠤᠰ·ᠡᠬᠡᠴᠤᠤᠯ᠎ᠦᠨ ᠠᠵᠢᠯᠯᠠᠭ᠎ᠠ》 ᠶ᠋ᠢᠨ ᠡᠬᠢᠯᠡᠯᠲᠡ᠎ᠶ᠋ᠢᠨ ᠶᠣᠰᠣᠯᠠᠯ ᠬᠥᠬᠡᠬᠣᠲᠠ᠎ᠳᠤ ᠶᠠᠪᠤᠭ᠍ᠳᠠᠪᠠ᠃
ᠶᠣᠰᠣᠯᠠᠯ ᠳᠡᠭᠡᠷ᠎ᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠣᠢᠷ᠎ᠠ᠎ᠶ᠋ᠢᠨ ᠵᠢᠯ᠎ᠦᠨ ᠲᠤᠷᠱᠢᠬᠢ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠦᠭ᠌ᠰᠡᠨ ᠪᠠᠢᠳᠠᠯ᠎ᠵᠢᠡᠨ ᠲᠠᠨᠢᠯᠴᠠᠭᠤᠯᠪᠠ᠃ ᠳᠤᠮᠳᠠᠳᠤ ᠤᠯᠤᠰ᠎ᠤᠨ ᠡᠮᠡᠭ᠌ᠲᠡᠢᠴᠦᠳ᠎ᠦᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠦᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠴᠧᠨ ᠱᠢᠶᠤᠤ ᠱᠢᠶᠠ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠡᠮᠡᠭ᠌ᠲᠡᠢᠴᠦᠳ ᠬᠡᠦᠬᠡᠳ᠎ᠦᠨ ᠡᠷᠡᠭᠦᠯ ᠮᠡᠨᠳᠦ᠍᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯ᠎ᠢ ᠭᠦᠢᠴᠡᠳ ᠨᠤᠲᠠᠯᠠᠭ᠍ᠰᠠᠨ ᠪᠥᠭᠡᠳ ᠠᠵᠢᠯ ᠲᠦᠷᠦᠯ᠎ᠢᠶᠡᠷ᠎ᠢᠶᠡᠨ ᠬᠠᠪᠰᠤᠷᠤᠨ ᠲᠡᠳᠬᠦᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠡᠢᠲᠡ᠎ᠶ᠋ᠢᠨ ᠠᠰᠠᠷᠠᠮᠵᠢ᠎ᠶ᠋ᠢᠨ ᠡᠬᠢ ᠪᠠᠶᠠᠯᠢᠭ᠎ᠤᠨ ᠬᠠᠷᠠᠭᠠᠯᠵᠠᠯ᠎ᠤᠨ ᠡᠷᠴᠢᠮ᠎ᠢ ᠤᠯᠠᠮ ᠴᠢᠩᠭᠠᠷᠠᠭᠤᠯᠤᠨ᠎ᠠ ᠭᠡᠪᠡ᠃
ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠨᠡᠢᠲᠡ᠎ᠶ᠋ᠢᠨ ᠠᠰᠠᠷᠠᠮᠵᠢ᠎ᠶ᠋ᠢᠨ ᠬᠠᠨᠳᠢᠪᠨᠡᠮᠡᠷᠢᠯᠡᠬᠦ ᠠᠵᠢᠯᠯᠠᠭ᠎ᠠ ᠵᠢ ᠦᠷᠨᠢᠭᠦᠯᠪᠡ᠃ ᠳᠤᠮᠳᠠᠳᠤ ᠤᠯᠤᠰ᠎ᠤᠨ ᠡᠮᠡᠭ᠌ᠲᠡᠢᠴᠦᠳ᠎ᠦᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ ᠮᠠᠨ᠎ᠤ ᠣᠷᠣᠨ᠎ᠳᠤ 329 ᠲᠦᠮᠡᠨ ᠲᠥᠭᠥᠷᠢᠭ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠢ ᠬᠠᠨᠳᠢᠪᠯᠠᠵᠤ᠂ ᠡᠬᠡᠴᠤᠤᠯ᠎ᠦᠨ ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ᠂ ᠡᠬᠡᠴᠤᠤᠯ᠎ᠦᠨ ᠤᠰᠤᠨ ᠵᠣᠭᠣᠷᠢ᠂ ᠬᠦᠴᠢᠷᠳᠡᠯᠲᠡᠶ ᠡᠮᠡᠭ᠌ᠲᠡᠢᠴᠦᠳ᠎ᠦᠨ ᠬᠦᠨᠳᠦ ᠡᠪᠡᠳᠴᠢᠨ᠎ᠢ ᠠᠪᠤᠷᠠᠨ ᠲᠤᠰᠠᠯᠠᠬᠤ ᠵᠡᠷᠭᠡ ᠣᠯᠠᠨ ᠵᠦᠶ᠋ᠯ᠎ᠦᠨ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡ᠎ᠶ᠋ᠢ ᠬᠠᠮᠤᠷᠴᠠᠶ᠃ ᠳᠤᠮᠳᠠᠳᠤ ᠤᠯᠤᠰ᠎ᠤᠨ ᠠᠮᠢ ᠨᠠᠰᠤᠨ᠎ᠤ ᠳᠠᠭᠠᠳᠭᠠᠯ᠎ᠤᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠠᠷᠠᠳ᠎ᠤᠨ ᠡᠳ᠋ ᠬᠥᠷᠥᠩᠭᠡ᠎ᠶ᠋ᠢᠨ ᠳᠠᠭᠠᠳᠭᠠᠯ᠎ᠤᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠲᠤᠰ ᠲᠤᠰ ᠠᠳᠠᠯᠢ ᠪᠤᠰᠤ ᠬᠡᠮᠵᠢᠶᠡᠨ᠎ᠤ ᠳᠠᠭᠠᠳᠭᠠᠯ ᠬᠠᠨᠳᠢᠪᠯᠠᠪᠠ᠃
ᠶᠣᠰᠣᠯᠠᠯ ᠲᠡᠭᠡᠷ᠎ᠡ ᠪᠠᠰᠠ 《ᠬᠣᠶᠠᠷ ᠥᠮᠡᠨ ᠡᠪᠡᠳᠴᠢᠳᠡᠨ》᠎ᠢ᠋ ᠠᠪᠤᠷᠠᠨ ᠲᠤᠰᠠᠯᠠᠬᠤ ᠮᠥᠩᠭᠥ᠌ ᠣᠯᠭᠣᠬᠤ ᠵᠢᠴᠢ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠭᠡᠷ᠎ᠡ ᠲᠤᠭᠳᠠᠬᠤ ᠶᠤᠰᠤᠯᠠᠯ᠎ᠢ ᠵᠡᠷᠭᠡ᠎ᠪᠡᠷ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠪᠣᠯᠤᠨ ᠳᠤᠮᠳᠠᠳᠤ ᠤᠯᠤᠰ᠎ᠤᠨ ᠠᠮᠢ ᠨᠠᠰᠤᠨ᠎ᠤ ᠲᠠᠭᠠᠳᠬᠠᠯ᠎ᠤᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ ᠡᠮᠡᠭ᠌ᠲᠡᠢᠴᠦᠳ᠎ᠦᠨ ᠡᠷᠡᠭᠦᠯ ᠮᠡᠨᠳᠦ᠍᠎ᠶ᠋ᠢᠨ ᠪᠠᠲᠤᠯᠠᠭ᠎ᠠ᠎ᠶ᠋ᠢᠨ ᠪᠠᠢ᠌ᠩᠭᠤᠵᠢᠭ᠍ᠰᠠᠨ ᠲᠤᠰᠭᠠᠢᠵᠢᠭ᠍ᠰᠠᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠵᠤ᠂ ᠦᠶ᠋ᠯᠡᠴᠢᠯᠡᠭᠡᠨ᠎ᠦ ᠬᠠᠮᠤᠷᠬᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠪᠡ᠃
ᠬᠤᠷᠠᠯ᠎ᠳᠤ ᠣᠷᠣᠯᠴᠠᠭ᠍ᠰᠠᠳ ᠬᠠᠮᠲᠤ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ 《ᠡᠷᠡᠭᠦᠯ ᠡᠩᠬᠡ ᠳᠤᠮᠳᠠᠳᠤ ᠤᠯᠤᠰ·ᠡᠬᠡᠴᠤᠤᠯ᠎ᠦᠨ ᠠᠵᠢᠯᠯᠠᠭ᠎ᠠ》᠂ 《ᠲᠤᠳᠤᠨᠤ ᠬᠠᠢᠷ᠎ᠠ·ᠦᠵᠡᠰᠭᠦᠯᠡᠩᠲᠦ ᠰᠠᠢᠬᠠᠨ᠎ᠢ ᠳᠠᠬᠢᠨ ᠱᠤᠭᠤᠬᠤ》 ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠦᠨ ᠥᠪᠥᠷ ᠮᠣᠩᠭᠣᠯ᠎ᠳ᠋ᠡᠬᠢ ᠠᠶᠠᠯᠠᠯ᠂ 《ᠨᠢᠳᠦᠨ ᠴᠡᠴᠡᠭᠡᠶ᠎ᠶ᠋ᠢ ᠬᠠᠮᠠᠭᠠᠯᠠᠬᠤ》 ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠢ ᠡᠬᠢᠯᠡᠭᠦᠯᠦᠭᠰᠡᠨ ᠪᠦᠭᠡᠳ ᠦᠨᠳᠦᠰᠦᠨ ᠱᠠᠲᠤᠨ᠎ᠤ ᠡᠮᠨᠡᠯᠭᠡ᠎ᠶ᠋ᠢᠨ ᠬᠣᠷᠢᠶ᠎ᠠ᠎ᠳᠤ ᠡᠬᠡ ᠨᠢᠯᠬᠠᠰ᠎ᠤᠨ ᠡᠷᠡᠭᠦᠯ ᠮᠡᠨᠳᠦ᠍᠎ᠶ᠋ᠢᠨ ᠲᠡᠷᠭᠡᠨ ᠲᠦᠯᠬᠢᠭᠦᠷ᠎ᠢ ᠭᠠᠷᠳᠠᠭᠤᠯᠵᠠᠢ᠃