《ᠠᠨᠠᠷ ᠎ᠤᠨ ᠦᠷ᠎ᠠ ᠵᠢᠨ ᠵᠢᠵᠢᠭ ᠪᠠᠩᠬᠢ》 ᠵᠢᠨ ᠶᠡᠭᠡ ᠦᠢᠯᠡᠳᠦᠯ
2026-06-03 16:19:56
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

 ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠢᠳᠡᠪᠬᠢᠲᠡᠢ ᠣᠷᠣᠯᠴᠠᠭ᠍ᠰᠠᠨ᠎ᠠᠴᠠ᠂ 5 ᠰᠠᠷ᠎ᠠ᠎ᠶ᠋ᠢᠨ 19 ᠤ᠋ ᠡᠳᠦᠷ᠂ ᠲᠦᠩᠯᠢᠶᠣᠤ ᠬᠤᠳᠠ᠎ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠱᠧᠪᠡᠷᠳᠤ ᠪᠠᠯᠭᠠᠰᠤᠨ ᠎ᠤ  ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠲᠠᠪᠤᠳᠤᠭᠠᠷ ᠣᠨ᠎ᠤ  ᠰᠤᠷᠤᠭᠴᠢ ᠺᠦᠩ ᠸᠸᠨ ᠱᠢᠨ ᠥᠪᠡᠷ᠎ᠦᠨ ᠬᠦᠰᠡᠵᠤ ᠰᠠᠨᠠᠭᠰᠠᠨ ᠬᠤᠪᠢ ᠬᠤᠷᠠᠮᠳᠤᠭᠤᠯᠬᠤ ᠺᠠᠷᠲ᠎ᠢᠶᠠᠨ ᠣᠯᠬᠤ ᠵᠢᠨ ᠬᠠᠮᠳᠤ 40 ᠬᠤᠪᠢ ᠲᠡᠮᠳᠡᠭᠯᠡᠬᠦᠯᠵᠡᠢ᠃ ᠳᠠᠷᠠᠭ᠎ᠠ ᠡᠳᠦᠷ᠎ᠦᠨ ᠬᠢᠨᠢ ᠦᠳᠡ᠎ᠶ᠋ᠢᠨ ᠡᠮᠦᠨ᠎ᠡ ᠲᠡᠷᠡ ᠰᠤᠷᠭᠠᠭᠤᠯᠢ᠎ᠶ᠋ᠢᠨ᠎ᠢᠶᠠᠨ 《ᠠᠨᠠᠷ᠎ᠤᠨ ᠦᠷ᠎ᠡ᠎ᠶ᠋ᠢᠨ ᠵᠢᠵᠢᠭ ᠪᠠᠩᠬᠢ》ᠳ᠋ᠤ ᠥᠪᠡᠷ᠎ᠦᠨ ᠤᠯᠤᠭᠰᠠᠨ 40 ᠬᠤᠪᠢ᠎ᠪᠠᠨ ᠬᠠᠳᠠᠭᠠᠯᠠᠪᠠ᠃


QQ20260603-161918.png


《ᠠᠨᠠᠷ᠎ᠤᠨ ᠦᠷ᠎ᠡ᠎ᠶ᠋ᠢᠨ ᠵᠢᠵᠢᠭ ᠪᠠᠩᠬᠢ》 ᠫᠠᠢᠰᠠ ᠡᠯᠭᠦᠯ᠎ᠠ 


 《ᠠᠨᠠᠷ᠎ᠤᠨ ᠦᠷ᠎ᠡ᠎ᠶ᠋ᠢᠨ ᠵᠢᠵᠢᠭ ᠪᠠᠩᠬᠢ》 ᠨᠢ 《ᠨᠢᠭᠡ ᠺᠠᠷᠲ᠎ᠨᠢᠭᠡ ᠲᠠᠪᠳᠡᠷ᠂ ᠭᠤᠷᠪᠠᠨ ᠱᠠᠲᠤ᠎ᠪᠠᠷ ᠲᠠᠰ ᠳᠡᠪᠱᠢᠭᠦᠯᠬᠦ᠌》ᠪᠦᠷᠢᠨ ᠪᠦᠲᠦᠨ ᠱᠢᠰᠲ᠋ᠧᠮ᠎ᠢ ᠪᠠᠢᠭᠤᠯᠵᠤ᠂ ᠰᠣᠷᠣᠭ᠍ᠴᠢ ᠨᠢᠭᠡᠪᠦᠷᠢ᠎ᠳᠦ ᠲᠤᠰᠭᠠᠶ ᠬᠠᠷᠢᠶᠠᠯᠠᠭ᠍ᠳᠠᠬᠤ《ᠠᠨᠠᠷ᠎ᠤᠨ ᠦᠷ᠎ᠡ᠎ᠶ᠋ᠢᠨ ᠦᠰᠦᠨ ᠪᠣᠢᠵᠢᠯᠲᠠ᠎ᠶ᠋ᠢᠨ ᠬᠠᠳᠠᠭᠠᠯᠠᠮᠵᠢ᠎ᠶ᠋ᠢᠨ ᠳᠡᠪᠲᠡᠷ》 ᠵᠤᠬᠢᠶᠠᠨ ᠦᠭᠴᠤ᠂ ᠤᠯᠠᠪᠤᠷ᠂ ᠨᠣᠭᠣᠭᠠᠨ᠂ ᠬᠥᠬᠡ᠂ ᠱᠢᠷ᠎ᠠ᠂ ᠬᠦᠷᠡᠩ᠂ ᠤᠯᠠᠭᠠᠨ ᠵᠡᠷᠭᠡ ᠲᠤᠯᠤᠭᠠᠨ ᠥᠩᠭᠡ᠎ᠶ᠋ᠢᠨ ᠠᠵᠢᠯᠯᠠᠭᠠᠨ᠎ᠤ ᠺᠠᠷᠲ ᠳᠣᠭᠢᠷᠠᠭᠤᠯᠵᠤ᠂ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌᠂ ᠬᠢᠴᠢᠶᠠᠯ ᠰᠤᠷᠤᠯᠭ᠎ᠠ ᠳ᠋ᠠᠭᠠᠨ ᠰᠢᠮᠳᠠᠬᠤ᠂ ᠡᠷᠬᠢᠮ ᠲᠡᠭᠡᠳᠦ ᠶᠤᠰᠤ ᠰᠤᠷᠳᠠᠬᠤᠨ᠎ᠢ ᠪᠤᠢ ᠪᠤᠯᠭᠠᠬᠤ᠂ ᠬᠠᠢᠨ ᠰᠥᠪᠡᠭ᠌ᠴᠢᠯᠡᠯᠲᠡ ᠬᠢᠬᠦ᠂ ᠦᠭᠡᠳᠡᠷᠭᠡᠭ ᠪᠠᠶᠠᠰᠤᠨᠭᠭᠤᠢ ᠤᠪᠤᠷ ᠲᠠᠢ ᠪᠠᠢᠬᠤ᠂ ᠬᠦᠳᠡᠯᠮᠤᠷᠢ ᠵᠢ ᠬᠠᠢᠷᠠᠯᠠᠬᠤ᠂ ᠴᠤᠪᠤᠭᠤ ᠲᠡᠭᠵᠢᠨ ᠪᠠᠢᠬᠤ ᠵᠡᠷᠭᠡ ᠲᠤᠯᠤᠭᠠᠨ ᠶᠡᠬᠡ ᠦᠰᠦᠨ ᠪᠣᠢᠵᠢᠯᠲᠠ ᠎ᠶ᠋ᠢ ᠬᠠᠮᠤᠷᠤᠭᠰᠠᠨ ᠪᠠᠢᠨ᠎ᠠ᠃ ᠬᠢᠴᠢᠶᠡᠯ᠎ᠦᠨ ᠲᠠᠩᠬᠢᠮ᠎ᠳᠤ ᠢᠳᠡᠪᠬᠢᠲᠡᠶ᠎ᠪᠡᠷ ᠠᠰᠠᠭᠤᠯᠳᠠ ᠬᠠᠷᠢᠭᠤᠯᠵᠤ᠂ ᠰᠠᠨᠠᠭᠠᠴᠢᠯᠠᠭ᠎ᠠ᠎ᠠᠴᠠ᠎ᠪᠠᠨ ᠬᠠᠮᠲᠤ ᠨᠦᠬᠦᠳ᠎ᠢᠶᠠᠨ ᠬᠠᠪᠰᠤᠷᠴᠤ᠂ ᠪᠡᠶ᠎ᠡ᠎ᠶ᠋ᠢᠨ ᠲᠠᠮᠢᠷ᠎ᠤᠨ ᠬᠦᠳᠡᠯᠭᠡᠭᠡᠨ ᠳ᠋ᠤ ᠢᠳᠡᠪᠬᠢᠳᠠᠢ ᠤᠷᠤᠯᠴᠠᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠵᠡᠷᠭᠡ ᠡᠯ᠎ᠡ ᠲᠠᠯ᠎ᠠ᠎ᠪᠠᠷ ᠱᠢᠯᠢᠳᠡᠭ ᠢᠯᠡᠷᠡᠯ᠎ᠲᠡᠶ ᠯᠡ ᠶᠤᠮ ᠪᠣᠯ ᠪᠠᠭ᠍ᠰᠢ ᠨᠠᠷ ᠡᠴᠡ ᠴᠥᠮ ᠺᠠᠷᠲ ᠣᠯᠭᠣᠵᠤ ᠬᠤᠪᠢ ᠬᠤᠷᠠᠮᠳᠤᠭᠤᠯᠵᠤ ᠦᠭᠬᠦᠨ᠎ᠡ᠃ ᠳᠡᠳ᠋ ᠵᠠᠬᠢᠷᠤᠯ ᠸᠠᠩ ᠴᠦᠨ ᠱᠧᠩ᠂ 《ᠠᠨᠠᠷ᠎ᠤᠨ ᠦᠷ᠎ᠡ᠎ᠶ᠋ᠢᠨ ᠵᠢᠵᠢᠭ ᠪᠠᠩᠬᠢ》 ᠨᠢ ᠰᠤᠷᠤᠭ᠍ᠴᠢᠳ᠎ᠤᠨ ᠪᠦᠯᠬᠦᠮᠳᠠᠯ ᠳᠠᠪᠱᠢᠯᠲᠠ᠎ᠶ᠋ᠢ ᠲᠡᠮᠳᠡᠭ᠌ᠯᠡᠬᠦ᠌ ᠲᠠᠪᠴᠠᠩ ᠪᠣᠯᠬᠤ᠎ᠪᠠᠷ ᠪᠠᠷᠠᠬᠤ ᠥᠬᠡᠶ᠂ ᠪᠠᠰᠠ ᠰᠤᠷᠤᠭ᠍ᠴᠢᠳ᠎ᠢ ᠬᠠᠪᠰᠤᠷᠤᠨ ᠪᠤᠰᠤᠳ᠎ᠢ ᠬᠠᠯᠠᠮᠵᠢᠯᠠᠨ ᠬᠠᠢᠷᠠᠯᠠᠵᠤ᠂ ᠬᠠᠮᠵᠢᠯᠴᠠᠨ ᠬᠠᠮᠲᠤ᠎ᠪᠠᠷ ᠠᠱᠢᠭ ᠭᠥᠷᠳᠡᠬᠦ᠌᠎ᠶ᠋ᠢ ᠣᠢᠯᠠᠭᠠᠭᠤᠯᠵᠤ᠂ ᠬᠠᠮᠲᠤ᠎ᠶ᠋ᠢᠨ ᠢᠷᠠᠭᠤ ᠠᠯᠳᠠᠷ᠎ᠢ ᠨᠡᠩ ᠨᠠᠨᠳᠢᠩᠨᠠᠬᠤ ᠪᠤᠯᠭᠠᠨ᠎ᠠ ᠬᠡᠵᠡᠢ᠃


QQ20260603-161928.png


