ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠬᠥᠳᠡᠭᠡ ᠲᠣᠰᠬᠣᠨ ᠎ᠢ ᠬᠥᠭᠵᠢᠭᠦᠯᠦᠨ ᠮᠠᠨᠳᠤᠭᠤᠯᠬᠤ ᠳ᠋ᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ
2026-06-29 16:21:12
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠴᠢᠦᠸᠠᠨ ᠰᠢᠶᠠᠨ᠎ᠳᠤ᠂ ᠠᠬᠠᠮᠠᠳ ᠮᠠᠯᠴᠢᠨ ᠎ᠤ ᠬᠤᠨᠢᠨ ᠬᠤᠷᠤᠭᠠᠨ ᠳ᠋ᠡᠬᠢ《ᠣᠶᠤᠨᠲᠤ ᠴᠢᠫ》 ︱  ᠠᠰᠫᠢᠷᠠᠨᠲ᠎ᠤᠨ ᠪᠦᠯᠬᠦᠮ᠎ᠤᠨ ᠳᠤᠭᠳᠠᠭᠠᠨ ᠦᠭᠬᠦᠭᠰᠡᠨ ᠰᠠᠹᠤᠯᠺ ᠬᠤᠴᠠ ᠵᠢᠨ ᠬᠡᠭᠡᠯᠲᠦᠭᠦᠯᠬᠦ ᠲᠥᠰᠥᠯ ᠨᠢ ᠬᠤᠷᠠᠭ᠎ᠠ ᠢᠰᠢᠭᠡᠨ᠎ᠦ ᠤᠨᠳᠤᠷᠤᠯᠲᠠ᠎ᠶᠢᠨ ᠨᠤᠷᠮ᠎ᠠ᠎ᠶᠢ ᠠᠷᠪᠠᠨ᠎ᠤ ᠬᠣᠶᠠᠷ ᠬᠤᠪᠢ᠎ᠪᠠᠷ ᠳᠡᠭᠡᠭᠰᠢᠯᠡᠭᠦᠯᠪᠡ; ᠤᠳᠤᠭ᠎ᠤᠨ ᠡᠮᠦᠨᠡᠲᠦ ᠬᠣᠰᠢᠭᠤᠨ᠎ᠳᠤ᠂ ᠯᠠᠵᠤᠤ ᠵᠢᠨ ᠲᠠᠷᠢᠶᠠᠴᠢᠳ᠎ᠤᠨ《ᠲᠠᠷᠢᠶᠠᠨ ᠭᠠᠵᠠᠷ᠎ᠲᠡᠬᠢ ᠬᠢᠴᠢᠶᠡᠯ᠎ᠦᠨ ᠲᠠᠩᠬᠢᠮ》 ᠨᠢ ᠲᠤᠷᠰᠢᠯᠲᠠ᠎ᠶᠢᠨ ᠲᠠᠰᠤᠭ ᠢ᠋ ᠳᠠᠷᠢᠶᠠᠴᠢᠳ᠎ᠤᠨ ᠡᠬᠦᠳᠡᠨ ᠳ᠋ᠤ ᠨᠡᠬᠦᠯᠬᠡᠵᠦ᠂ 46 ᠰᠢᠨ᠎ᠡ ᠲᠦᠷᠦᠯ ᠵᠦᠢᠯ ᠎ᠢ ᠲᠤᠷᠰᠢᠨ ᠲᠠᠷᠢᠵᠦ ᠭᠠᠯ ᠤᠯᠠᠭᠠᠨ ᠯᠠᠵᠤᠤ᠎ᠶᠢ ᠨᠡᠩ ᠰᠠᠢᠨ ᠦᠨ᠎ᠡ᠎ᠬᠦᠷᠬᠡᠪᠡ; ᠲᠦᠮᠡᠳ ᠪᠠᠷᠠᠭᠤᠨ ᠬᠣᠰᠢᠭᠤᠨ᠎ᠳᠤ᠂ ᠵᠢᠮᠢᠰ᠎ᠦᠨ ᠲᠠᠷᠢᠶᠠᠴᠢᠳ ᠵᠢᠮᠢᠰ ᠵᠢᠡᠨ ᠬᠤᠳᠠᠯᠳᠤᠬᠤ᠎ᠠᠴᠠ ᠵᠣᠪᠠᠬᠤ ᠦᠭᠡᠢ ᠪᠤᠯᠵᠤ᠂ ᠬᠦᠢᠯᠡᠰᠦᠨ ᠠᠷᠢᠬᠢ᠂  ᠬᠦᠢᠯᠡᠰᠦᠨ ᠬᠠᠲᠠᠭᠠᠮᠠᠯ᠂  ᠬᠦᠢᠯᠡᠰᠦᠨ ᠡᠬᠡᠳᠡᠩ ᠨᠢ ᠬᠦᠢᠯᠡᠰᠦ ᠵᠢᠨ ᠦᠨ᠎ᠡ᠎ᠶᠢ ᠳᠠᠬᠢᠨ᠎ᠢᠶᠠᠷ ᠨᠡᠮᠡᠭᠳᠡᠭᠦᠯᠪᠡ ᠁

ᠦᠷᠭᠡᠨ ᠠᠭᠤᠳᠠᠮ ᠮᠠᠯᠵᠢᠬᠤ ᠲᠠᠷᠢᠶᠠᠯᠠᠬᠤ ᠤᠷᠤᠨ ᠳ᠋ᠤ ᠡᠭᠦᠰᠦᠭᠰᠡᠨ ᠡᠲᠡᠭᠡᠷ ᠰᠢᠨ᠎ᠡ ᠰᠡᠪᠡᠭᠦᠨ ᠬᠤᠪᠢᠷᠠᠯᠲᠠ ᠨᠢ ᠴᠥᠮ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠣᠢᠷ᠎ᠠ᠎ᠶᠢᠨ ᠵᠢᠯ᠎ᠦᠳ᠎ᠦᠨ ᠲᠠᠷᠢᠶᠠᠯᠠᠭ᠎ᠠ᠎ᠶᠢᠨ ᠨᠢᠭᠡᠳᠦᠭᠡᠷ ᠹᠷᠣᠨᠲ᠎ᠲᠤ ᠬᠦᠨᠵᠡᠬᠡᠢᠷᠡᠭᠰᠡᠨ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ》 ᠲᠠᠢ ᠬᠤᠯᠪᠤᠭ᠎ᠠ ᠲᠠᠢ ᠶᠤᠮ᠃ 2022 ᠣᠨ᠎ᠠᠴᠠ ᠨᠠᠭᠠᠰᠢ᠂ ᠲᠤᠰ ᠳᠡᠭᠡᠳᠦ ᠰᠤᠷᠭᠠᠭᠤᠯᠢ ᠨᠢ ᠥᠪᠥᠷ ᠮᠣᠩᠭᠣᠯ᠎ᠤᠨ  《ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ》 ᠢ᠋ ᠪᠦᠲᠦᠭᠡᠨ ᠪᠠᠶ᠋ᠢᠭᠤᠯᠬᠤ ᠪᠠᠢᠯᠳᠤᠬᠤ ᠪᠣᠳᠣᠯᠭ᠎ᠠ᠎ᠲᠠᠢ ᠨᠢᠭ᠍ᠲᠠ ᠤᠶᠠᠯᠳᠤᠭᠤᠯᠤᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠂ ᠳᠠᠭᠠᠭᠤᠯᠤᠭ᠍ᠴᠢ ᠠᠵᠤ ᠠᠬᠤᠢᠯᠠᠯ ᠪᠣᠯᠣᠨ ᠬᠤᠷᠰᠢᠶ᠎ᠠ᠎ᠲᠠᠢ ᠬᠣᠯᠪᠣᠭᠠᠯᠠᠵᠤ᠂ ᠤᠷᠢᠳ ᠬᠣᠵᠢᠳ ᠮᠢᠬᠠᠨ᠎ᠤ ᠬᠣᠨᠢ᠂ ᠯᠠᠵᠤᠤ᠂ ᠠᠯᠳᠠᠨ ᠬᠦᠢᠯᠡᠰᠦ᠂ ᠰᠠᠭᠠᠭ᠂ ᠢᠳᠡᠭᠡᠨ᠎ᠦ ᠮᠦᠬᠦ᠂ ᠰᠠᠷᠭᠠᠢ ᠴᠡᠴᠡᠭ ᠵᠡᠷᠭᠡ ᠤᠯᠤᠰ᠎ᠤᠨ ᠲᠡᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ ᠪᠠᠢᠭᠤᠯᠵᠤ᠂ ᠲᠤᠷᠰᠢᠯᠲᠠ᠎ᠶᠢᠨ ᠲᠠᠰᠤᠭ᠎ᠢ ᠲᠠᠷᠢᠶᠠᠨ ᠭᠠᠵᠠᠷ᠎ᠲᠤ ᠨᠡᠭᠦᠯᠭᠡᠵᠦ᠂ ᠥᠭᠦᠯᠡᠯ᠎ᠢᠶᠡᠨ ᠬᠡᠬᠡᠷ᠎ᠡ ᠬᠦᠳᠡᠬᠡ ᠪᠢᠴᠢᠵᠦ᠂ ᠰᠤᠷᠭᠠᠨ ᠬᠥᠮᠦᠵᠢᠯ᠎ᠦᠨ ᠬᠡᠯᠬᠢᠶ᠎ᠡ᠂ ᠴᠢᠳᠠᠪᠤᠷᠢᠲᠠᠨ ᠎ᠤ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠂ ᠰᠢᠨ᠎ᠡ᠎ᠶᠢ ᠡᠭᠦᠳᠬᠦ ᠬᠡᠯᠬᠢᠶ᠎ᠡ᠎ᠶᠢ ᠬᠥᠳᠡᠭᠡ ᠲᠣᠰᠬᠣᠨ᠎ᠯᠤᠭ᠎ᠠ ᠭᠦᠨᠵᠡᠭᠡᠢ ᠠᠪᠴᠠᠯᠳᠤᠭᠤᠯᠵᠤ᠂ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠴᠢᠳᠠᠪᠤᠷᠢ ᠣᠯᠭᠣᠬᠤ᠂ ᠠᠵᠤ ᠦᠢᠯᠡᠰ᠎ᠢ ᠲᠡᠰ ᠳᠡᠪᠰᠢᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ》 ᠬᠦᠭᠵᠢᠯᠳᠡ ᠵᠢᠨ ᠰᠢᠨ᠎ᠡ ᠵᠠᠮ ᠵᠢᠡᠷ ᠵᠠᠮᠨᠠᠨ᠎ᠠ᠃

ᠠᠰᠫᠢᠷᠠᠨᠲ ᠪᠠᠢᠩᠭᠤ ᠬᠦᠳᠡᠬᠡ ᠰᠠᠭᠤᠵᠤ ᠬᠦᠴᠢᠷ ᠠᠰᠠᠭᠤᠳᠠᠯ᠎ᠢ ᠰᠢᠢᠳᠪᠦᠷᠢᠯᠡᠪᠡ

ᠤᠳᠤᠭ᠎ᠤᠨ ᠡᠮᠦᠨᠡᠲᠦ ᠬᠣᠰᠢᠭᠤᠨ᠎ᠤ ᠯᠠᠵᠤᠤ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠳᠦ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠨᠠᠨᠵᠢᠩ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠶᠢᠨ 4 ᠠᠰᠫᠢᠷᠠᠨᠲ ᠵᠢᠯ ᠲᠤᠷᠰᠢ ᠰᠠᠭᠤᠵᠤ᠂ ᠲᠠᠷᠢᠶᠠᠨ ᠭᠠᠵᠠᠷ ᠲᠤ᠌《ᠲᠦᠷ ᠴᠠᠭ᠎ᠤᠨ ᠲᠤᠷᠰᠢᠯᠲᠠ᠎ᠶᠢᠨ ᠲᠠᠰᠤᠭ》 ᠵᠢᠡᠨ ᠪᠠᠢᠭᠤᠯᠵᠠᠢ᠃ ᠲᠠᠷᠢᠶᠠᠴᠢᠨ ᠵᠠᠩ ᠤᠪᠤᠬᠳᠤ ᠵᠢᠨ ᠡᠷᠬᠢᠴᠡᠬᠦᠯᠬᠦ ᠪᠡᠷ ᠨᠢᠳᠤᠨᠤᠨ ᠯᠠᠵᠤᠤ᠎ᠶᠢᠨ ᠳᠠᠷᠢᠶᠠᠨ ᠳ᠋ᠤᠨᠢ ᠬᠢᠵᠢᠭ ᠡᠪᠡᠳᠴᠢᠨ ᠳᠡᠯᠬᠡᠷᠡᠬᠦ ᠪᠡᠷ ᠠᠰᠫᠢᠷᠠᠨᠲ ᠨᠠᠷ ᠰᠥᠨᠢ ᠪᠡᠷ ᠦᠯᠢᠭᠡᠷ ᠠᠪᠴᠤ ᠰᠢᠯᠭᠠᠨ ᠪᠠᠢᠴᠠᠭᠠᠵᠤ᠂ ᠳᠠᠷᠠᠭ᠎ᠠ ᠡᠳᠦᠷ᠎ᠦᠨ ᠬᠢᠨᠢ ᠥᠷᠯᠥᠭᠡ ᠡᠷᠲᠡ ᠪᠤᠯᠬᠤ ᠳ᠋ᠤ ᠪᠣᠬᠢᠷᠲᠤᠯ ᠦᠭᠡᠢ ᠰᠡᠷᠭᠡᠢᠯᠡᠨ ᠡᠵᠡᠮᠳᠡᠬᠦ ᠲᠥᠰᠥᠯ ᠭᠠᠷᠭᠠᠵᠤ᠂ ᠬᠡᠳᠦᠨ ᠠᠷᠪᠠᠨ ᠮᠦ᠍ ᠵᠢᠮᠢᠰ᠎ᠦᠨ ᠯᠠᠵᠤᠤ᠎ᠶᠢ ᠬᠠᠮᠠᠭᠠᠯᠠᠵᠤ ᠴᠢᠳᠠᠵᠠᠢ᠃ 《ᠥᠩᠭᠡᠷᠡᠭᠰᠡᠨ᠎ᠳᠦ ᠠᠰᠠᠭᠤᠳᠠᠯ᠎ᠳᠤᠯᠭᠠᠷᠠᠪᠠᠯ ᠲᠤᠰᠬᠠᠢ ᠮᠡᠷᠭᠡᠵᠢᠯᠲᠡᠨ ᠳ᠋ᠤ ᠤᠳᠠᠰᠤᠳᠠᠵᠤ ᠵᠢᠯᠤᠭᠤᠳᠤᠭᠤᠯᠳᠠᠭ᠃ ᠤᠳᠤ ᠳᠤᠰᠬᠠᠢ ᠮᠡᠷᠬᠡᠵᠢᠯᠳᠡᠨ ᠳᠡᠷᠬᠡᠳᠡ ᠪᠠᠢᠵᠤ᠂ ᠬᠡᠵᠢᠶ᠎ᠡ ᠠᠰᠠᠭᠤᠭᠰᠠᠨ ᠴᠸ᠋ ᠲᠦᠭᠦᠮ ᠪᠤᠯᠤᠯ᠎ᠠ》 ᠭᠡᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠵᠢᠵᠢᠭ ᠬᠦᠷᠢᠶᠡᠯᠡᠩ᠎ᠨᠢ ᠳᠡᠷᠬᠡᠳᠡ ᠨᠢ ᠦᠢᠯᠡᠴᠢᠯᠡᠬᠡ ᠬᠠᠩᠭᠠᠵᠤ᠂ ᠨᠡᠶ᠋ᠢᠲᠡ 20 ᠭᠠᠷᠤᠢ ᠲᠠᠯᠠᠪᠤᠷ ᠮᠡᠷᠭᠡᠵᠢᠯ᠎ᠦᠨ ᠪᠣᠯᠪᠠᠰᠤᠷᠠᠯ ᠥᠷᠨᠢᠭᠦᠯᠵᠦ᠂ ᠦᠢᠯᠡᠳᠪᠦᠷᠢᠯᠡᠯ᠎ᠦᠨ ᠪᠣᠳᠠᠲᠠᠢ ᠠᠰᠠᠭᠤᠳᠠᠯ᠎ᠢ 50 ᠭᠠᠷᠤᠢ ᠰᠢᠢᠳᠪᠦᠷᠢᠯᠡᠵᠦ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠪᠠ ᠪᠣᠬᠢᠷᠲᠤᠯ ᠦᠭᠡᠢ ᠰᠡᠷᠭᠡᠢᠯᠡᠨ ᠡᠵᠡᠮᠳᠡᠬᠦ 3 ᠵᠦᠢᠯ᠎ᠤᠨ ᠰᠢᠨ᠎ᠡ ᠮᠡᠷᠭᠡᠵᠢᠯ᠎ᠢ ᠳᠡᠯᠭᠡᠷᠡᠭᠦᠯᠵᠦ᠂ ᠯᠠᠵᠤᠤ᠎ᠶᠢᠨ ᠦᠢᠯᠡᠳᠬᠦᠨ᠎ᠦ ᠨᠡᠮᠡᠯᠲᠡ ᠥᠷᠲᠡᠭ᠎ᠢ 20% ᠭᠠᠷᠤᠢ ᠳᠡᠭᠡᠭᠰᠢᠯᠡᠭᠦᠯᠵᠦ᠂《ᠪᠤᠷᠤᠪᠠᠯᠭᠠᠰᠤ ᠵᠢᠨ ᠯᠠᠵᠤᠤ》 ᠵᠢᠨ ᠲᠦᠷᠦᠯ ᠲᠡᠮᠳᠡᠭᠲᠦ᠎ᠶᠢ ᠤᠯᠤᠰ᠎ᠤᠨ ᠭᠠᠵᠠᠷ ᠵᠦᠢ᠎ᠶᠢᠨ ᠢᠯᠡᠷᠬᠡᠢᠯᠡᠯᠳᠤ ᠪᠦᠳᠦᠬᠡᠭᠳᠡᠬᠦᠨ ᠵᠢᠡᠷ ᠭᠤᠶᠤᠴᠢᠯᠠᠬᠤ ᠬᠤᠷᠳᠤᠴᠠ ᠵᠢ ᠲᠦᠷᠭᠡᠳᠭᠡᠪᠡ᠃

ᠠᠳᠠᠯᠢᠬᠠᠨ᠎ᠢᠶᠠᠷ᠂ ᠲᠦᠴᠢᠦᠸᠠᠨ ᠰᠢᠶᠠᠨ᠎ᠤ ᠬᠤᠨᠢᠨ᠎ᠤ ᠦᠢᠯᠡᠰ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠳ᠋ᠤ ᠲᠤᠰ ᠳᠡᠬᠡᠳᠤ ᠰᠤᠷᠭᠠᠭᠤᠯᠢ ᠨᠢ ᠥᠪᠥᠷ ᠮᠣᠩᠭᠣᠯ᠎ᠤᠨ ᠳᠢ ᠾᠧᠦ ᠮᠠᠯ ᠠᠵᠤ ᠠᠬᠤᠢ᠎ᠶᠢᠨ ᠬᠢᠵᠠᠭᠠᠷᠳᠤ ᠺᠤᠮᠫᠠᠨᠢ᠎ᠲᠠᠢ ᠬᠠᠮᠲᠤᠷᠠᠯᠴᠠᠵᠤ᠂ ᠲᠤᠰ ᠭᠠᠵᠠᠷ᠎ᠤᠨ ᠮᠢᠬᠠᠨ᠎ᠤ ᠬᠤᠨᠢᠨ᠎ᠤ ᠡᠭᠦᠯᠳᠡᠷ᠎ᠢ ᠰᠠᠢᠵᠢᠷᠠᠭᠤᠯᠬᠤ᠂ ᠤᠨᠤᠴᠠᠳᠠᠢ ᠲᠡᠵᠢᠭᠡᠬᠦ᠂ ᠬᠢᠵᠢᠭ ᠡᠪᠡᠳᠴᠢᠨ᠎ᠢ ᠰᠡᠷᠭᠡᠢᠯᠡᠬᠦ ᠵᠡᠷᠭᠡ ᠭᠣᠭᠴᠣᠭ᠎ᠠ᠎ᠶᠢᠨ ᠲᠣᠭᠣᠷᠢᠨ᠎ᠳᠤ 4 ᠵᠦᠢᠯ᠎ᠦᠨ ᠭᠣᠣᠯᠯᠠᠭ᠍ᠴᠢ ᠮᠡᠷᠭᠡᠵᠢᠯ᠎ᠢ ᠰᠤᠳᠤᠯᠤᠨ ᠨᠡᠭᠡᠭᠡᠵᠦ᠂ 5 ᠵᠦᠢᠯ᠎ᠦᠨ ᠬᠡᠷᠡᠭᠯᠡᠭᠡᠨ᠎ᠦ ᠰᠢᠨ᠎ᠡ ᠬᠡᠯᠪᠡᠷᠢ ᠎ᠶᠢᠨ ᠲᠤᠰᠬᠠᠢ ᠠᠰᠢᠭ ᠎ᠤᠨ ᠡᠷᠬᠡ ᠵᠢ ᠭᠤᠶᠤᠴᠢᠯᠠᠨ ᠮᠡᠳᠡᠬᠦᠯᠵᠡᠢ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠵᠢᠵᠢᠭ ᠬᠦᠷᠢᠶᠡᠯᠡᠩ ᠨᠢ ᠲᠤᠰᠬᠠᠢ ᠮᠡᠷᠭᠡᠵᠢᠯᠲᠡᠨ ᠠᠰᠫᠢᠷᠠᠨᠲ᠎ᠢ ᠳᠠᠭᠠᠭᠤᠯᠬᠤ᠂ ᠠᠰᠫᠢᠷᠠᠨᠲ ᠵᠢᠱ᠌ᠢᠶ᠎ᠡ ᠦᠵᠡᠭᠦᠯᠬᠦ ᠡᠷᠤᠬᠡ᠎ᠶᠢ ᠳᠠᠭᠠᠭᠤᠯᠬᠤ᠂ ᠵᠢᠱ᠌ᠢᠶ᠎ᠡ ᠦᠵᠡᠭᠦᠯᠬᠦ ᠡᠷᠤᠬᠡ ᠡᠩ᠎ᠦᠨ ᠡᠷᠤᠬᠡ᠎ᠶᠢ ᠳᠠᠭᠠᠭᠤᠯᠬᠤ ᠵᠠᠭᠪᠤᠷ᠎ᠢ ᠪᠦᠷᠢᠯᠳᠦᠬᠦᠯᠵᠦ᠂ ᠨᠡᠢ᠍ᠢᠳᠡ 230 ᠭᠠᠷᠤᠢ ᠮᠠᠯᠴᠢᠨ ᠲᠠᠷᠢᠶᠠᠴᠢᠨ ᠳ᠋ᠤ ᠪᠤᠯᠪᠠᠰᠤᠷᠠᠯ ᠬᠦᠷᠳᠡᠬᠡᠵᠦ᠂ ᠤᠷᠤᠨ ᠨᠤᠲᠤᠭ᠎ᠤᠨ ᠮᠡᠷᠭᠡᠵᠢᠯ᠎ᠦᠨ ᠭᠣᠣᠯᠯᠠᠭ᠍ᠴᠢ ᠬᠦᠴᠦᠨ᠎ᠢ 60 ᠭᠠᠷᠤᠢ ᠬᠥᠮᠥᠵᠢᠭᠦᠯᠵᠦ᠂ ᠪᠠᠰᠠ ᠨᠤᠲᠤᠭ᠎ᠲᠠᠭᠠᠨ ᠪᠤᠴᠠᠭᠰᠠᠨ 2 ᠵᠠᠯᠠᠭᠤ ᠵᠢᠨ ᠬᠡᠪᠴᠢᠶᠡᠵᠢᠭᠰᠡᠨ ᠬᠤᠨᠢᠨ᠎ᠤ ᠲᠠᠯᠠᠪᠠᠢ ᠪᠠᠶ᠋ᠢᠭᠤᠯᠬᠤ᠎ᠶᠢ ᠠᠮᠵᠢᠯᠲᠠ᠎ᠲᠠᠢ ᠬᠥᠲᠥᠯᠥᠨ ᠵᠢᠯᠣᠭᠣᠳᠪᠠ᠃

ᠪᠦᠬᠦ ᠬᠡᠯᠬᠢᠶᠡᠵᠢᠯ ᠳ᠋ᠤ ᠡᠨᠧᠷᠺᠢ ᠤᠯᠭᠤᠵᠤ ᠠᠵᠤ ᠦᠢᠯᠡᠰ ᠲᠤ᠌ ᠠᠮᠢᠵᠢᠷᠠᠯ ᠤᠯᠭᠤᠪᠠ

ᠲᠦᠮᠡᠳ ᠪᠠᠷᠠᠭᠤᠨ ᠬᠣᠰᠢᠭᠤᠨ᠎ᠤ ᠭᠧᠦ ᠮᠸᠨ ᠪᠠᠯᠭᠠᠰᠤ 200 ᠭᠠᠷᠤᠢ ᠵᠢᠯ᠎ᠤᠨ ᠬᠦᠢᠯᠡᠰᠤ ᠳᠠᠷᠢᠭᠰᠠᠨ ᠳᠡᠦᠬᠡ ᠳᠠᠢ᠃ 3000 ᠭᠠᠷᠤᠢ ᠮᠦ᠍ ᠬᠦᠢᠯᠡᠰᠦᠨ ᠤᠢ᠎ᠶᠢᠨ ᠲᠦᠷᠦᠯ ᠵᠦᠢᠯ ᠨᠢ ᠮᠠᠭᠤᠳᠠᠭᠰᠠᠨ᠎ᠠᠴᠠ ᠪᠣᠯᠵᠤ᠂ ᠲᠠᠩ ᠭᠠᠭᠴᠠ ᠰᠢᠨ᠎ᠡ ᠰᠣᠷᠭᠣᠭ ᠵᠢᠮᠢᠰ ᠬᠤᠳᠠᠯᠳᠤᠬᠤ᠎ᠨᠢ ᠬᠤᠷᠢᠶᠠᠯᠲᠠ ᠡᠯᠪᠡᠭ ᠴᠤ᠌ ᠬᠤᠳᠠᠯᠳᠤᠬᠤ ᠳ᠋ᠤ ᠬᠦᠴᠢᠷᠳᠡᠬᠦ ᠪᠤᠯᠵᠠᠢ᠃ ᠵᠢᠨ ᠰᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠢᠷᠡᠵᠦ ᠨᠤᠳᠤᠭᠰᠢᠭᠰᠠᠨ᠎ᠤ ᠳᠠᠷᠠᠭ᠎ᠠ ᠪᠠᠭ᠍ᠰᠢ ᠰᠤᠷᠤᠭ᠍ᠴᠢᠳ᠎ᠤᠨ ᠪᠦᠯᠬᠦᠮ᠎ᠦᠨ ᠬᠢᠨ ᠬᠠᠢᠴᠢᠯᠠᠨ ᠵᠠᠰᠠᠬᠤ ᠮᠡᠷᠬᠡᠵᠢᠯ ᠢ᠋ ᠵᠢᠮᠢᠰ᠎ᠤᠨ ᠬᠦᠷᠢᠶᠡᠯᠡᠩ ᠳ᠋ᠤ ᠤᠷᠤᠭᠤᠯᠤᠨ ᠠᠪᠴᠢᠷᠠᠵᠤ᠂ 200 ᠭᠠᠷᠤᠢ ᠮᠦ᠍ ᠬᠥᠭᠰᠢᠨ ᠮᠣᠳᠣ᠌᠎ᠶᠢ ᠥᠭᠡᠷᠡᠴᠢᠯᠡᠨ ᠰᠠᠢᠵᠢᠷᠠᠭᠤᠯᠵᠤ᠂ ᠰᠠᠭᠤᠬᠤ ᠵᠢᠮᠢᠰ᠎ᠢ ᠳᠤᠮᠤᠷᠠᠭᠤᠯᠬᠤ ᠵᠢᠨ ᠵᠡᠷᠬᠡ ᠪᠡᠷ ᠰᠢᠬᠢᠷ᠎ᠦᠨ ᠬᠡᠮᠵᠢᠶ᠎ᠡ᠎ᠶᠢ ᠵᠡᠷᠭᠡ ᠪᠡᠷ ᠳᠡᠭᠡᠭᠰᠢᠯᠡᠭᠦᠯᠵᠡᠢ᠃ ᠨᠡᠩ ᠴᠢᠬᠤᠯᠠ ᠨᠢ ᠪᠠᠰᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠵᠢᠵᠢᠭ ᠬᠦᠷᠢᠶᠡᠯᠡᠩ᠎ᠦᠨ ᠬᠢᠨ ᠲᠤᠬᠠᠢ᠎ᠶᠢᠨ ᠭᠠᠵᠠᠷ᠎ᠢ ᠬᠠᠪᠰᠤᠷᠤᠨ 2000 ᠲᠡᠭᠰᠢ ᠳᠥᠷᠪᠡᠯᠵᠢᠨ ᠮᠧᠲᠷ᠎ᠤᠨ ᠨᠠᠷᠢᠯᠢᠭ᠋ ᠡᠳ᠋ᠰᠢᠭᠦᠯᠬᠦ ᠦᠢᠯᠡᠳᠪᠦᠷᠢ᠎ᠶᠢᠨ ᠲᠠᠰᠤᠭ ᠪᠣᠯᠣᠨ ᠢᠵᠢ ᠪᠦᠷᠢᠳᠦᠭᠰᠡᠨ ᠬᠦᠢᠲᠡᠨ ᠬᠥᠮᠥᠷᠭᠡ᠎ᠶᠢ ᠪᠠᠢᠭᠤᠯᠵᠤ᠂ ᠬᠦᠢᠯᠡᠰᠦᠨ ᠤᠮᠳᠠᠭᠠᠨ᠂ ᠬᠦᠢᠯᠡᠰᠦᠨ ᠬᠠᠲᠠᠭᠠᠮᠠᠯ᠂ ᠬᠥᠬᠡ ᠬᠦᠢᠯᠡᠰᠦᠨ ᠠᠷᠢᠬᠢ ᠵᠡᠷᠭᠡ ᠰᠢᠷᠢᠰ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ 《ᠭᠦᠧᠧ ᠬᠤᠸᠠᠨ ᠬᠤᠸᠠᠨ》 ᠲᠦᠷᠦᠯ ᠲᠡᠮᠳᠡᠭ ᠎ᠢ ᠳᠠᠩᠰᠠᠯᠠᠭᠤᠯᠬᠤ᠎ᠶᠢᠨ ᠬᠠᠮᠲᠤ 《ᠠᠵᠤ ᠠᠬᠤᠢᠯᠠᠯ + ᠬᠤᠷᠰᠢᠶ᠎ᠠ + ᠵᠢᠮᠢᠰ᠎ᠦᠨ ᠲᠠᠷᠢᠶᠠᠴᠢᠨ + ᠵᠢᠵᠢᠭ ᠬᠦᠷᠢᠶᠡᠯᠡᠩ》 ᠤ᠋ᠨ ᠬᠣᠯᠪᠤᠭᠠᠯᠠᠨ ᠬᠥᠳᠡᠯᠦᠯᠴᠡᠬᠦ ᠵᠠᠭᠪᠤᠷ᠎ᠢᠶᠠᠷ ᠳᠠᠮᠵᠢᠭᠤᠯᠵᠤ᠂ ᠲᠠᠷᠢᠬᠤ᠂ ᠪᠣᠯᠪᠠᠰᠤᠷᠠᠭᠤᠯᠬᠤ᠂ ᠪᠣᠷᠣᠯᠠᠭᠤᠯᠬᠤ ᠪᠦᠬᠦ ᠬᠡᠯᠬᠢᠶ᠎ᠡ ᠵᠢ ᠨᠡᠪᠲᠡᠷᠡᠭᠦᠯᠪᠡ᠃ ᠣᠳᠣᠬᠠᠨ᠎ᠳᠤ᠂ ᠭᠧᠦ ᠮᠧᠨ ᠪᠠᠯᠭᠠᠰᠤᠨ᠎ᠤ ᠬᠦᠢᠯᠡᠰᠦ ᠵᠢᠨ ᠤᠯᠠᠷᠢᠯ᠎ᠤᠨ ᠪᠣᠷᠤᠯᠠᠭᠤᠯᠭ᠎ᠠ᠎ᠶᠢᠨ ᠠᠰᠢᠭ᠋ ᠬᠣᠨᠵᠢᠪᠤᠷᠢ 30% ᠪᠡᠷ ᠳᠡᠭᠡᠭᠰᠢᠯᠡᠵᠦ᠂ 200 ᠭᠠᠷᠤᠢ ᠵᠢᠮᠢᠰ᠎ᠦᠨ ᠲᠠᠷᠢᠶᠠᠴᠢᠨ ᠰᠢᠰᠲ᠋ᠧᠮ ᠲᠠᠢ ᠪᠣᠯᠪᠠᠰᠤᠷᠠᠯ ᠬᠦᠷᠲᠡᠵᠦ᠂ 50 ᠨᠡᠷᠡᠰ ᠨᠤᠲᠤᠭ᠎ᠤᠨ ᠮᠡᠷᠭᠡᠵᠢᠯ᠎ᠦᠨ ᠭᠣᠣᠯᠯᠠᠭ᠍ᠴᠢ ᠬᠦᠴᠦᠨ ᠢ᠋ ᠬᠦᠮᠦᠵᠢᠬᠦᠯᠵᠡᠢ᠃

 ᠬᠦᠷᠢᠶ᠎ᠡ ᠬᠣᠰᠢᠭᠤᠨ᠎ᠳᠤ᠂ ᠰᠠᠭᠠᠭ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠨᠢ 68 ᠰᠢᠯᠢᠳᠡᠭ ᠡᠭᠦᠯᠳᠡᠷ᠎ᠢ ᠣᠷᠣᠭᠤᠯᠵᠤ᠂ 《ᠲᠦᠩᠺᠦ᠋ ᠬᠣᠶᠠᠳᠤᠭᠠᠷ ᠨᠣᠮᠧᠷᠲᠤ》 ᠵᠡᠷᠭᠡ ᠥᠨᠳᠥᠷ ᠤᠨᠠᠯᠲᠠ᠎ᠲᠠᠢ᠂ ᠭᠠᠩ᠎ᠳᠤ ᠲᠡᠰᠪᠦᠷᠢᠲᠡᠢ ᠰᠠᠢᠨ ᠡᠭᠦᠯᠳᠡᠷ᠎ᠢ ᠰᠣᠩᠭᠣᠵᠤ᠂ ᠮᠦ᠍ ᠪᠦᠷᠢ᠎ᠶᠢᠨ ᠤᠨᠠᠯᠲᠠ ᠨᠢ ᠥᠩᠭᠡᠷᠡᠭᠰᠡᠨ᠎ᠳᠦ 200 ᠵᠢᠩ ᠬᠦᠷᠬᠦ ᠦᠭᠡᠢ ᠪᠠᠢᠭᠰᠠᠨ᠎ᠠᠴᠠ᠎ᠪᠠᠨ 320 ᠵᠢᠩ ᠪᠣᠯᠣᠨ ᠳᠡᠭᠡᠭᠰᠢᠯᠡᠵᠡᠢ᠃ ᠪᠦᠯᠬᠦᠮ ᠎ᠦᠨ ᠬᠢᠨ 《ᠨᠣᠬᠠᠢ᠎ᠶᠢᠨ ᠬᠣᠰᠢᠭᠤ + ᠰᠠᠭᠠᠭ》 ᠲᠠᠬᠢᠨ ᠲᠠᠷᠢᠬᠤ ᠵᠠᠭᠪᠤᠷ ᠎ᠢ ᠠᠩᠬ᠎ᠠ ᠡᠭᠦᠳᠴᠦ᠂ 2600 ᠮᠦ᠍ ᠵᠢᠱ᠌ᠢᠶ᠎ᠡ ᠦᠵᠡᠭᠦᠯᠬᠦ ᠲᠠᠷᠢᠶ᠎ᠠ᠎ᠶᠢ ᠵᠢᠯ᠎ᠳᠦ ᠬᠣᠶᠠᠷ ᠤᠳᠠᠭ᠎ᠠ ᠪᠣᠯᠪᠠᠰᠤᠷᠠᠭᠤᠯᠬᠤ᠎ᠶᠢ ᠪᠡᠶᠡᠯᠡᠭᠦᠯᠵᠦ᠂ ᠨᠣᠬᠠᠢ᠎ᠶᠢᠨ ᠬᠣᠰᠢᠭᠤ᠎ᠶᠢᠨ ᠡᠪᠡᠰᠦᠨ᠎ᠦ ᠮᠦ᠍ ᠪᠦᠷᠢ᠎ᠶᠢᠨ ᠤᠨᠠᠯᠲᠠ 1000 ᠺᠢᠯᠣᠭ᠌ᠷᠠᠮ᠎ᠢ ᠳᠠᠪᠠᠵᠤ᠂ ᠰᠠᠭᠠᠭ᠎ᠤᠨ ᠤᠨᠠᠯᠲᠠ 300 ᠵᠢᠩ ᠳ᠋ᠤ ᠲᠣᠭᠲᠠᠪᠤᠷᠢᠵᠢᠵᠤ᠂ ᠡᠪᠡᠰᠦ ᠪᠣᠷᠳᠣᠭ᠎ᠠ ᠪᠣᠯᠣᠨ ᠠᠮᠤ ᠪᠤᠳᠠᠭᠠᠨ᠎ᠤ ᠭᠠᠵᠠᠷ ᠪᠤᠯᠢᠶᠠᠯᠳᠤᠬᠤ ᠵᠥᠷᠢᠴᠡᠯ᠎ᠢ ᠰᠢᠢᠳᠪᠦᠷᠢᠯᠡᠪᠡ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠵᠢᠵᠢᠭ ᠬᠦᠷᠢᠶᠡᠯᠡᠩ᠎ᠤᠨ ᠬᠢᠨ ᠪᠠᠰᠠ ᠰᠧᠯᠧᠨ ᠡᠯᠪᠡᠭ ᠰᠠᠭᠠᠭ᠎ᠤᠨ ᠲᠠᠷᠢᠮᠠᠯ ᠲᠠᠷᠢᠬᠤ ᠪᠠ ᠨᠠᠷᠢᠯᠢᠭ᠋ ᠡᠳ᠋ᠰᠢᠭᠦᠯᠬᠦ᠎ᠶᠢ ᠠᠬᠢᠭᠤᠯᠵᠤ᠂ ᠰᠠᠭᠠᠭ᠎ᠤᠨ ᠭᠤᠯᠢᠷ᠂ ᠰᠠᠭᠠᠭ᠎ᠤᠨ ᠴᠠᠢ ᠵᠡᠷᠭᠡ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠲᠠᠷᠢᠶᠠᠴᠢᠨ ᠡᠷᠦᠬᠡ ᠎ᠶᠢᠨ ᠮᠦ᠍ ᠪᠦᠷᠢ᠎ᠶᠢᠨ ᠣᠷᠣᠯᠭ᠎ᠠ᠎ᠶᠢ 800 ᠲᠥᠭᠥᠷᠢᠭ ᠨᠡᠮᠡᠭᠳᠡᠭᠦᠯᠵᠡᠢ᠃ 2025 ᠣᠨ ᠎ᠳᠤ ᠲᠤᠰ ᠵᠢᠵᠢᠭ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠪᠠᠭ᠎ᠠ ᠬᠦᠷᠢᠶᠡᠯᠡᠩ᠎ᠢᠶᠡᠷ ᠦᠨᠡᠯᠡᠭᠳᠡᠵᠦ᠂ ᠪᠦᠬᠦ ᠣᠷᠣᠨ᠎ᠤ ᠬᠡᠪ ᠳᠠᠭᠤᠷᠢᠶᠠᠯ ᠪᠣᠯᠤᠭᠰᠠᠨ ᠪᠠᠢᠨ᠎ᠠ᠃

 ᠣᠨᠴᠠᠯᠢᠭ᠍ᠲᠤ ᠠᠵᠤ ᠦᠢᠯᠡᠰ᠎ᠦᠨ 《ᠬᠡᠯᠬᠢᠶ᠎ᠡ》 ᠪᠡᠷ ᠲᠦᠭ ᠲᠦᠮᠡᠨ ᠠᠢᠯ ᠡᠷᠦᠬᠡ᠎ᠶᠢ ᠲᠠᠢᠴᠢᠯᠠᠪᠠ

 ᠣᠷᠴᠣᠨ᠎ᠤ ᠦᠪᠡᠷᠳᠡᠭᠡᠨ ᠵᠠᠰᠠᠬᠤ ᠬᠣᠰᠢᠭᠤᠨ ᠳ᠋ᠸ᠋ ᠢᠳᠡᠭᠡᠨ᠎ᠦ ᠮᠦᠬᠦ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠦᠨ ᠵᠢᠵᠢᠭ ᠬᠦᠷᠢᠶᠡᠯᠡᠩ ᠨᠢ ᠲᠤᠬᠠᠢ᠎ᠶᠢᠨ ᠭᠠᠵᠠᠷ᠎ᠤᠨ ᠣᠶ ᠎ᠶᠢᠨ ᠬᠣᠷᠮᠣᠢ᠎ᠶᠢᠨ ᠡᠬᠢ ᠪᠠᠶᠠᠯᠢᠭ᠋ ᠎ᠲᠤ ᠲᠦᠰᠢᠭᠯᠡᠨ᠂ ᠮᠦᠬᠦ᠎ᠶᠢᠨ ᠪᠠᠭᠠᠨᠠᠴᠢᠷ ᠦᠢᠯᠡᠳᠪᠦᠷᠢᠯᠡᠬᠦ᠂ ᠰᠠᠭᠤᠷᠢᠨ ᠭᠠᠵᠠᠷ ᠎ᠤᠨ ᠬᠠᠮᠢᠶᠠᠷᠤᠯᠲᠠ ᠬᠠᠮᠠᠭᠠᠯᠠᠯᠲᠠ᠎ᠠᠴᠠ ᠲᠣᠯᠣᠭᠠᠢᠯᠠᠨ ᠪᠣᠷᠣᠯᠠᠭᠤᠯᠬᠤ ᠬᠦᠷᠲᠡᠯᠡᠬᠢ ᠪᠦᠬᠦ ᠶᠠᠪᠤᠴᠠ᠎ᠶᠢᠨ ᠪᠠᠷᠢᠮᠵᠢᠶ᠎ᠠ᠎ᠶᠢ ᠲᠣᠭᠲᠠᠭᠠᠵᠠᠢ᠃ ᠪᠦᠬᠦ ᠰᠢᠶᠠᠨ᠎ᠤ 8 ᠰᠢᠶᠠᠩ ᠪᠠᠯᠭᠠᠰᠤᠨ᠎ᠤ 61 ᠲᠣᠰᠬᠣᠨ᠂ 45 ᠲᠣᠰᠬᠣᠨ᠎ᠤ ᠬᠠᠮᠲᠤ ᠨᠡᠢ᠍ᠢᠳᠡ ᠪᠠ 200 ᠭᠠᠷᠤᠢ ᠲᠠᠷᠢᠶᠠᠴᠢᠨ ᠡᠷᠦᠬᠡ᠎ᠶᠢ ᠳᠠᠢ᠍ᠢᠴᠢᠯᠠᠨ ᠣᠷᠣᠯᠴᠠᠭᠤᠯᠵᠤ᠂ ᠪᠦᠬᠦ ᠠᠵᠤ ᠦᠢᠯᠡᠰ᠎ᠦᠨ ᠬᠡᠯᠬᠢᠶ᠎ᠡ᠎ᠳᠦ 1537 ᠬᠥᠮᠥᠨ᠎ᠢ ᠳᠠᠳᠠᠨ ᠠᠵᠢᠯ ᠣᠯᠭᠣᠵᠤ᠂ ᠲᠠᠷᠢᠶᠠᠴᠢᠨ ᠡᠷᠦᠬᠡ᠎ᠶᠢᠨ ᠵᠢᠯ ᠳᠤᠮᠳᠠᠴᠢ᠎ᠶᠢᠨ ᠣᠷᠣᠯᠭ᠎ᠠ 7500 ᠲᠥᠭᠥᠷᠢᠭ ᠨᠡᠮᠡᠭᠳᠡᠨ᠂ ᠡᠴᠦᠰ᠎ᠤᠨ ᠪᠣᠯᠪᠠᠰᠤᠷᠠᠭᠤᠯᠬᠤ ᠭᠣᠭᠴᠣᠭ᠎ᠠ᠎ᠶᠢᠨ ᠬᠥᠮᠥᠨ ᠳᠤᠮᠳᠠᠴᠢ᠎ᠶᠢᠨ ᠣᠷᠣᠯᠭ᠎ᠠ 2500 ᠲᠥᠭᠥᠷᠢᠭ ᠨᠡᠮᠡᠭᠳᠡᠵᠦ᠂ ᠵᠢᠵᠢᠭ ᠳᠡᠯᠳᠡᠦ ᠵᠢᠩᠬᠢᠨᠢ᠎ᠪᠡᠷ 《ᠲᠣᠮᠣ᠌ ᠠᠵᠤ ᠦᠢᠯᠡᠰ》 ᠪᠣᠯᠪᠠ᠃

