ᠪᠤᠳᠠᠰ ᠎ᠤᠨ ᠪᠤᠰᠤ ᠰᠤᠶᠤᠯ᠎ᠤᠨ ᠦᠪ ᠵᠢᠡᠷ ᠪᠠᠭᠠᠴᠤᠳ ᠬᠡᠤᠬᠡᠳ ᠵᠢᠡᠨ ᠬᠦᠮᠦᠵᠢᠭᠦᠯᠦᠨ᠎ᠡ
2026-06-29 16:31:20
ᠵᠣᠬᠢᠶᠠᠭ᠍ᠴᠢ᠄
ᠪᠥᠷᠢᠨᠳᠡᠨ᠎ᠡ ᠨᠠᠷᠠᠨᠬᠡᠷᠡᠯ
ᠣᠩᠱᠢᠭ᠍ᠰᠠᠨ ᠣᠳᠠᠭ᠎ᠠ᠄
★★★☆☆

ᠠᠮᠳᠠᠳᠤ ᠴᠠᠭᠠᠨ ᠢᠳᠡᠬᠡ᠂ ᠤᠷᠠᠨ ᠬᠠᠳᠬᠤᠮᠠᠯ᠂ ᠦᠯᠵᠡᠢ ᠬᠡ ᠲᠠᠢ ᠴᠠᠭᠠᠰᠤᠨ ᠬᠠᠢᠴᠢᠯᠠᠮᠠᠯ᠂ ᠠᠭᠳᠠ ᠵᠢᠨ ᠴᠢᠮᠡᠭ ᠡᠮᠡᠬᠡᠯ᠂ ᠤᠶᠤᠨ᠎ᠢ᠋ ᠰᠢᠯᠭᠠᠬᠤ ᠱᠠᠭ᠎ᠠ ᠨᠠᠭᠠᠳᠤᠮ᠂ ᠬᠠᠭᠠᠨ ᠬᠦᠭᠵᠢᠮ ᠮᠤᠷᠢᠨ ᠬᠤᠭᠤᠷ ᠁ ᠲᠦᠷᠦᠬᠦᠬᠡᠨ ᠬᠢᠡᠭ᠌ᠭᠠᠨ ᠠᠢᠮᠠᠭ ᠤ᠋ᠨ ᠬᠣᠷᠴᠢᠨ ᠪᠠᠷᠠᠭᠣᠨ ᠭᠠᠷᠣᠨ ᠡᠮᠣᠨᠡᠳᠣ᠌ ᠬᠣᠰᠢᠭᠣᠨ ᠤ᠋ ᠨᠢᠭᠡᠳᠣᠭᠡᠷ ᠪᠠᠭ᠎ᠠ ᠰᠣᠷᠭᠠᠭᠣᠯᠢ ᠪᠣᠳᠠᠰ ᠤ᠋ᠨ ᠪᠣᠰᠣ᠌ ᠰᠣᠶᠣᠯ ᠤ᠋ᠨ ᠥᠪ ᠢ᠋ ᠰᠣᠷᠭᠠᠭᠣᠯᠢ ᠶ᠋ᠢᠨ ᠬᠥᠷᠢᠶᠡᠨ ᠳ᠋ᠣ᠌ ᠲᠡᠯᠭᠡᠷᠡᠬᠦᠯᠬᠦ᠎ᠶᠢᠨ ᠲᠦᠯᠦᠭᠡ 《ᠨᠢᠭᠡ ᠠᠩᠬᠢ ᠨᠢᠭᠡ ᠬᠦᠭ ᠠᠶᠠᠰ — ᠪᠤᠳᠠᠰ᠎ᠤᠨ ᠪᠤᠰᠤ ᠰᠣᠶᠣᠯ᠎ᠤᠨ ᠥᠪ᠎ᠢ ᠰᠤᠷᠭᠠᠭᠤᠯᠢ᠎ᠶᠢᠨ ᠬᠦᠷᠢᠶᠡᠨ᠎ᠳᠦ ᠤᠷᠤᠭᠤᠯᠬᠤ ᠵᠢᠴᠢ ᠮᠤᠷᠢᠨ ᠬᠤᠭᠤᠷ᠎ᠤᠨ ᠤᠨᠴᠠᠯᠢᠭ᠍ᠳᠤ ᠦᠢᠯᠡᠳᠦᠯᠭᠡ》ᠵᠢᠨ ᠠᠵᠢᠯᠯᠠᠭ᠎ᠠ ᠵᠢ ᠵᠤᠬᠢᠶᠠᠨ ᠪᠠᠢᠭᠤᠯᠵᠤ ᠶᠠᠪᠤᠬᠳᠠᠭᠤᠯᠪᠠ ᠃

