ᠬᠥᠬᠡᠬᠣᠲᠠ 《ᠪᠤᠭᠤᠷᠤᠯᠴᠤᠳ᠎ᠤᠨ ᠬᠣᠰᠢᠭᠤᠴᠢ》 ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲᠧᠮ᠎ᠢ ᠲᠡᠬᠦᠯᠳᠡᠷᠵᠢᠬᠦᠯᠵᠦ ᠪᠤᠢ
2026-06-29 15:48:10
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ 《ᠪᠤᠭᠤᠷᠤᠯᠴᠤᠳ᠎ᠤᠨ ᠬᠣᠰᠢᠭᠤᠴᠢ》 ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲᠧᠮ᠎ᠳ᠋ᠤ ᠲᠦᠰᠢᠭᠯᠡᠵᠦ᠂ ᠤᠳᠤᠬᠠᠨ ᠪᠤᠯᠲᠠᠯ᠎ᠠ ᠪᠥᠬᠥ ᠬᠣᠲᠠ᠎ᠶᠢᠨ 2149 ᠨᠡᠷᠡᠰ ᠠᠬᠠᠮᠠᠳ ᠰᠠᠢᠨ ᠳᠤᠷᠠᠴᠤᠳ᠎ᠤᠨ ᠬᠠᠮᠢᠶ᠎ᠠ ᠪᠦᠬᠦᠢ ᠮᠠᠲᠧᠷᠢᠶᠠᠯ᠎ᠢ ᠰᠢᠰᠲᠧᠮ᠎ᠳᠦ ᠣᠷᠣᠭᠤᠯᠵᠤ᠂ ᠡᠯ᠎ᠡ ᠲᠥᠷᠥᠯ᠎ᠦᠨ ᠠᠵᠢᠯᠯᠠᠭ᠎ᠠ᠎ᠶᠢ 370 ᠭᠠᠷᠤᠢ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠂ ᠣᠯᠠᠨ ᠲᠦᠮᠡᠨ᠎ᠳᠦ ᠨᠡᠶ᠋ᠢᠲᠡ 5 ᠲᠦᠮᠡᠨ ᠬᠥᠮᠥᠨ ᠤᠳᠠᠭ᠎ᠠ ᠦᠢᠯᠡᠴᠢᠯᠡᠪᠡ᠃

ᠤᠢᠯᠠᠭᠠᠬᠰᠠᠨ ᠵᠢᠡᠷ᠂ ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ ᠡᠴᠡ ᠡᠬᠦᠳᠦᠨ ᠪᠠᠢᠭᠤᠯᠤᠬᠰᠠᠨ 《ᠪᠤᠭᠤᠷᠤᠯᠴᠤᠳ᠎ᠤᠨ ᠬᠣᠰᠢᠭᠤᠴᠢ》 ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲᠧᠮ ᠨᠢ 2025 ᠣᠨ᠎ᠤ 4 ᠰᠠᠷ᠎ᠠ᠎ᠳᠤ ᠪᠥᠬᠥ ᠲᠠᠯ᠎ᠠ᠎ᠪᠠᠷ ᠠᠰᠢᠭ᠍ᠯᠠᠯᠲᠠ᠎ᠳᠤ ᠤᠷᠤᠵᠦ᠂ ᠰᠢᠨ᠎ᠡ ᠴᠠᠭ ᠦᠶ᠎ᠡ᠎ᠶᠢᠨ ᠠᠬᠠᠮᠠᠳ ᠺᠠᠳ᠋ᠷᠴᠤᠳ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢᠨ ᠬᠠᠷᠠᠯᠲᠠ᠎ᠶᠢᠨ ᠲᠣᠭᠣᠷᠢᠨ᠎ᠳᠤ᠂ ᠪᠥᠬᠥ ᠬᠣᠲᠠ᠎ᠶᠢᠨ ᠡᠯ᠎ᠡ ᠲᠥᠷᠥᠯ᠎ᠦᠨ ᠪᠤᠭᠤᠷᠤᠯᠴᠤᠳ᠎ᠤᠨ ᠴᠢᠳᠠᠪᠤᠷᠢᠲᠠᠨ᠎ᠤ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠯᠡᠨ ᠡᠮᠬᠢᠯᠡᠨ ᠨᠡᠢᠯᠡᠭᠦᠯᠵᠦ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠣᠬᠢᠷᠠᠭᠤᠯᠤᠯᠲᠠ᠎ᠶᠢ ᠰᠢᠯᠢᠳᠡᠭᠵᠢᠭᠦᠯᠦᠨ᠂ ᠠᠬᠠᠮᠠᠳ ᠺᠠᠳ᠋ᠷᠴᠤᠳ᠎ᠤᠨ ᠦᠢᠯᠡᠳᠦᠯ᠎ᠢᠶᠡᠨ ᠪᠠᠳᠠᠷᠠᠭᠤᠯᠬᠤ᠎ᠳᠤ ᠲᠠᠪᠴᠠᠩ ᠪᠠᠢᠭᠤᠯᠵᠤ ᠥᠭᠬᠦ᠎ᠪᠡᠷ ᠵᠣᠷᠢᠯᠭ᠎ᠠ᠎ᠪᠠᠨ ᠪᠣᠯᠭᠠᠵᠠᠢ᠃ ᠲᠣᠰ ᠰᠢᠰᠲᠧᠮ ᠨᠢ ᠬᠣᠲᠠ᠂ ᠬᠣᠰᠢᠭᠤ ᠰᠢᠶᠠᠨ ᠲᠣᠭᠣᠷᠢᠭ᠋᠎ᠤᠨ ᠬᠣᠯᠪᠤᠭᠠᠯᠠᠨ ᠬᠥᠳᠡᠯᠦᠯᠴᠡᠬᠦ ᠲᠣᠭᠠᠴᠢᠯᠠᠭᠰᠠᠨ ᠠᠵᠢᠯ᠎ᠤᠨ ᠰᠢᠰᠲᠧᠮ᠎ᠢ ᠪᠠᠢᠭᠤᠯᠵᠤ᠂ ᠬᠣᠶᠠᠷ ᠱᠠᠲᠤᠨ᠎ᠤ ᠲᠣᠭ᠎ᠠ ᠪᠠᠷᠢᠮᠲᠠ᠎ᠶᠢ ᠬᠠᠷᠢᠯᠴᠠᠨ ᠨᠠᠪᠲᠠᠷᠡᠭᠦᠯᠵᠦ᠂ ᠪᠥᠬᠥ ᠣᠷᠣᠨ ᠪᠦᠰᠡ᠎ᠶᠢᠨ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠎ᠶᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号