 ᠡᠵᠡᠨ ᠬᠣᠷᠣᠭ᠎ᠠ ᠬᠣᠰᠢᠭᠤᠨ᠎ᠤ ᠰᠠᠷᠭᠠᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠵᠢᠵᠢᠭ ᠬᠦᠷᠢᠶᠡᠯᠡᠩ ᠨᠢ 《ᠦᠵᠡᠰᠬᠦᠯᠡᠩᠲᠦ ᠠᠵᠤ ᠠᠬᠤᠢ》 ᠶ᠋ᠢ ᠠᠷᠠᠳ᠎ᠢ ᠪᠠᠶᠠᠵᠢᠭᠤᠯᠬᠤ ᠥᠯᠢᠭᠡᠷ ᠬᠡᠪ ᠪᠣᠯᠭᠠᠭᠰᠠᠨ ᠪᠠᠢᠨ᠎ᠠ᠃ ᠵᠢᠵᠢᠭ ᠬᠦᠷᠢᠶᠡᠯᠡᠩ ᠎ᠤᠨ ᠬᠢᠨ ᠰᠠᠷᠭᠠᠢ᠎ᠶᠢᠨ ᠦᠷ᠎ᠡ ᠡᠳ᠋᠎ᠦᠨ ᠡᠬᠢ ᠪᠠᠶᠠᠯᠢᠭ᠋᠎ᠢ 830 ᠬᠤᠪᠢ ᠴᠤᠭᠯᠠᠭᠤᠯᠵᠤ᠂ 8700 ᠭᠠᠷᠤᠢ ᠮᠦ᠍ ᠭᠣᠣᠯ ᠲᠠᠷᠢᠮᠠᠯ᠎ᠤᠨ ᠣᠷᠣᠨ᠎ᠢ ᠪᠦᠲᠦᠭᠡᠨ ᠪᠠᠢᠭᠤᠯᠵᠤ᠂ ᠰᠠᠷᠭᠠᠢ᠎ᠶᠢᠨ ᠮᠥᠰᠥᠨ ᠠᠷᠢᠬᠢ᠂ ᠡᠰ᠎ᠦᠨ ᠰᠢᠩᠭᠡᠨ᠂ ᠨᠢᠭᠤᠷ᠎ᠤᠨ ᠵᠤᠯᠤᠮ᠎ᠠ᠂ ᠶᠧᠪᠡᠩ ᠵᠡᠷᠭᠡ ᠨᠠᠷᠢᠯᠢᠭ᠋ ᠡᠳ᠋ᠰᠢᠭᠦᠯᠦᠭᠰᠡᠨ 10 ᠭᠠᠷᠤᠢ ᠵᠦᠢᠯ᠎ᠦᠨ ᠦᠢᠯᠡᠳᠬᠦᠨ᠎ᠢ ᠨᠡᠭᠡᠭᠡᠨ ᠬᠥᠭᠵᠢᠭᠦᠯᠵᠦ᠂ ᠨᠡᠮᠡᠯᠲᠡ ᠥᠷᠲᠡᠭ᠎ᠢ ᠨᠢ 3 ᠠ᠋ᠴᠠ 5 ᠳᠠᠬᠢᠨ᠎ᠢᠶᠠᠷ ᠳᠡᠭᠡᠭᠰᠢᠯᠡᠭᠦᠯᠪᠡ᠃ 《ᠮᠣᠩᠭᠣᠯ ᠶᠤᠸᠠᠨ᠎ᠤ ᠰᠠᠷᠭᠠᠢ》 ᠨᠠᠷᠠᠲᠤ ᠲᠡᠮᠳᠡᠭᠲᠦ ᠨᠢ ᠱᠧᠨᠵᠧᠨ᠎ᠦ ᠰᠣᠶᠣᠯ᠎ᠤᠨ ᠦᠵᠡᠰᠬᠦᠯᠡᠩ᠎ᠦᠨ ᠴᠤᠭᠯᠠᠭᠠᠨ᠎ᠳᠤ ᠣᠷᠣᠯᠴᠠᠭᠰᠠᠨ᠎ᠤ ᠳᠠᠷᠠᠭ᠎ᠠ ᠵᠠᠬᠢᠶᠠᠯᠠᠭ᠎ᠠ ᠨᠢ ᠳᠠᠰᠤᠷᠠᠯᠳᠠ ᠦᠬᠡᠢ ᠨᠡᠮᠡᠭᠳᠡᠪᠡ᠃  ᠴᠡᠴᠡᠭᠯᠡᠬᠦ ᠬᠤᠭᠤᠴᠠᠭᠠᠨ᠎ᠳᠤ ᠲᠣᠭᠣᠷᠢᠨ ᠦᠵᠡᠬᠦ᠂ ᠰᠢᠨᠵᠢᠯᠡᠬᠦ ᠤᠬᠠᠭᠠᠨ ᠢ᠋ ᠲᠦᠬᠡᠮᠡᠯᠵᠢᠬᠦᠯᠬᠦ ᠰᠤᠳᠤᠯᠤᠨ ᠰᠤᠷᠤᠯᠴᠠᠬᠤ ᠵᠡᠷᠭᠡ ᠲᠠᠷᠢᠶᠠᠯᠠᠩ ᠵᠢᠭᠤᠯᠴᠢᠯᠠᠯ᠎ᠤᠨ ᠠᠭᠤᠰᠤᠯᠴᠠᠯ᠎ᠤᠨ ᠲᠥᠷᠥᠯ ᠵᠦᠢᠯ ᠨᠢ 300 ᠭᠠᠷᠤᠢ ᠡᠷᠦᠬᠡ᠎ᠶᠢ ᠳᠠᠶ᠋ᠢᠴᠢᠯᠠᠨ ᠣᠷᠣᠯᠴᠠᠭᠤᠯᠵᠤ᠂ ᠡᠷᠦᠬᠡ ᠪᠦᠷᠢ᠎ᠶᠢᠨ ᠵᠢᠯ᠎ᠦᠨ ᠳᠤᠮᠳᠠᠴᠢ ᠣᠷᠣᠯᠭ᠎ᠠ᠎ᠵᠢ 2 ᠲᠦᠮᠡᠨ ᠲᠥᠭᠥᠷᠢᠭ᠎ᠨᠡᠮᠡᠭᠳᠡᠬᠦᠯᠵᠡᠢ᠃ ᠵᠢᠵᠢᠭ ᠬᠦᠷᠢᠶᠡᠯᠡᠩ ᠨᠢ ᠪᠠᠰᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳ᠋ᠣᠺᠲ᠋ᠣᠷᠠᠨᠲ᠎ᠤᠨ ᠰᠢᠨ᠎ᠡ᠎ᠶᠢ ᠡᠭᠦᠳᠬᠦ ᠦᠷᠳᠡᠬᠡ ᠪᠣᠯᠣᠨ ᠣᠷᠳᠣᠰ ᠬᠤᠳᠡ᠎ᠶᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠢ ᠮᠡᠷᠭᠡᠵᠢᠯᠲᠡᠨ ᠴᠢᠳᠠᠪᠤᠷᠢᠲᠠᠨ᠎ᠤ ᠠᠵᠢᠯ᠎ᠤᠨ ᠦᠷᠳᠡᠬᠡ᠎ᠪᠡᠷ ᠵᠡᠷᠭᠡ ᠪᠡᠷ ᠵᠥᠪᠰᠢᠶᠡᠷᠡᠭᠳᠡᠵᠦ᠂ ᠭᠠᠩ ᠬᠠᠭᠤᠷᠠᠢ ᠬᠠᠭᠠᠰ ᠭᠠᠩ ᠬᠠᠭᠤᠷᠠᠢ ᠭᠠᠵᠠᠷ ᠣᠷᠣᠨ᠎ᠤ ᠣᠨᠴᠠᠯᠢᠭ᠍ᠲᠤ ᠠᠵᠤ ᠠᠬᠤᠢ᠎ᠶᠢᠨ ᠤᠢ᠎ᠶᠢᠨ ᠬᠥᠭᠵᠢᠯᠲᠡ᠎ᠳᠦ ᠬᠠᠭᠤᠯᠪᠤᠷᠢᠯᠠᠵᠤ ᠪᠣᠯᠬᠤ《ᠪᠣᠬᠢᠷᠲᠤᠯ ᠦᠭᠡᠢ ᠵᠠᠭᠪᠤᠷ》 ᠢ᠋ ᠬᠠᠩᠭᠠᠪᠠ᠃

 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠨᠢ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠎ᠢ ᠨᠢᠭᠡ ᠴᠣᠭᠴᠠᠵᠢᠭᠤᠯᠤᠭᠰᠠᠨ 《ᠬᠥᠳᠡᠭᠡ ᠠᠵᠤ ᠠᠬᠤᠢ ᠬᠥᠳᠡᠭᠡ ᠲᠣᠰᠬᠣᠨ ᠮᠠᠯᠴᠢᠨ ᠲᠠᠷᠢᠶᠠᠴᠢᠨ》ᠳ᠋ᠤ᠌ ᠦᠢᠯᠡᠴᠢᠯᠡᠬᠦ ᠳᠠᠪᠴᠠᠩ ᠪᠤᠯᠤᠨ᠎ᠠ᠃ ᠲᠠᠪᠤᠨ ᠵᠢᠯ᠎ᠦᠨ ᠲᠤᠷᠰᠢ᠂ ᠥᠪᠥᠷ ᠮᠣᠩᠭᠣᠯ᠎ᠤᠨ ᠳᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠵᠢᠡᠷ ᠬᠣᠯᠪᠣᠭᠠᠰᠤ ᠪᠣᠯᠭᠠᠵᠤ᠂ ᠪᠠᠭ᠍ᠰᠢ ᠰᠤᠷᠤᠭ᠍ᠴᠢᠳ᠎ᠢ ᠦᠨᠡᠨ ᠬᠦ᠌ ᠠᠵᠤ ᠦᠢᠯᠡᠰ᠎ᠦᠨ ᠵᠢᠩᠬᠢᠨᠢ ᠠᠰᠠᠭᠤᠳᠠᠯ᠎ᠢ ᠰᠢᠢᠳᠪᠦᠷᠢᠯᠡᠬᠦ᠎ᠳᠤ ᠤᠷᠤᠯᠴᠠᠭᠤᠯᠵᠠᠢ᠃ ᠳᠡᠭᠡᠳᠦ ᠰᠤᠷᠭᠠᠭᠤᠯᠢ ᠨᠢ ᠤᠷᠲᠦ ᠬᠤᠭᠤᠴᠠᠭ᠎ᠠ᠎ᠪᠠᠷ 100 ᠰᠢᠬᠠᠮ ᠰᠤᠷᠤᠭᠴᠢ ᠵᠢ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠵᠢᠵᠢᠭ ᠬᠦᠷᠢᠶᠡᠯᠡᠩ ᠳ᠋ᠤ ᠰᠠᠭᠤᠯᠭᠠᠵᠤ᠂ ᠡᠯ᠎ᠡ ᠲᠦᠷᠦᠯ ᠎ᠦᠨ ᠮᠡᠷᠭᠡᠵᠢᠯ᠎ᠦᠨ ᠪᠣᠯᠪᠠᠰᠤᠷᠠᠯ᠎ᠢ 100 ᠰᠢᠬᠠᠮ ᠲᠠᠯᠠᠪᠠᠢ ᠥᠷᠨᠢᠭᠦᠯᠵᠦ᠂ ᠮᠠᠯᠴᠢᠨ ᠲᠠᠷᠢᠶᠠᠴᠢᠨ ᠎ᠢ 4000 ᠭᠠᠷᠤᠢ ᠬᠥᠮᠥᠨ ᠤᠳᠠᠭ᠎ᠠ ᠬᠠᠮᠤᠷᠴᠤ᠂ ᠲᠤᠰ ᠭᠠᠵᠠᠷ ᠣᠷᠣᠨ᠎ᠤ ᠮᠡᠷᠭᠡᠵᠢᠯ ᠎ᠦᠨ ᠭᠣᠣᠯᠯᠠᠭ᠍ᠴᠢ ᠬᠦᠴᠦᠨ ᠪᠠ ᠰᠢᠨ᠎ᠡ ᠬᠡᠯᠪᠡᠷᠢ᠎ᠶᠢᠨ ᠡᠵᠡᠩᠨᠡᠯᠲᠡ᠎ᠶᠢᠨ ᠭᠣᠣᠯ ᠴᠣᠭᠴᠠ᠎ᠶᠢ 300 ᠭᠠᠷᠤᠢ ᠬᠥᠮᠥᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠦᠷ᠎ᠡ ᠪᠦᠲᠦᠭᠡᠯ᠎ᠢ 20 ᠭᠠᠷᠤᠢ ᠵᠦᠢᠯ ᠤᠨᠳᠤᠤᠰᠢᠭᠤᠯᠵᠠᠢ᠃ ᠨᠠᠩ ᠴᠢᠬᠤᠯᠠ ᠨᠢ᠂ 《ᠶᠡᠬᠡ ᠳᠡᠭᠡᠳᠦ ᠰᠤᠷᠭᠠᠭᠤᠯᠢ + ᠠᠵᠤ ᠠᠬᠤᠢᠯᠠᠯ + ᠵᠠᠰᠠᠭ᠎ᠤᠨ ᠣᠷᠳᠣᠨ + ᠲᠠᠷᠢᠶᠠᠴᠢᠨ ᠡᠷᠦᠬᠡ》 ᠵᠢᠨ ᠬᠠᠮᠵᠢᠯᠴᠠᠬᠤ ᠲᠣᠭᠲᠠᠴᠠ ᠨᠢ ᠠᠵᠤ ᠠᠬᠤᠢᠯᠠᠯ᠎ᠤᠨ ᠮᠡᠷᠭᠡᠵᠢᠯ ᠎ᠦᠨ ᠪᠣᠭᠣᠮᠢ᠎ᠶᠢ ᠰᠢᠢᠳᠪᠦᠷᠢᠯᠡᠭᠰᠡᠨ᠎ᠢᠶᠡᠷ ᠪᠠᠷᠠᠬᠤ ᠦᠭᠡᠢ᠂ ᠪᠠᠰᠠ ᠰᠤᠷᠤᠭ᠍ᠴᠢᠳ᠎ᠤᠨ ᠦᠢᠯᠡᠳᠦᠯᠭᠡ᠎ᠶᠢᠨ ᠴᠢᠳᠠᠪᠤᠷᠢ᠎ᠶᠢ ᠲᠠᠪᠳᠠᠨ ᠪᠣᠯᠪᠠᠰᠤᠷᠠᠭᠤᠯᠵᠤ᠂ ᠨᠠᠩ ᠴᠤ᠌ ᠮᠠᠯᠴᠢᠨ ᠲᠠᠷᠢᠶᠠᠴᠢᠨ ᠳ᠋ᠤ ᠠᠰᠢᠭ ᠬᠦᠷᠳᠡᠬᠡᠭᠰᠡᠨ ᠪᠠᠢᠨ᠎ᠠ᠃ ᠳᠠᠷᠠᠭᠠᠴᠢ ᠪᠡᠷ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ ᠎ᠦᠨ ᠬᠡᠷᠡᠭᠴᠡᠭᠡ ᠵᠢᠨ ᠳᠤᠭᠤᠷᠢᠨ ᠳ᠋ᠤ ᠨᠠᠩ ᠣᠯᠠᠨ ᠪᠠᠭ᠍ᠰᠢ ᠰᠤᠷᠤᠭ᠍ᠴᠢᠳ᠎ᠤᠨ ᠦᠨᠳᠦᠰᠦᠨ ᠱᠠᠲᠤᠨ᠎ᠳᠤ ᠭᠦᠨᠵᠡᠭᠡᠢᠷᠡᠬᠦ᠎ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠡᠴᠡᠭ᠎ᠢ ᠲᠠᠯ᠎ᠠ ᠨᠤᠲᠤᠭ᠎ᠲᠤ ᠳᠡᠯᠬᠡᠷᠡᠬᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号