ᠪᠣᠳᠠᠰ᠎ᠤᠨ ᠪᠤᠰᠤ ᠰᠣᠶᠣᠯ᠎ᠤᠨ ᠥᠪ᠎ᠢ ᠵᠠᠯᠠᠭᠤᠴᠤᠳ ᠪᠠᠭᠠᠴᠤᠳ ᠲᠸ᠋ ᠰᠠᠢᠳᠤᠷ ᠤᠯᠠᠮᠵᠢᠯᠠᠬᠤ ᠵᠢᠨ ᠲᠦᠯᠦᠬᠡ᠂ ᠳᠤᠰ ᠰᠤᠷᠭᠠᠭᠤᠯᠢ ᠨᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ ᠎ᠢ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠰᠤᠷᠭᠠᠭᠤᠯᠢ᠎ᠶᠢᠨ ᠬᠦᠷᠢᠶᠡᠨ᠎ᠳᠦ ᠠᠭᠤᠰᠤᠯᠴᠠᠭᠤᠯᠬᠤ᠎ᠶᠢ ᠪᠥᠬᠥ ᠲᠠᠯ᠎ᠠ᠎ᠪᠠᠷ ᠠᠬᠢᠭᠤᠯᠵᠤ᠂ 《ᠨᠢᠭᠡ ᠠᠩᠭᠢ ᠨᠢᠭᠡ ᠬᠥᠭ ᠠᠶᠠᠰ》 ᠤ᠋ᠨ ᠤᠨᠴᠠᠯᠢᠬ᠍ᠳᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠥᠮᠦᠨ᠎ᠢ ᠬᠥᠮᠦᠵᠢᠭᠦᠯᠬᠦ ᠰᠢᠰᠲᠧᠮ ᠎ᠢ ᠪᠣᠶ ᠪᠣᠯᠭᠠᠪᠠ᠃ ᠤᠯᠠᠨ ᠡᠰᠢᠲᠦ ᠤᠯᠠᠮᠵᠢᠯᠠᠯ᠂ ᠪᠦᠬᠦ ᠲᠠᠯ᠎ᠠ᠎ᠪᠠᠷ ᠬᠥᠮᠦᠨ᠎ᠢ ᠬᠥᠮᠦᠵᠢᠭᠦᠯᠬᠦ᠎ᠶᠢ ᠪᠠᠷᠢᠮᠲᠠᠯᠠᠵᠤ᠂ ᠬᠠᠳᠬᠤᠮᠠᠯ ᠤᠷᠠᠯᠠᠯ᠂ ᠤᠯᠠᠮᠵᠢᠯᠠᠯᠲᠤ ᠴᠠᠭᠠᠰᠤᠨ ᠬᠠᠶ᠋ᠢᠴᠢᠯᠠᠮᠠᠯ᠂ ᠮᠤᠷᠢᠨ ᠬᠤᠭᠤᠷ᠂ ᠬᠣᠷᠴᠢᠨ ᠠᠷᠠᠳ᠎ᠤᠨ ᠳᠠᠭᠤᠤ᠂ ᠴᠠᠭᠠᠨ ᠢᠳᠡᠭᠡᠨ᠎ᠦ ᠰᠣᠶᠣᠯ᠂ ᠠᠷᠠᠳ᠎ᠤᠨ ᠵᠠᠩ ᠦᠢᠯᠡ᠎ᠶᠢᠨ ᠶᠣᠰᠣᠯᠠᠯ ᠵᠡᠷᠭᠡ ᠤᠯᠠᠨ ᠲᠦᠷᠦᠯ᠎ᠦᠨ ᠨᠤᠲᠤᠭ᠎ᠤᠨ ᠪᠣᠳᠠᠰ᠎ᠤᠨ ᠪᠤᠰᠤ ᠰᠣᠶᠣᠯ ᠎ᠤᠨ ᠥᠪ ᠎ᠦᠨ ᠡᠬᠢ ᠪᠠᠶᠠᠯᠢᠭ᠋᠎ᠢ ᠣᠷᠣᠭᠤᠯᠤᠨ ᠠᠪᠴᠢᠷᠠᠵᠤ᠂ ᠠᠭᠤᠯᠭ᠎ᠠ᠎ᠪᠠᠷ ᠪᠠᠶᠠᠯᠢᠭ᠋᠂ ᠬᠡᠯᠪᠡᠷᠢ᠎ᠪᠡᠷ ᠤᠯᠠᠨ ᠶᠠᠩᠵᠤ᠎ᠶᠢᠨ ᠰᠤᠷᠭᠠᠭᠤᠯᠢ᠎ᠶᠢᠨ ᠬᠦᠷᠢᠶᠡᠨ᠎ᠦ ᠪᠣᠳᠠᠰ᠎ᠤᠨ ᠪᠤᠰᠤ ᠰᠣᠶᠣᠯ ᠎ᠤᠨ ᠥᠪ ᠎ᠦᠨ ᠬᠢᠴᠢᠶᠡᠯ ᠎ᠦᠨ ᠰᠢᠰᠲᠸᠮ᠎ᠢ ᠪᠠᠶ᠋ᠢᠭᠤᠯᠵᠤ᠂ ᠰᠤᠷᠤᠭ᠍ᠴᠢᠳ᠎ᠲᠤ ᠰᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠰᠢᠳᠢ᠎ᠶᠢ ᠤᠯᠠᠨ ᠲᠠᠯ᠎ᠠ᠎ᠠᠴᠠ ᠪᠦᠬᠦ ᠲᠠᠯ᠎ᠠ᠎ᠪᠠᠷ ᠮᠡᠳᠡᠷᠡᠭᠦᠯᠪᠡ᠃

 《ᠨᠢᠭᠡ ᠠᠩᠭᠢ ᠨᠢᠭᠡ ᠬᠥᠭ ᠠᠶᠠᠰ》 ᠵᠢᠡᠷ ᠰᠢᠨ᠎ᠡ ᠬᠥᠮᠦᠨ᠎ᠢ ᠬᠥᠮᠦᠵᠢᠭᠦᠯᠬᠦ ᠤᠨᠴᠠᠯᠢᠭ᠍ᠳᠤ ᠠᠵᠢᠯᠯᠠᠭ᠎ᠠ᠎ᠳᠤ ᠲᠦᠰᠢᠭᠯᠡᠨ᠂ ᠡᠯ᠎ᠡ ᠠᠩᠭᠢ ᠵᠢᠨ ᠬᠢᠨ ᠠᠳᠠᠯᠢ ᠪᠤᠰᠤ ᠪᠣᠳᠠᠰ᠎ᠤᠨ ᠪᠤᠰᠤ ᠰᠣᠶᠣᠯ᠎ᠤᠨ ᠥᠪ ᠎ᠦᠨ ᠭᠣᠥᠯ ᠰᠡᠳᠦᠪ᠎ᠲᠠᠢ ᠤᠶᠠᠯᠳᠤᠭᠤᠯᠤᠨ ᠠᠩᠭᠢ ᠨᠢᠭᠡᠴᠢ᠎ᠶᠢᠨ ᠰᠣᠶᠣᠯ᠎ᠤᠨ ᠵᠢᠭ᠍ᠰᠠᠭᠠᠯ᠎ᠤᠨ ᠭᠠᠵᠠᠷ ᠪᠠᠶ᠋ᠢᠭᠤᠯᠵᠤ᠂ ᠮᠣᠷᠢᠨ ᠬᠤᠭᠤᠷ ᠰᠤᠷᠤᠯᠴᠠᠭᠰᠠᠨ ᠦᠷ᠎ᠡ ᠪᠦᠲᠦᠭᠡᠯ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠤᠨ ᠪᠦᠲᠦᠭᠡᠯ᠂ ᠰᠣᠶᠣᠯ ᠮᠡᠳᠡᠯᠭᠡ᠎ᠶᠢᠨ ᠲᠣᠮᠣ᠌ ᠰᠣᠨᠢᠨ ᠵᠡᠷᠭᠡ ᠎ᠶᠢ ᠳᠡᠯᠭᠡᠨ ᠦᠵᠡᠬᠦᠯᠪᠡ᠃ ᠪᠠᠰᠠ ᠲᠣᠭᠲᠠᠮᠠᠯ ᠬᠤᠭᠤᠴᠠᠭ᠎ᠠ᠎ᠲᠠᠢ᠎ᠪᠠᠷ ᠪᠣᠳᠠᠰ᠎ᠤᠨ ᠪᠤᠰᠤ ᠰᠣᠶᠣᠯ ᠎ᠤᠨ ᠥᠪ ᠎ᠦᠨ ᠦᠵᠡᠭᠦᠯᠭᠡ᠎ᠶᠢᠨ ᠲᠣᠭᠯᠠᠯᠲᠠ᠂ ᠰᠣᠶᠣᠯ᠎ᠤᠨ ᠣᠶ᠋ᠢᠯᠠᠭᠠᠯᠲᠠ᠂ ᠠᠩᠭᠢ ᠎ᠶᠢᠨ ᠰᠣᠯᠢᠯᠴᠠᠭᠠᠨ ᠎ᠤ ᠠᠵᠢᠯᠯᠠᠭ᠎ᠠ ᠵᠡᠷᠬᠡ ᠵᠢ ᠥᠷᠨᠢᠭᠦᠯᠵᠦ᠂ ᠰᠤᠷᠤᠯᠴᠠᠯᠭ᠎ᠠ ᠎ᠪᠠᠷ ᠤᠯᠠᠮᠵᠢᠯᠠᠬᠤ ᠎ᠶᠢ ᠠᠬᠢᠭᠤᠯᠵᠤ᠂ ᠦᠵᠡᠭᠦᠯᠭᠡ᠎ᠪᠡᠷ ᠰᠤᠷᠤᠯᠴᠠᠯᠭ᠎ᠠ᠎ᠶᠢ ᠠᠬᠢᠭᠤᠯᠵᠤ᠂ ᠬᠥᠮᠦᠨ ᠪᠣᠯᠭᠠᠨ ᠪᠣᠳᠠᠰ᠎ᠤᠨ ᠪᠤᠰᠤ ᠰᠣᠶᠣᠯ᠎ᠤᠨ ᠥᠪ᠎ᠢ ᠣᠶ᠋ᠢᠯᠠᠭᠠᠬᠤ᠂ ᠬᠠᠶ᠋ᠢᠷᠠᠯᠠᠬᠤ᠂ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ᠎ᠶᠢᠨ ᠬᠦᠷᠢᠶᠡᠨ᠎ᠦ ᠠᠭᠤᠷ ᠠᠮᠢᠰᠬᠤᠯ᠎ᠢ ᠪᠣᠶ ᠪᠤᠯᠭᠠᠭᠰᠠᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号