《ᠠᠨᠠᠷ ᠎ᠤᠨ ᠬᠡᠯᠬᠢᠶ᠎ᠠ ᠵᠢᠱ᠌ᠢᠶᠡᠴᠢ ᠲᠡᠶ ᠬᠠᠮᠲᠤ ᠤᠷᠤᠭᠰᠢᠯᠠᠨᠠᠮ》 ᠰᠢᠷᠢᠰ ᠮᠡᠳᠡᠭᠡᠯᠡᠯ③ ᠠᠯᠲᠠᠨ ᠬᠢᠯᠢ ᠳ᠋ᠡᠬᠢ ᠠᠮᠤᠭᠤᠯᠠᠡᠭᠲᠤ ᠲᠠᠭᠤᠯᠠᠯ
2026-06-03 16:34:41
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠲᠠᠪᠤᠨ ᠰᠠᠷ᠎ᠠ᠎ᠶ᠋ᠢᠨ ᠤᠷᠢᠬᠠᠨ ᠰᠠᠯᠬᠢ ᠡᠭᠡ ᠭᠠᠵᠠᠷ᠎ᠢ ᠢᠯᠪᠢᠨ᠂ ᠠᠮᠢ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃

ᠦᠪᠠᠷᠲᠠᠬᠡᠨ ᠵᠠᠰᠠᠬᠤ ᠤᠷᠤᠨ ᠤ᠋ ᠤᠷᠤᠨ ᠨᠤᠲᠤᠭ ᠤ᠋ᠨ ᠦᠬᠡ ᠬᠡᠯᠡ ᠦᠰᠦᠭ ᠪᠢᠴᠢᠭ ᠤ᠋ᠨ ᠰᠤᠲᠤᠯᠭᠠᠨ ᠪᠠ ᠬᠡᠷᠡᠭᠯᠡᠬᠡᠨ ᠤ᠋ ᠲᠦᠪ ᠤ᠋ᠨ ᠬᠢᠨ ᠡᠴᠡ ᠵᠤᠬᠢᠶᠠᠨ ᠪᠠᠢᠭᠤᠯᠤᠨ ᠦᠷᠨᠢᠬᠦᠯᠵᠦ ᠪᠦᠬᠦᠢ《ᠠᠨᠠᠷ᠎ᠤᠨ ᠬᠡᠯᠬᠢᠶ᠎ᠠ·ᠵᠢᠱ᠌ᠢᠶᠡᠴᠢ ᠲᠠᠢ ᠬᠠᠮᠲᠤ ᠤᠷᠤᠭᠰᠢᠯᠠᠨᠠᠮ 》ᠦᠨᠳᠦᠰᠦᠳᠡᠨ᠎ᠤ ᠪᠦᠯᠬᠦᠮᠳᠡᠯ᠎ᠢ ᠠᠬᠢᠭᠤᠯᠬᠤ ᠲᠦᠷᠦᠯ ᠲᠡᠮᠳᠡᠭᠳᠦ ᠠᠵᠢᠯᠯᠠᠭ᠎ᠠ ᠤᠢᠷ᠎ᠠ ᠵᠢᠨ ᠡᠲᠤᠷ ᠬᠢᠯᠢ ᠵᠢᠨ ᠬᠤᠲᠠ — ᠡᠷᠢᠶᠠᠨ ᠬᠤᠳᠠ ᠳ᠋ᠤ ᠬᠦᠷ ᠬᠦᠭᠵᠢᠶᠠᠨ ᠲᠠᠢ ᠶᠠᠪᠤᠭ᠍ᠳᠠᠯ᠎ᠠ᠃ ᠥᠯᠢᠭᠡᠷ ᠳᠠᠭᠤᠷᠢᠶᠠᠯ᠎ᠢᠶᠠᠷ ᠬᠥᠲᠥᠯᠥᠨ ᠵᠢᠯᠤᠭᠤᠳᠴᠤ᠂ ᠪᠤᠳᠠᠳᠤ ᠠᠵᠢᠯᠯᠠᠭᠠᠨ ᠵᠢᠡᠷ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠦᠨᠳᠦᠰᠦᠲᠡᠨ ᠎ᠦ ᠪᠦᠯᠬᠦᠮᠳᠡᠯ᠎ᠦᠨ ᠴᠡᠴᠡᠬᠡᠰ᠎ᠢ ᠤᠮᠠᠷᠠᠲᠤ ᠬᠢᠯᠢ᠎ᠳᠦ ᠥᠩᠭᠡ ᠢᠯᠭᠠᠷᠠᠭᠤᠯᠤᠨ ᠳᠡᠯᠭᠡᠷᠡᠭᠦᠯᠦᠯ᠎ᠡ!


QQ20260603-163624.png


ᠦᠯᠢᠭᠡᠷ ᠵᠢᠱ᠌ᠢᠶᠡᠴᠢ ᠤᠬᠠᠭᠤᠯᠤᠨ ᠲᠠᠢᠯᠪᠤᠷᠢᠯᠠᠵᠤ ᠬᠥᠮᠦᠰ ᠎ᠦᠨ ᠰᠡᠳᠭᠢᠯ᠎ᠢ ᠨᠢᠭ᠍ᠲᠠᠷᠠᠭᠤᠯᠪᠠ

《〈ᠪᠦᠬᠦᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ〉ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠦᠯᠬᠦᠮᠳᠡᠨ ᠲᠡᠮᠡᠴᠡᠬᠦ᠌  ᠵᠢᠨ ᠬᠠᠤᠯᠢ ᠵᠢᠨ ᠪᠠᠲᠤᠯᠠᠭ᠎ᠠ ᠮᠥᠨ᠂ ᠵᠤᠷᠪᠤᠰ ᠨᠢᠭᠡᠪᠦᠷᠢ ᠨᠢ ᠴᠥᠮ ᠪᠢᠳᠡᠨ᠎ᠦ ᠰᠠᠢᠨ ᠰᠠᠢᠬᠠᠨ ᠠᠮᠢᠳᠤᠷᠠᠯ᠎ᠲᠠᠶ ᠬᠣᠯᠪᠣᠭ᠍ᠳᠠᠵᠤ ᠪᠠᠢᠳᠠᠭ!》 ᠲᠤᠰᠭᠠᠢ ᠰᠡᠳᠦᠪᠲᠦ ᠬᠢᠴᠢᠶᠡᠯ  ᠤ᠋ᠨ ᠠᠬᠤᠢ ᠲᠠᠯᠠᠪᠠᠢ᠎ᠳᠤ᠂ ᠡᠷᠢᠶᠡᠨ ᠬᠤᠳᠠ᠎ᠶ᠋ᠢᠨ ᠨᠠᠮ᠎ᠤᠨ ᠬᠣᠷᠢᠶ᠎ᠠ ᠵᠢᠨ ᠨᠠᠮ ᠎ᠤᠨ ᠰᠤᠷᠭᠠᠭᠤᠯᠢ᠎ᠶ᠋ᠢᠨ ᠳᠡᠳ᠋ ᠵᠠᠬᠢᠷᠤᠯ ᠹᠠᠨ ᠬᠣᠩ ᠶᠢᠩ᠎ᠦᠨ ᠲᠠᠢᠯᠤᠮᠵᠢ ᠭᠦᠨᠵᠡᠭᠡᠢ ᠪᠥᠭᠡᠳ ᠣᠢᠯᠠᠭᠠᠮᠵᠢᠲᠠᠢ ᠶᠠᠪᠤᠭ᠍ᠳᠠᠵᠤ᠂ ᠲᠠᠢᠰᠠᠨ᠎ᠤ ᠳᠣᠣᠷᠠᠬᠢ ᠦᠨᠳᠦᠰᠦᠲᠡᠨ᠎ᠨᠦᠭᠦᠳ ᠎ᠦᠨ ᠺᠠᠳ᠋ᠷ ᠤᠯᠠᠨ ᠲᠦᠮᠡᠨ ᠨᠠᠷᠢᠨ ᠬᠢᠨᠠᠮᠠᠭᠠᠢ ᠰᠣᠨᠣᠰᠴᠤ᠌᠂ ᠨᠠᠷᠢᠨ ᠬᠢᠨᠠᠮᠠᠭᠠᠢ ᠲᠡᠮᠳᠡᠭ᠌ᠯᠡᠯ ᠬᠢᠨ᠎ᠠ᠃ ᠬᠠᠤᠯᠢ ᠲᠣᠭ᠍ᠲᠠᠭᠠᠬᠤ ᠵᠣᠷᠢᠯᠲᠠ᠎ᠠᠴᠠ ᠦᠢᠯᠡᠳᠦᠯᠭᠡ᠎ᠶ᠋ᠢᠨ ᠱᠠᠭᠠᠷᠳᠠᠯᠭ᠎ᠠ ᠬᠦᠷᠲᠡᠯ᠎ᠡ᠂ ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ᠎ᠠᠴᠠ ᠬᠡᠷᠡᠭ᠎ᠦᠨ ᠵᠢᠱ᠌ᠢᠢ᠎ᠡ᠎ᠶ᠋ᠢᠨ ᠵᠠᠳᠠᠯᠤᠯᠲᠠ ᠬᠦᠷᠲᠡᠯ᠎ᠡ᠂ ᠱᠢᠰᠲ᠋ᠧᠮ᠎ᠲᠡᠶ ᠤᠬᠠᠭᠤᠯᠤᠨ ᠲᠠᠢᠯᠪᠤᠷᠢᠯᠠᠯᠳᠠ ᠨᠢ ᠬᠠᠤᠯᠢ᠎ᠪᠠᠷ ᠵᠠᠰᠠᠬᠤ ᠣᠢᠯᠠᠭᠠᠭ᠍ᠳᠠᠬᠤᠨ᠎ᠢ ᠬᠦᠮᠤᠰ ᠤ᠋ᠨ ᠰᠡᠳᠬᠢᠯ ᠳ᠋ᠤ ᠬᠠᠳᠠᠩᠱᠢᠭᠤᠯᠤᠨ᠎ᠠ ᠁ ᠃


