ᠦᠪᠤᠷ ᠮᠤᠡᠭᠭᠤᠯ ᠤ᠋ᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠭᠤᠤᠯ ᠰᠡᠳᠦᠪᠲᠦ ᠪᠠᠷᠢᠮᠲᠠᠲᠤ ᠪᠢᠴᠢᠯ ᠺᠢᠨᠣ᠋ 《ᠨᠤᠲᠤᠭ·ᠪᠠᠷᠢᠯᠲᠤᠯᠭ᠎ᠠ》 ᠨᠡᠢᠲᠡᠯᠡᠭᠳᠡᠵᠡᠢ
2026-06-03 10:14:05
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠡ᠎ᠳᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠲᠦᠰᠤᠪᠯᠡᠨ ᠵᠢᠯᠣᠭᠣᠳᠴᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠭᠠᠨ ᠬᠡᠷᠡᠭ᠌ᠯᠡᠭᠡᠨ᠎ᠦ ᠲᠥᠪ (ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠰᠡᠳᠬᠦᠯ᠎ᠦᠨ ᠬᠣᠷᠢᠶ᠎ᠠ) ᠪᠤᠯᠤᠨ ᠬᠥᠬᠡᠬᠣᠲᠠ᠎ᠶ᠋ᠢᠨ ᠬᠠᠮ ᠵᠠᠭᠤᠴᠢᠯᠠᠭᠤᠷ᠎ᠤᠨ ᠲᠥᠪ ᠬᠠᠮᠲᠤᠷᠠᠨ ᠦᠶ᠋ᠯᠡᠳᠦᠭ᠌ᠰᠡᠨ ᠦᠨᠳᠦᠰᠦᠲᠡᠨ᠎ᠦ  ᠪᠦᠯᠬᠦᠮᠳᠡᠯ ᠳᠠᠪᠱᠢᠯᠲᠠ᠎ᠶ᠋ᠢᠨ ᠭᠤᠤᠯ ᠰᠡᠳᠦᠪᠲᠦ ᠪᠠᠷᠢᠮᠲᠠᠲᠤ ᠪᠢᠴᠢᠯ ᠺᠢᠨᠣ᠋ 《ᠨᠤᠲᠤᠭ·ᠪᠠᠷᠢᠯᠲᠤᠯᠭ᠎ᠠ》 ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠢ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ  ᠬᠣᠱᠢᠭᠤᠨ᠎ᠤ ᠫᠢᠩ ᠠᠨ ᠲᠣᠰᠭᠣᠨ᠎ᠳᠤ ᠶᠠᠪᠤᠬᠳᠠᠭᠤᠯᠪᠠ᠃

ᠤᠢᠯᠠᠭᠠᠭᠰᠠᠨ ᠶ᠋ᠢᠡᠷ᠂ ᠺᠢᠨᠣ᠋᠎ᠨᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ ᠴᠢ ᠱᠢᠶᠣᠤ ᠵᠢᠩ᠎ᠦᠨ ᠦᠨᠡᠨ ᠪᠣᠳᠠᠲᠠᠶ ᠥᠩᠭᠡᠷᠡᠯᠲᠡ᠎ᠪᠡᠷ ᠪᠤᠷᠤ ᠮᠠᠲᠸᠷᠢᠶᠠᠯ ᠪᠣᠯᠭᠠᠵᠤ᠂ ᠰᠢᠡᠭᠬᠡᠬᠡᠯᠲᠠ ᠵᠢᠨ ᠮᠠᠰᠢᠨ ᠶ᠋ᠢᠡᠷ ᠵᠠᠯᠠᠭᠤ ᠨᠠᠰᠤᠨ ᠤ᠋ ᠨᠠᠮᠠᠷᠢ ᠬᠠᠨᠲᠢᠪ᠎ᠢ ᠲᠠᠯᠬᠡᠵᠤ᠂ ᠵᠢᠱ᠌ᠢᠶᠡᠴᠢ ᠵᠢᠨ ᠥᠯᠢᠭᠡᠷ᠎ᠢᠶᠡᠷ ᠣᠭ ᠰᠠᠨᠠᠭ᠎ᠠ᠎ᠪᠠᠨ ᠪᠠᠲᠤ ᠰᠠᠬᠢᠬᠤ᠎ᠶ᠋ᠢ ᠲᠠᠢᠯᠪᠤᠷᠢᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠲᠡᠮᠡᠴᠡᠯ᠎ᠦᠨ ᠵᠢᠷᠤᠭᠯᠠᠯ᠎ᠢ ᠠᠮᠢᠳᠤᠯᠢᠭ᠎ᠢᠶᠠᠷ ᠢᠯᠡᠷᠡᠭᠦᠯᠵᠠᠢ; ᠰᠣᠨᠢᠨ ᠮᠡᠳᠡᠭᠡ ᠨᠡᠢᠲᠡᠯᠡᠬᠦ᠌ ᠬᠤᠷᠠᠯ᠎ᠤᠨ ᠠᠬᠤᠶ ᠲᠠᠯᠠᠪᠠᠶ᠎ᠳᠤ 