 ᠺᠠᠷᠲ ᠲᠸ᠋ ᠬᠤᠪᠢ ᠬᠤᠷᠠᠮᠳᠤᠭᠤᠯᠬᠤ ᠪᠡᠷ ᠮᠦᠷᠯᠡᠵᠦ ᠪᠤᠢ


ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠬᠡᠷᠬᠢᠨ ᠬᠡᠦᠬᠡᠳ᠎ᠦᠨ ᠰᠡᠳᠭᠢᠯ᠎ᠳᠦ ᠬᠦᠨ ᠦᠨᠳᠦᠰᠦᠯᠡᠭᠦᠯᠬᠦ᠌ ᠪᠤᠢ? ᠬᠠᠷᠢᠭᠤᠯᠲᠠ ᠨᠢ ᠤᠯᠠᠪᠤᠷ ᠥᠩᠭᠡ᠎ᠶ᠋ᠢᠨ ᠬᠦᠰᠡᠯ᠎ᠦᠨ ᠺᠠᠷᠲ᠎ᠲᠤ ᠪᠤᠢ᠃ ᠲᠤᠰ ᠺᠠᠷᠲ ᠲᠸ᠋ ᠬᠤᠪᠢ ᠬᠤᠷᠠᠮᠳᠤᠭᠤᠯᠬᠤ ᠬᠡᠪᠡᠯ᠂ ᠰᠤᠷᠤᠭ᠍ᠴᠢᠳ ᠡᠷᠬᠡᠪᠰᠢ ᠦᠨᠳᠦᠰᠦᠲᠡᠨ᠎ᠦ ᠪᠠᠶᠠᠷ ᠲᠤᠷᠠᠰᠬᠠᠯ᠎ᠤᠨ ᠡᠳᠦᠷ ᠪᠤᠶᠤ ᠵᠠᠩ ᠳᠠᠳᠭᠠᠯ᠎ᠢ ᠦᠢᠯᠠᠭᠠᠵᠤ ᠡᠵᠡᠮᠰᠢᠬᠦ᠎ᠶ᠋ᠢᠨ ᠬᠠᠮᠲᠤ᠂ ᠠᠳᠠᠯᠢ ᠪᠤᠰᠤ ᠦᠨᠳᠦᠰᠦᠲᠡᠨ᠎ᠦ ᠬᠠᠮᠲᠤ ᠰᠤᠷᠤᠭ᠍ᠴᠢᠳ᠎ᠲᠠᠶ ᠨᠥᠬᠥᠷᠰᠡᠭ᠎ᠢᠶᠡᠷ ᠰᠤᠯᠢᠯᠴᠠᠨ ᠶᠠᠪᠤᠯᠴᠠᠵᠤ᠂ ᠬᠠᠷᠢᠯᠴᠠᠨ ᠬᠠᠪᠰᠤᠷᠤᠯᠴᠠᠬᠤ ᠬᠡᠷᠡᠭ᠌ᠲᠡᠶ᠃《ᠬᠦᠰᠡᠯ᠎ᠦᠨ ᠺᠠᠷᠲ ᠪᠣᠯ〈ᠠᠨᠠᠷ᠎ᠤᠨ ᠦᠷ᠎ᠡ᠎ᠶ᠋ᠢᠨ ᠵᠢᠵᠢᠭ ᠪᠠᠩᠬᠢ〉ᠶ᠋ᠢᠨ ᠬᠠᠳᠠᠭᠠᠯᠠᠮᠵᠢ᠎ᠶ᠋ᠢᠨ ᠱᠢᠰᠲ᠋ᠧᠮ᠎ᠦᠨ ᠬᠣᠶᠠᠷ ᠶᠡᠬᠡ ᠰᠠᠭᠤᠷᠢ ᠺᠠᠷᠲ᠎ᠤᠨ ᠨᠢᠭᠡ ᠪᠣᠯᠤᠨ᠎ᠠ᠂ ᠲᠡᠷᠡ ᠨᠢ ᠨᠣᠭᠣᠭᠠᠨ ᠥᠩᠭᠡᠲᠡᠶ ᠰᠤᠷᠤᠯᠭ᠎ᠠ᠎ᠶ᠋ᠢᠨ ᠺᠠᠷᠲ᠎ᠲᠠᠶ ᠬᠠᠮᠲᠤ ᠪᠦᠬᠦ ᠰᠤᠷᠤᠭ᠍ᠴᠢᠳ᠎ᠤᠨ ᠠᠵᠢᠯᠯᠠᠭ᠎ᠠ᠎ᠳᠤ ᠣᠷᠣᠯᠴᠠᠬᠤ᠎ᠳᠤ ᠪᠦᠷᠢᠳᠭᠡᠬᠦᠯᠬᠦ ᠺᠠᠷᠲ ᠪᠣᠯᠤᠨ᠎ᠠ》ᠭᠡᠵᠦ᠍ ᠵᠢᠨ ᠵᠢᠩ ᠵᠢᠩ ᠬᠡᠯᠡᠭ᠌ᠰᠡᠨ᠎ᠢᠶᠡᠨ ᠵᠠᠯᠭᠠᠭᠠᠳ᠂ ᠢᠩᠭᠢᠵᠦ᠍ ᠳᠣᠭᠢᠷᠠᠭᠤᠯᠬᠤ ᠨᠢ ᠡᠳᠦᠷ ᠲᠤᠲᠤᠮ᠎ᠤᠨ ᠬᠢᠴᠢᠶᠡᠯ ᠰᠤᠷᠤᠯᠭ᠎ᠠ ᠲᠤᠮᠳᠠ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶ᠋ᠢ ᠰᠣᠷᠣᠭ᠍ᠴᠢ ᠨᠢᠭᠡᠪᠦᠷᠢ᠎ᠶ᠋ᠢᠨ ᠰᠡᠳᠭᠢᠯ ᠎ᠳᠦ ᠦᠨᠳᠦᠰᠦᠯᠡᠬᠦᠯᠵᠦ ᠴᠢᠳᠠᠨ᠎ᠠ ᠭᠡᠵᠡᠶ᠃

ᠳᠥᠷᠪᠡᠳᠦᠭᠡᠷ ᠣᠨ᠎ᠤ ᠰᠤᠷᠤᠭ᠍ᠴᠢ ᠬᠠᠢᠷ᠎ᠠ᠄《ᠰᠤᠷᠭᠠᠭᠤᠯᠢ 〈ᠠᠨᠠᠷ᠎ᠤᠨ ᠦᠷ᠎ᠡ᠎ᠶ᠋ᠢᠨ ᠵᠢᠵᠢᠭ ᠪᠠᠩᠬᠢ〉 ᠭᠠᠷᠭᠠᠭᠰᠠᠨ ᠡᠴᠡ ᠨᠠᠭᠠᠰᠢ ᠪᠢ ᠬᠢᠴᠢᠶᠡᠯ ᠲᠡᠭᠡᠷ᠎ᠠ ᠨᠠᠷᠢᠨ ᠬᠢᠨᠠᠮᠠᠭᠠᠢ ᠰᠣᠨᠣᠰᠴᠤ᠌᠂ ᠰᠠᠨᠠᠭᠠᠴᠢᠯᠠᠭ᠎ᠠ᠎ᠠᠴᠠ᠎ᠪᠠᠨ ᠬᠠᠮᠲᠤ ᠨᠥᠬᠥᠳ᠎ᠢᠶᠡᠨ ᠬᠠᠪᠰᠤᠷᠴᠤ᠌᠂ ᠬᠦᠳᠡᠯᠮᠤᠷᠢ ᠪᠠᠶ᠎ᠠ ᠵᠢᠨ ᠲᠠᠮᠢᠷ᠎ᠦᠨ ᠬᠦᠳᠡᠯᠭᠡᠭᠡᠨ᠎ᠳᠤ ᠤᠷᠤᠯᠴᠠᠬᠤ ᠳ᠋ᠤ ᠪᠦᠷ ᠬᠤᠪᠢ ᠬᠤᠷᠠᠮᠳᠤᠭᠤᠯᠵᠤ ᠪᠤᠯᠳᠠᠭ ᠪᠤᠯᠵᠠᠢ᠂ ᠪᠢ ᠰᠠᠢ᠌ᠨ ᠳᠠᠳᠭᠠᠯ᠎ᠲᠠᠶ ᠪᠣᠯᠤᠭ᠍ᠰᠠᠨ᠎ᠢᠶᠠᠷ ᠪᠠᠷᠠᠬᠤ ᠦᠭᠡᠢ᠂ ᠪᠠᠰᠠ ᠡᠯ᠎ᠡ ᠦᠨᠳᠦᠰᠦᠲᠡᠨ᠎ᠦ ᠪᠢᠴᠢᠬᠠᠨ ᠬᠠᠨᠢᠲᠠᠨ᠎ᠲᠠᠶ᠎ᠪᠠᠨ ᠬᠠᠮᠲᠤ᠎ᠪᠠᠷ ᠴᠢᠷᠮᠠᠢᠵᠤ᠂ ᠤᠯᠠᠨ᠎ᠢᠶᠠᠷ᠎ᠢᠶᠠᠨ ᠠᠨᠠᠷ᠎ᠤᠨ ᠦᠷ᠎ᠡ ᠱᠢᠭ ᠪᠦᠯᠬᠦᠮᠳᠡᠨ ᠨᠢᠭᠡ ᠬᠡᠷ᠎ᠦᠨ ᠬᠦᠮᠤᠨ ᠮᠡᠳᠤ ᠲᠤᠳᠤᠨᠤ ᠪᠠᠢᠨ᠎ᠠ》 ᠭᠡᠵᠦ᠍ ᠪᠠᠶᠠᠷᠳᠠᠢᠬᠠᠨ ᠶᠠᠷᠢᠪᠠ᠃ ᠠᠩᠭᠢ᠎ᠶ᠋ᠢᠨ ᠡᠷᠬᠢᠯᠡᠭ᠌ᠴᠢ ᠶᠠᠩ ᠯᠢ ᠱᠢᠶᠠ ᠄《ᠠᠨᠠᠷ᠎ᠤᠨ ᠦᠷ᠎ᠡ ᠎ᠶ᠋ᠢᠨ ᠵᠢᠵᠢᠭ ᠪᠠᠩᠬᠢ》ᠵᠢ ᠨᠡᠭᠡᠭᠡᠭ᠌ᠰᠡᠨ᠎ᠦ ᠲᠠᠷᠠᠭ᠎ᠠ  ᠰᠤᠷᠤᠭ᠍ᠴᠢᠳ ᠰᠠᠨᠠᠭᠠᠴᠢᠯᠠᠭ᠎ᠠ᠎ᠠᠴᠠ ᠎ᠪᠠᠨ ᠰᠠᠢᠨ ᠶᠠᠪᠤᠳᠠᠯ ᠬᠢᠵᠦ᠍᠂ ᠬᠠᠷᠢᠯᠴᠠᠨ ᠬᠠᠪᠰᠤᠷᠤᠯᠴᠠᠵᠤ᠂ ᠬᠢᠴᠢᠶᠡᠯ᠎ᠦᠨ ᠲᠠᠩᠬᠢᠮ᠎ᠤᠨ ᠰᠠᠬᠢᠯᠭ᠎ᠠ ᠪᠠᠲᠤ ᠪᠠ ᠡᠳᠦᠷ ᠲᠤᠲᠤᠮ᠎ᠤᠨ ᠦᠶ᠋ᠯᠡ ᠠᠵᠢᠯᠯᠠᠭ᠎ᠠ᠎ᠨᠢ ᠢᠯᠡᠳᠲᠡ ᠳᠠᠪᠱᠢᠯᠲᠠ᠎ᠲᠠᠶ ᠪᠣᠯᠪᠠ᠃ ᠬᠤᠷᠠᠮᠳᠤᠭᠤᠯᠭ᠎ᠠ ᠵᠢᠨ ᠬᠤᠪᠢ ᠨᠢ ᠬᠡᠦᠬᠡᠳ᠎ᠦᠨ ᠰᠠᠢᠨ ᠳᠠᠳᠭᠠᠯ᠎ᠲᠠᠶ ᠪᠣᠯᠬᠤ᠎ᠶ᠋ᠢ ᠵᠣᠷᠢᠭ᠍ᠵᠢᠭᠤᠯᠬᠤ᠎ᠪᠠᠷ ᠪᠠᠷᠠᠬᠤ ᠥᠬᠡᠶ᠂ ᠨᠠᠩ ᠴᠤ᠌ ᠦᠨᠳᠦᠰᠦᠲᠡᠨ᠎ᠨᠦᠭᠦᠳ᠎ᠦᠨ ᠰᠤᠷᠤᠭ᠍ᠴᠢᠳ ᠬᠠᠷᠢᠯᠴᠠᠨ ᠬᠠᠪᠰᠤᠷᠤᠯᠴᠠᠬᠤ ᠳᠤᠮᠳᠠ ᠨᠥᠬᠥᠷᠯᠡᠯ ᠵᠢᠡᠨ ᠵᠤᠵᠠᠭᠠᠳᠬᠠᠪᠠ ᠬᠡᠵᠠᠢ᠃

  《〈ᠠᠨᠠᠷ᠎ᠤᠨ ᠦᠷ᠎ᠡ〉 ᠨᠢ ᠪᠦᠯᠬᠦᠮᠳᠡᠯ᠂ ᠬᠠᠮᠲᠤ ᠪᠡᠷ ᠤᠷᠤᠭᠰᠢᠯᠠᠬᠤ ᠪᠠ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠨ᠎ᠠ》 ᠭᠡᠵᠦ᠍ ᠱᠸᠪᠷᠳᠤ ᠪᠠᠯᠭᠠᠰᠤᠨ᠎ᠤ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠨᠠᠮ᠎ᠤᠨ ᠶᠡᠷᠦᠩᠬᠡᠢ ᠡᠭᠦᠷ᠎ᠦᠨ ᠳᠡᠳ᠋ ᠱᠦᠵᠢ᠂ ᠰᠤᠷᠭᠠᠭᠤᠯᠢ᠎ᠶ᠋ᠢᠨ ᠵᠠᠬᠢᠷᠤᠯ ᠯᠢ ᠬᠣᠩ ᠱᠢᠶᠠ ᠬᠡᠪᠡ᠃ ᠲᠡᠷᠡ᠄ 《〈ᠠᠨᠠᠷ᠎ᠤᠨ ᠦᠷ᠎ᠡ᠎ᠶ᠋ᠢᠨ ᠵᠢᠵᠢᠭ ᠪᠠᠩᠬᠢ〉 ᠨᠢ  〈ᠳᠤᠮᠳᠠᠳᠤ᠎ᠶ᠋ᠢᠨ ᠦᠨᠳᠦᠰᠦᠲᠡᠨ ᠪᠣᠯ ᠨᠢᠭᠡ ᠭᠡᠷ᠎ᠪᠦᠯᠢ ᠮᠡᠳᠤ ᠲᠤᠳᠤᠨᠤ〉ᠭᠡᠬᠦ᠌ ᠤᠢ᠍ᠢᠯᠠᠭᠠᠭ᠍ᠳᠠᠬᠤᠨ᠎ᠢ ᠰᠤᠷᠤᠭ᠍ᠴᠢᠳ᠎ᠤᠨ ᠡᠳᠦᠷ ᠳᠤᠳᠤᠮ᠎ᠤᠨ ᠦᠭᠡ ᠶᠠᠷᠢᠶ᠎ᠠ ᠦᠢᠯᠡ ᠠᠵᠢᠯᠯᠠᠭ᠎ᠠ᠎ᠳ᠋ᠤ ᠠᠭᠤᠰᠭᠠᠵᠤ᠂ ᠬᠠᠮᠲᠤ ᠰᠤᠷᠤᠭ᠍ᠴᠢᠳ ᠎ᠢ ᠬᠦᠳᠦᠯᠦᠨ ᠳᠠᠭᠠᠭᠤᠯᠵᠤ ᠳᠡᠷᠭᠡᠳᠡᠬᠢ ᠵᠢᠵᠢᠭ ᠶᠠᠪᠤᠳᠠᠯ᠎ᠠᠴᠠ ᠭᠠᠷᠳᠠᠨ ᠬᠢᠵᠤ᠂ ᠤᠯᠤᠰ ᠎ᠢᠶᠠᠨ ᠬᠠᠢᠷᠠᠯᠠᠬᠤ᠂ ᠪᠦᠯᠬᠦᠮᠳᠡᠯ ᠲᠠᠪᠰᠢᠯᠳᠠ᠎ᠵᠢ ᠡᠷᠬᠢᠮᠯᠡᠬᠦ᠂ ᠴᠡᠪᠡᠷ ᠴᠠᠢᠯᠭᠠᠨ ᠰᠡᠳᠭᠢᠯ᠎ᠲᠡᠶ ᠪᠠᠢᠬᠤ ᠦᠵᠡᠯ ᠰᠠᠨᠠᠭᠠᠨ᠎ᠤ ᠰᠠᠭᠤᠷᠢ᠎ᠶ᠋ᠢ  ᠪᠠᠳᠤᠳᠬᠠᠨ᠂ ᠪᠠᠭᠠᠴᠤᠳ ᠬᠡᠦᠭᠡᠳ᠎ᠤᠨ ᠡᠷᠡᠬᠦᠯ ᠰᠠᠷᠠᠭᠤᠯ ᠢᠳᠡᠷᠡᠬᠦᠨ᠎ᠢᠶᠡᠷ ᠲᠤᠷᠨᠢᠨ ᠪᠣᠢᠵᠢᠬᠤ ᠳ᠋ᠤ ᠬᠦᠴᠦᠨ ᠨᠡᠮᠡᠷᠢᠯᠡᠨ᠎ᠠ》 ᠬᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号