ᠥᠪᠥᠷ ᠮᠣᠩᠭᠣᠯ᠎ᠤᠨ ᠳᠣᠲᠣᠭᠠᠳᠤ᠎ᠶᠢ ᠬᠠᠮᠠᠭᠠᠯᠠᠬᠤ 2 ᠪᠠᠢᠭᠤᠯᠭ᠎ᠠ᠎ᠶᠢᠨ ᠡᠪᠯᠡᠯ᠎ᠦᠨ ᠬᠣᠷᠢᠶ᠎ᠠ ᠪᠥᠬᠥ ᠤᠯᠤᠰ᠎ᠤᠨ 《5·4》᠎ᠤ᠋ ᠤᠯᠠᠭᠠᠨ ᠲᠤᠭ᠍ᠴᠢ ᠡᠪᠯᠡᠯ᠎ᠦᠨ ᠬᠣᠷᠢᠶ᠎ᠠ ᠪᠡᠷ ᠦᠨᠡᠯᠡᠭᠳᠡᠵᠡᠢ
2026-06-29 16:09:49
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ  ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ ᠡᠴᠨ 《ᠪᠥᠬᠥ ᠤᠯᠤᠰ᠎ᠤᠨ 〈5·4〉 ᠤ᠋ ᠤᠯᠠᠭᠠᠨ ᠲᠤᠭ᠍ᠴᠢ ᠡᠪᠯᠡᠯ᠎ᠦᠨ ᠬᠣᠷᠢᠶ᠎ᠠ (ᠡᠪᠯᠡᠯ᠎ᠦᠨ ᠡᠭᠦᠷ)᠂ ᠪᠥᠬᠥ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠰᠢᠯᠢᠳᠡᠭ ᠭᠡᠰᠢᠭᠦᠨ᠂ ᠪᠥᠬᠥ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠰᠢᠯᠢᠳᠡᠭ ᠺᠠᠳ᠋ᠷ᠎ᠢ ᠬᠥᠬᠢᠭᠦᠯᠦᠨ ᠰᠠᠢᠰᠢᠶᠠᠬᠤ ᠲᠤᠬᠠᠢ ᠲᠣᠭᠲᠠᠭᠠᠯ》 ᠢ᠋ ᠳᠠᠷᠤᠮᠠᠯᠯᠠᠨ ᠲᠠᠷᠬᠠᠭᠠᠵᠠᠢ᠃ ᠰᠢᠯᠢ᠎ᠶᠢᠨ ᠭᠣᠣᠯ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠡᠪᠯᠡᠯ᠎ᠦᠨ ᠬᠣᠷᠢᠶ᠎ᠠ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠶᠡᠷᠦᠩᠬᠡᠢ ᠥᠷᠲᠡᠭᠡ᠎ᠶᠢᠨ ᠬᠥᠯᠥᠨ ᠪᠣᠶ᠋ᠢᠷ᠎ᠤᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠡᠪᠯᠡᠯ᠎ᠦᠨ ᠬᠣᠷᠢᠶ᠎ᠠ 《ᠪᠥᠬᠥ ᠤᠯᠤᠰ᠎ᠤᠨ 〈5·4〉 ᠤ᠋ ᠤᠯᠠᠭᠠᠨ ᠲᠤᠭ᠍ᠴᠢ ᠡᠪᠯᠡᠯ᠎ᠦᠨ ᠬᠣᠷᠢᠶ᠎ᠠ》 ᠵᠢᠨ ᠢᠷᠠᠭᠤ ᠠᠯᠳᠠᠷ᠎ᠢ ᠭᠥᠷᠳᠡᠪᠡ᠃

ᠰᠢᠯᠢ᠎ᠶᠢᠨ ᠭᠣᠣᠯ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠡᠪᠯᠡᠯ᠎ᠦᠨ ᠬᠣᠷᠢᠶ᠎ᠠ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ᠂ ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠰᠠᠷ᠎ᠠ᠎ᠶᠢᠨ ᠠᠵᠢᠯᠯᠠᠭ᠎ᠠ᠎ᠶᠢ 10 ᠭᠠᠷᠤᠢ ᠤᠳᠠᠭ᠎ᠠ ᠪᠠᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ᠎ᠦ ᠣᠨᠣᠯ ᠬᠢᠭᠡᠳ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠶᠢ ᠠᠬᠢᠭᠤᠯᠪᠠ᠃ ᠲᠤᠰ ᠡᠪᠯᠡᠯ᠎ᠦᠨ ᠬᠣᠷᠢᠶ᠎ᠠ ᠵᠠᠯᠠᠭᠤᠴᠤᠳ᠎ᠤᠨ ᠬᠠᠤᠯᠢ ᠲᠦᠭᠡᠮᠡᠯᠵᠢᠭᠦᠯᠬᠦ᠂ ᠠᠮᠤᠷ ᠲᠦᠪᠰᠢᠨ᠎ᠦ ᠤᠬᠠᠭᠤᠯᠭ᠎ᠠ᠎ᠶᠢᠨ ᠡᠩᠨᠡᠭᠡ᠎ᠶᠢ ᠵᠣᠬᠢᠶᠠᠨ ᠪᠠᠢᠭᠤᠯᠵᠤ᠂ ᠤᠬᠠᠭᠤᠯᠭ᠎ᠠ᠎ᠶᠢᠨ ᠠᠵᠢᠯᠯᠠᠭ᠎ᠠ᠎ᠶᠢ 20 ᠭᠠᠷᠤᠢ ᠤᠳᠠᠭ᠎ᠠ ᠥᠷᠨᠢᠭᠦᠯᠪᠡ᠃

ᠬᠥᠯᠥᠨ ᠪᠣᠶ᠋ᠢᠷ᠎ᠤᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠡᠪᠯᠡᠯ᠎ᠦᠨ ᠬᠣᠷᠢᠶ᠎ᠠ ᠦᠵᠡᠯ ᠰᠠᠨᠠᠭ᠎ᠠ ᠪᠡᠷ ᠬᠦᠳᠦᠯᠦᠨ ᠵᠢᠯᠤᠭᠤᠳᠬᠤ ᠵᠢ ᠪᠣᠳᠠᠲᠠᠢ ᠠᠳᠬᠤᠵᠤ᠂ 10 ᠰᠠᠯᠠᠭ᠎ᠠ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠢᠯᠠᠩ᠎ᠢ ᠵᠣᠬᠢᠶᠠᠨ ᠪᠠᠢᠭᠤᠯᠵᠤ᠂ ᠣᠢᠷ᠎ᠠ᠎ᠶᠢᠨ ᠭᠤᠷᠪᠠᠨ ᠵᠢᠯ᠎ᠳᠦ ᠵᠢᠯ ᠳᠤᠮᠳᠠᠴᠢ᠎ᠪᠠᠷ ᠲᠥᠪᠯᠡᠷᠡᠩᠭᠦᠢ ᠰᠤᠷᠤᠯᠴᠠᠯᠭ᠎ᠠ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠵᠢᠯᠯᠠᠭ᠎ᠠ᠎ᠶᠢ 120 ᠭᠠᠷᠤᠢ ᠤᠳᠠᠭ᠎ᠠ ᠥᠷᠨᠢᠭᠦᠯᠵᠦ᠂ ᠵᠠᠯᠠᠭᠤ ᠴᠠᠭᠳᠠᠭ᠎ᠠ᠎ᠶᠢ ᠨᠡᠢ᠍ᠢᠳᠡ 1600 ᠭᠠᠷᠤᠢ ᠬᠥᠮᠥᠨ ᠤᠳᠠᠭ᠎ᠠ ᠬᠠᠮᠤᠷᠴᠠᠢ᠃ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠭᠣᠣᠯ ᠬᠠᠷᠢᠭᠤᠴᠠᠯᠭ᠎ᠠ ᠭᠣᠣᠯ ᠠᠵᠢᠯ᠎ᠤᠨ ᠲᠣᠭᠣᠷᠢᠨ᠎ᠳᠤ ᠵᠠᠯᠠᠭᠤ ᠴᠠᠭᠳᠠᠭ᠎ᠠ᠎ᠶᠢ ᠬᠢᠯᠢ᠎ᠶᠢᠨ ᠬᠠᠮᠢᠶᠠᠷᠤᠯᠲᠠ ᠡᠵᠡᠮᠳᠡᠯ᠂ ᠠᠮᠤᠷ᠎ᠢ ᠬᠠᠮᠠᠭᠠᠯᠠᠬᠤ ᠴᠠᠭᠳᠠᠨ ᠰᠡᠷᠭᠡᠢᠯᠡᠯᠲᠡ ᠵᠡᠷᠭᠡ ᠡᠮᠦᠨ᠎ᠡ ᠹᠷᠣᠨᠲ᠎ᠤᠨ ᠡᠭᠦᠷᠭᠡ᠎ᠳᠦ ᠣᠷᠣᠯᠴᠠᠭᠤᠯᠵᠠᠢ᠃ ᠡᠪᠯᠡᠯ᠎ᠦᠨ ᠬᠣᠷᠢᠶ᠎ᠠ ᠲᠦᠷᠦᠭᠦᠯᠡᠨ 《ᠡᠮᠡᠭᠲᠡᠢᠴᠦᠳ᠎ᠦᠨ ᠲᠣᠭᠣᠷᠢᠨ ᠴᠠᠭᠳᠠᠬᠤ ᠠᠩᠭᠢ》 ᠵᠡᠷᠭᠡ 15 ᠰᠠᠯᠠᠭ᠎ᠠ ᠵᠠᠯᠠᠭᠤᠴᠤᠳ᠎ᠤᠨ ᠭᠠᠪᠰᠢᠭᠠᠢ ᠠᠩᠭᠢ᠎ᠶᠢ ᠵᠣᠬᠢᠶᠠᠨ ᠪᠠᠢᠭᠤᠯᠵᠤ᠂ ᠬᠢᠯᠢ ᠵᠢᠨ ᠬᠠᠮᠠᠭᠠᠯᠠᠯᠳᠠ᠎ᠳᠦ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号