《ᠨᠤᠲᠤᠭ·ᠪᠠᠷᠢᠯᠲᠤᠯᠭ᠎ᠠ》 ᠺᠢᠨᠣ᠋ ᠵᠢᠨ ᠠᠩᠬ᠎ᠠ ᠨᠠᠪᠲᠠᠷᠠᠬᠦᠯᠬᠦ ᠶᠣᠰᠣᠯᠠᠯ᠎ᠢ ᠵᠡᠷᠭᠡ ᠪᠡᠷ ᠶᠠᠪᠤᠭ᠍ᠳᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠬᠣᠯᠪᠣᠭ᠍ᠳᠠᠯ ᠪᠥᠬᠥᠶ ᠨᠥᠬᠥᠳ᠂ ᠲᠤᠬᠠᠶ᠎ᠶ᠋ᠢᠨ ᠭᠠᠵᠠᠷ᠎ᠤᠨ ᠤᠬᠠᠭᠤᠯᠬᠤ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ᠂ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠡᠲᠡᠭᠡᠳ᠎ᠦᠨ ᠲᠥᠯᠥᠭᠡᠯᠡᠭ᠌ᠴᠢᠳ᠂ ᠡᠯ᠎ᠡ ᠡᠲᠡᠭᠡᠳ᠎ᠦᠨ ᠣᠯᠠᠨ ᠲᠦᠮᠡᠨ᠎ᠦ ᠲᠥᠯᠥᠭᠡᠯᠡᠭ᠌ᠴᠢᠳ᠂ ᠵᠠᠭᠤᠴᠢᠯᠠᠭᠤᠷ ᠎ᠤᠨ  ᠠᠵᠢᠯᠲᠠᠳ ᠬᠠᠮᠲᠤ᠎ᠪᠠᠷ ᠺᠢᠨᠣ᠋ ᠵᠢ ᠦᠵᠡᠪᠡ᠃

ᠳᠠᠨᠢᠯᠴᠠᠭᠤᠯᠭ᠎ᠠ ᠵᠢ ᠦᠨᠳᠦᠰᠦᠯᠡᠪᠡᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠭᠤᠤᠯ ᠰᠡᠳᠦᠪᠲᠦ ᠪᠠᠷᠢᠮᠲᠠᠲᠤ ᠪᠢᠴᠢᠯ ᠺᠢᠨᠣ᠋ ᠵᠢ ᠲᠦᠰᠤᠪᠯᠠᠨ ᠦᠶ᠋ᠯᠡᠳᠬᠦ᠌ ᠪᠣᠯ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠦᠴᠦᠨ᠎ᠢ ᠪᠠᠳᠠᠷᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠥᠯᠢᠭᠡᠷ᠎ᠢ ᠰᠠᠢᠲᠤᠷ ᠶᠠᠷᠢᠬᠤ ᠴᠢᠬᠤᠯᠠ ᠠᠷᠭ᠎ᠠ ᠬᠡᠮᠵᠢᠶ᠎ᠡ ᠮᠦᠨ᠃ ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ ᠨᠢᠭᠡᠴᠢ᠂ ᠬᠤᠪᠢ ᠬᠥᠮᠦᠨ᠎ᠦ ᠦᠶ᠋ᠯᠡ ᠠᠵᠢᠯᠯᠠᠭ᠎ᠠ᠎ᠶ᠋ᠢ ᠤᠯᠠᠮ ᠨᠢᠭᠡ ᠠᠯᠬᠤᠮ ᠠᠭᠤᠳᠠᠯᠵᠤ᠂ ᠣᠯᠠᠨ ᠲᠦᠮᠡᠨ᠎ᠦ 《ᠳᠡᠷᠭᠡᠳᠡᠬᠢ ᠬᠥᠮᠦᠨ》 ᠶ᠋ᠢᠡᠷ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 《ᠳᠡᠷᠭᠡᠳᠡᠬᠢ ᠶᠠᠪᠤᠳᠠᠯ》᠎ᠢ᠋ ᠰᠠᠢᠲᠤᠷ ᠶᠠᠷᠢᠭᠤᠯᠵᠤ᠂ ᠦᠨᠳᠦᠰᠦᠨ ᠱᠠᠲᠤᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠬᠠᠮᠲᠤ᠎ᠪᠠᠷ ᠪᠦᠯᠬᠦᠮᠳᠡᠨ ᠲᠡᠮᠡᠴᠡᠬᠦ᠌᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠭᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号