ᠥᠪᠥᠷ ᠮᠣᠩᠭᠣᠯ 《ᠨᠡᠷᠡᠨ ᠬᠡᠷᠡᠯᠳᠦ ᠡᠷᠡᠮᠡᠯᠵᠡᠯ ᠲᠠᠭᠯᠠᠬᠤ》 ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ
2026-06-29 16:33:46
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ᠎ᠦᠨ ᠶᠠᠮᠤᠨ᠎ᠤ ᠪᠠᠢᠷᠢᠯᠠᠭᠤᠯᠤᠯᠲᠠ ᠶᠣᠰᠣᠭᠠᠷ᠂ 6 ᠰᠠᠷ᠎ᠠ᠎ᠶᠢᠨ 14᠎ᠤ᠋  ᠡᠳᠦᠷ᠎ᠡᠴᠡ 6 ᠰᠠᠷ᠎ᠠ᠎ᠶᠢᠨ 22᠎ᠤ᠋ᠨ ᠡᠳᠦᠷ ᠪᠣᠯᠲᠠᠯ᠎ᠠ᠂ ᠥᠪᠥᠷ ᠮᠣᠩᠭᠣᠯ 《ᠨᠡᠷᠡᠨ ᠬᠡᠷᠡᠯᠳᠦ ᠡᠷᠡᠮᠡᠯᠵᠡᠯ ᠲᠠᠭᠯᠠᠬᠤ》 ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂  ᠰᠢᠯᠭᠠᠯᠳᠠ ᠪᠡᠷ ᠰᠤᠷᠤᠭᠴᠢ ᠡᠯᠰᠡᠬᠦ ᠡᠷᠬᠡ ᠰᠦᠷᠳᠤ ᠦᠢᠯᠡᠴᠢᠯᠡᠭᠡ᠎ᠶᠢ ᠰᠢᠶᠠᠨ᠎ᠤ ᠬᠡᠪᠴᠢᠶᠡᠨ᠎ᠦ ᠨᠢᠭᠡᠳᠦᠭᠡᠷ ᠹᠷᠣᠨᠲ ᠎ᠲᠤ ᠬᠦᠷᠭᠡᠵᠦ᠂ ᠦᠨᠳᠦᠰᠦᠨ ᠱᠠᠲᠤᠨ᠎ᠤ ᠶᠡᠬᠡ ᠳᠡᠭᠡᠳᠦ ᠰᠤᠷᠭᠠᠭᠤᠯᠢ᠎ᠳᠤ ᠰᠢᠯᠭᠠᠭᠤᠯᠤᠭᠰᠠᠳ᠎ᠤᠨ ᠰᠤᠷᠭᠠᠭᠤᠯᠢ ᠳᠠᠪᠰᠢᠬᠤ ᠳ᠋ᠤ ᠰᠢᠨᠵᠢᠯᠡᠬᠦ ᠤᠬᠠᠭᠠᠨᠴᠢ ᠲᠦᠯᠦᠪᠵᠢᠬᠦᠯᠬᠡ ᠪᠡᠷ ᠬᠦᠴᠦᠨ ᠨᠡᠮᠡᠷᠢᠯᠡᠪᠡ᠃

ᠲᠤᠰ ᠤᠳᠠᠭ᠎ᠠ᠎ᠶᠢᠨ ᠠᠵᠢᠯᠯᠠᠭ᠎ᠠ ᠨᠢ ᠤᠯᠠᠭᠠᠨᠴᠠᠪ ᠬᠤᠳᠠ᠎ᠶᠢᠨ ᠱᠠᠩᠳᠤ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ ᠵᠢᠴᠢ ᠤᠯᠠᠭᠠᠨᠬᠠᠳᠠ ᠬᠤᠳᠠ᠎ᠶᠢᠨ ᠪᠠᠭᠠᠷᠢᠨ ᠵᠡᠭᠦᠨ ᠬᠣᠰᠢᠭᠤ ᠵᠡᠷᠭᠡ ᠪᠦᠬᠦ ᠣᠷᠣᠨ᠎ᠤ 10 ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ᠎ᠢ ᠬᠠᠮᠤᠷᠴᠠᠢ᠃ 《ᠶᠠᠮᠤᠨ ᠣᠷᠣᠨ ᠭᠠᠵᠠᠷ ᠣᠷᠣᠨ ᠭᠤᠷᠪᠠᠨ ᠱᠠᠲᠤᠨ᠎ᠤ ᠬᠠᠮᠲᠤᠷᠠᠭᠰᠠᠨ ᠲᠤᠰᠬᠠᠢ ᠮᠡᠷᠭᠡᠵᠢᠯᠲᠡᠨ᠎ᠦ ᠪᠦᠯᠬᠦᠮ》 ᠢ᠋ ᠵᠣᠬᠢᠶᠠᠨ ᠪᠠᠢᠭᠤᠯᠵᠤ᠂ ᠬᠠᠪᠰᠤᠷᠤᠨ ᠲᠡᠳᠬᠦᠬᠦ ᠬᠣᠰᠢᠭᠤ ᠰᠢᠶᠠᠨ ᠨᠢᠭᠡᠪᠦᠷᠢ᠎ᠶᠢᠨ ᠠᠰᠠᠭᠤᠨ ᠯᠠᠪᠯᠠᠬᠤ ᠴᠡᠭ ᠲᠤ᠌ ᠴᠥᠮ ᠰᠤᠷᠭᠠᠨ ᠬᠥᠮᠦᠵᠢᠯ᠎ᠦᠨ ᠶᠠᠮᠤᠨ᠎ᠤ ᠨᠢᠭᠡᠳᠦᠯᠲᠡᠢ ᠲᠥᠯᠥᠪᠯᠡᠨ ᠰᠣᠩᠭᠣᠨ ᠲᠣᠮᠢᠯᠠᠭᠰᠠᠨ ᠶᠠᠮᠤᠨ᠎ᠳᠤ ᠬᠠᠷᠢᠶᠠᠯᠠᠭᠳᠠᠬᠤ ᠭᠣᠣᠯᠳᠠᠯᠭ᠎ᠠ᠎ᠲᠠᠢ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ 1 ᠠ᠋ᠴᠠ 2 ᠨᠡᠷᠡᠰ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ ᠎ᠵᠢᠨ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠬᠠᠮᠤᠭ ᠎ᠤᠨ ᠰᠢᠨ᠎ᠡ ᠲᠥᠷᠥ ᠎ᠶᠢᠨ ᠪᠣᠳᠣᠯᠭ᠎ᠠ᠎ᠶᠢ ᠰᠠᠢᠨ ᠮᠡᠳᠡᠳᠡᠭ ᠰᠤᠷᠭᠠᠨ ᠬᠥᠮᠦᠵᠢᠯ ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠪᠠᠢᠭᠤᠯᠤᠮᠵᠢ᠎ᠶᠢᠨ ᠲᠤᠰᠬᠠᠢ ᠮᠡᠷᠭᠡᠵᠢᠯᠲᠡᠨ 1 ᠠ᠋ᠴᠠ 2 ᠨᠡᠷᠡᠰ ᠵᠢᠴᠢ ᠲᠣᠰ ᠭᠠᠵᠠᠷ᠎ᠤᠨ ᠰᠢᠯᠭᠠᠭᠤᠯᠤᠭ᠍ᠴᠢ᠎ᠶᠢᠨ ᠪᠠᠢᠳᠠᠯ᠎ᠢ ᠤᠢᠯᠠᠭᠠᠳᠠᠭ ᠬᠣᠰᠢᠭᠤ ᠰᠢᠶᠠᠨ᠎ᠤ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠭᠣᠣᠯᠯᠠᠭ᠍ᠴᠢ ᠲᠤᠰᠬᠠᠢ ᠮᠡᠷᠭᠡᠵᠢᠯᠲᠡᠨ 1 ᠠ᠋ᠴᠠ 2 ᠨᠡᠷᠡᠰ ᠲᠤᠰ ᠪᠦᠷᠢ ᠲᠣᠬᠢᠷᠠᠭᠤᠯᠪᠠ᠃ ᠲᠤᠰᠬᠠᠢ ᠮᠡᠷᠭᠡᠵᠢᠯᠲᠡᠨ ᠎ᠦ ᠪᠦᠯᠬᠦᠮ᠎ᠤᠨ ᠬᠢᠨ ᠨᠢᠭᠡᠳᠦᠭᠡᠷ ᠹᠷᠣᠨᠲ᠎ᠲᠤ ᠬᠦᠨᠵᠡᠬᠡᠢᠷᠡᠵᠦ᠂ ᠲᠤᠬᠠᠢ ᠎ᠶᠢᠨ ᠲᠠᠯᠠᠪᠤᠷ ᠎ᠲᠤ ᠲᠠᠢᠯᠤᠮᠵᠢ ᠬᠢᠬᠦ᠂ ᠠᠰᠠᠭᠤᠯᠲᠠ᠎ᠶᠢ ᠨᠢᠭᠤᠷᠲᠠᠨ ᠬᠠᠷᠢᠭᠤᠯᠬᠤ ᠵᠡᠷᠭᠡ ᠬᠡᠯᠪᠡᠷᠢ ᠎ᠪᠡᠷ ᠶᠡᠬᠡ ᠳᠡᠭᠡᠳᠦ ᠰᠤᠷᠭᠠᠭᠤᠯᠢ᠎ᠵᠢᠨ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠳᠡᠢ ᠰᠢᠯᠭᠠᠯᠲᠠ᠎ᠶᠢᠨ ᠰᠢᠯᠭᠠᠭᠤᠯᠤᠭ᠍ᠴᠢ ᠵᠢᠴᠢ ᠭᠡᠷ᠎ᠦᠨ ᠠᠬᠠᠮᠠᠳ᠎ᠲᠤ ᠲᠤᠰᠬᠠᠢ ᠮᠡᠷᠭᠡᠵᠢᠯ᠎ᠦᠨ ᠡᠷᠡᠮᠡᠯᠵᠡᠯ ᠲᠠᠭᠯᠠᠬᠤ ᠵᠢᠯᠣᠭᠣᠳᠤᠯᠭ᠎ᠠ ᠬᠠᠩᠭᠠᠪᠠ᠃

《ᠡᠨᠡ ᠵᠢᠯ ᠪᠣᠯ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠰᠢᠨ᠎ᠡ ᠥᠭᠡᠷᠡᠴᠢᠯᠡᠯᠲᠡ᠎ᠶᠢ ᠨᠠᠢᠳᠠᠪᠤᠷᠢᠵᠢᠭᠤᠯᠬᠤ ᠬᠣᠶᠠᠳᠠᠭᠢ ᠵᠢᠯ ᠮᠥᠨ᠂ 2025 ᠣᠨ (ᠥᠭᠡᠷᠡᠴᠢᠯᠡᠯᠲᠡ᠎ᠶᠢᠨ ᠨᠢᠭᠡᠳᠦᠭᠡᠷ ᠵᠢᠯ) ᠤ᠋ ᠵᠡᠷᠭᠡᠴᠡᠭᠡ ᠡᠷᠡᠮᠡᠯᠵᠡᠯ ᠎ᠤᠨ ᠵᠠᠭᠪᠤᠷ ᠎ᠢᠶᠡᠷ ᠲᠠᠩᠰᠠ ᠡᠪᠬᠡᠮᠡᠯ ᠥᠭᠴᠦ ᠡᠯᠰᠡᠬᠦ ᠪᠦᠷᠢᠳᠬᠡᠯ᠎ᠦᠨ ᠮᠡᠳᠡᠭᠡ ᠵᠠᠩᠭᠢ᠎ᠶᠢ ᠬᠡᠷᠬᠢᠨ ᠭᠦᠢᠴᠡᠳ ᠠᠰᠢᠭ᠍ᠯᠠᠵᠤ᠂ ᠥᠭᠡᠷᠡᠴᠢᠯᠡᠯᠲᠡ᠎ᠬᠢᠬᠦ ᠡᠴᠡ ᠡᠮᠦᠨᠡᠬᠢ ᠬᠤᠷᠠᠮᠳᠤᠭᠤᠯᠤᠭᠰᠠᠨ ᠲᠠᠰ ᠳᠠᠷᠠᠭᠠᠯᠠᠯ ᠎ᠵᠢᠡᠷ ᠡᠷᠡᠮᠡᠯᠵᠡᠯ᠎ᠳᠠᠭᠯᠠᠬᠤ ᠵᠠᠭᠪᠤᠷ᠎ᠤᠨ ᠲᠠᠩᠰᠠ ᠡᠪᠬᠡᠮᠡᠯ ᠥᠭᠴᠦ ᠡᠯᠰᠡᠬᠦ ᠪᠦᠷᠢᠳᠬᠡᠯ᠎ᠦᠨ ᠮᠡᠳᠡᠭᠡ ᠵᠠᠩᠭᠢ ᠵᠢ ᠵᠤᠬᠢᠰᠳᠠᠢ ᠯᠠᠪᠯᠠᠵᠤ᠂ ᠡᠨᠡ ᠵᠢᠯ᠎ᠦᠨ ᠡᠷᠡᠮᠡᠯᠵᠡᠯ ᠲᠠᠭᠯᠠᠬᠤ ᠵᠢ ᠵᠢᠯᠤᠭᠤᠳᠴᠤ ᠶᠡᠬᠡ ᠳᠡᠭᠡᠳᠦ ᠰᠤᠷᠭᠠᠭᠤᠯᠢ ᠪᠠ ᠲᠤᠰᠬᠠᠢ ᠮᠡᠷᠭᠡᠵᠢᠯ᠎ᠢᠶᠡᠨ ᠰᠣᠩᠭᠣᠬᠤ ᠪᠤᠯ ᠰᠢᠯᠭᠠᠭᠤᠯᠤᠭ᠍ᠴᠢ ᠪᠠ ᠭᠡᠷ᠎ᠦᠨ ᠠᠬᠠᠮᠠᠳ ᠨᠢᠭᠡᠪᠦᠷᠢ᠎ᠳᠦ ᠲᠤᠯᠭᠠᠷᠠᠵᠤ ᠪᠠᠢᠭ᠎ᠠ ᠬᠦᠴᠢᠷ ᠠᠰᠠᠭᠤᠳᠠᠯ ᠮᠥᠨ᠂ ᠨᠠᠩ ᠴᠤ᠌ ᠮᠠᠯᠵᠢᠬᠤ ᠲᠠᠷᠢᠶᠠᠯᠠᠬᠤ ᠣᠷᠣᠨ᠎ᠤ ᠰᠢᠯᠭᠠᠭᠤᠯᠤᠭ᠍ᠴᠢ ᠪᠠ ᠭᠡᠷ᠎ᠦᠨ ᠠᠬᠠᠮᠠᠳ᠎ᠤᠨ ᠬᠦᠴᠢᠷ ᠠᠰᠠᠭᠤᠳᠠᠯ ᠮᠥᠨ》 ᠬᠡᠵᠦ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠦᠨ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠰᠢᠯᠭᠠᠯᠲᠠ᠎ᠶᠢᠨ ᠭᠠᠵᠠᠷ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠳᠠᠨᠢᠯᠴᠠᠭᠤᠯᠤᠯ᠎ᠠ᠃

ᠠᠵᠢᠯᠯᠠᠭ᠎ᠠ ᠳᠤᠮᠳᠠ᠂ ᠲᠤᠰᠬᠠᠢ ᠮᠡᠷᠭᠡᠵᠢᠯᠲᠡᠨ᠎ᠦ ᠪᠦᠯᠬᠦᠮ ᠨᠢ ᠥᠪᠥᠷ ᠮᠣᠩᠭᠣᠯ᠎ᠤᠨ ᠰᠢᠨ᠎ᠡ ᠮᠠᠶᠢᠭ᠋᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ ᠎ᠶᠢᠨ ᠲᠥᠷᠥ ᠎ᠶᠢᠨ ᠪᠣᠳᠣᠯᠭ᠎ᠠ ᠎ᠶᠢᠨ ᠲᠠᠢᠯᠤᠮᠵᠢ᠂ ᠵᠡᠷᠭᠡᠴᠡᠭᠡ ᠡᠷᠡᠮᠡᠯᠵᠡᠯ ᠲᠠᠭᠯᠠᠬᠤ ᠳᠦᠷᠢᠮ᠂ ᠶᠡᠬᠡ ᠳᠡᠭᠡᠳᠦ ᠰᠤᠷᠭᠠᠭᠤᠯᠢ ᠪᠠ ᠲᠤᠰᠬᠠᠢ ᠮᠡᠷᠭᠡᠵᠢᠯ ᠰᠣᠩᠭᠣᠬᠤ ᠠᠷᠭ᠎ᠠ᠂ ᠠᠵᠢᠯ ᠮᠡᠷᠭᠡᠵᠢᠯ᠎ᠦᠨ ᠲᠥᠯᠦᠪᠵᠢᠭᠦᠯᠭᠡ ᠪᠠ ᠶᠡᠬᠡ ᠳᠡᠭᠡᠳᠦ ᠰᠤᠷᠭᠠᠭᠤᠯᠢ᠎ᠶᠢᠨ ᠵᠣᠬᠢᠴᠠᠯᠳᠤᠯ᠂ ᠡᠷᠡᠮᠡᠯᠵᠡᠯ ᠳᠠᠭᠯᠠᠬᠤ ᠳ᠋ᠤ ᠪᠠᠢᠩᠭᠤ ᠲᠣᠬᠢᠶᠠᠯᠳᠤᠬᠤ ᠪᠤᠷᠤᠭᠤ ᠤᠢᠯᠠᠭᠠᠯᠳᠠ ᠵᠡᠷᠬᠡ ᠰᠢᠯᠭᠠᠭᠤᠯᠤᠭ᠍ᠴᠢ ᠪᠠ ᠭᠡᠷ ᠎ᠦᠨ ᠠᠬᠠᠮᠠᠳ ᠎ᠤᠨ ᠠᠩᠬᠠᠷᠴᠤ ᠪᠠᠢᠭ᠎ᠠ ᠠᠰᠠᠭᠤᠳᠠᠯ᠎ᠤᠨ ᠲᠣᠭᠣᠷᠢᠨ᠎ᠳᠤ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠤᠮᠵᠢ ᠬᠢᠵᠦ᠂ ᠡᠷᠡᠮᠡᠯᠵᠡᠯ ᠳᠠᠭᠯᠠᠬᠤ ᠳᠤᠬᠠᠢ ᠰᠢᠯᠭᠠᠭᠤᠯᠤᠭ᠍ᠰᠠᠳ᠎ᠤᠨ ᠤᠢᠯᠠᠭᠠᠯᠳᠠ ᠵᠢ ᠤᠯᠠᠮ ᠲᠤᠳᠤᠷᠬᠠᠢ ᠪᠤᠯᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号