QQ20260603-163634.png


ᠵᠢᠱ᠌ᠢᠶᠡᠴᠢ ᠵᠢᠨ ᠬᠦᠴᠦᠨ ᠤᠷᠤᠭ᠍ᠰᠢᠯᠠᠯᠲᠠ᠎ᠶ᠋ᠢᠨ ᠵᠠᠮ᠎ᠢ ᠭᠡᠷᠡᠯᠲᠦᠭᠦᠯᠦᠨ᠎ᠡ᠃ ᠪᠥᠬᠥ᠌ ᠣᠷᠣᠨ ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ᠂ ᠭᠡᠷᠡᠯᠠᠤᠳᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ ᠪᠤᠶᠠᠨ ᠥᠪᠡᠷ᠎ᠦᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠡᠭᠡᠯ ᠪᠣᠷᠣᠭ᠍ᠵᠢᠭᠤᠨ ᠦᠭᠡ ᠬᠡᠯᠡ᠎ᠪᠡᠷ ᠬᠠᠷᠢᠯᠴᠠᠨ ᠬᠠᠪᠰᠤᠷᠤᠯᠴᠠᠵᠤ᠂ ᠬᠡᠷ ᠣᠷᠣᠨ᠎ᠢᠶᠠᠨ ᠬᠠᠮᠲᠤ᠎ᠪᠠᠷ ᠪᠥᠲᠥᠭᠡᠨ ᠪᠠᠢᠭᠤᠯᠤᠭ᠍ᠰᠠᠨ ᠰᠡᠳᠭᠢᠯ ᠲᠤᠭᠳᠤᠯᠤᠭᠤᠯᠤᠮ᠎ᠠ ᠥᠯᠢᠭᠡᠷ᠎ᠵᠢᠡᠨ ᠬᠤᠪᠢᠶᠠᠯᠴᠠᠨ᠎ᠠ᠃  ᠬᠢᠯᠢ᠎ᠶ᠋ᠢᠨ ᠬᠠᠮᠠᠭᠠᠯᠠᠯᠲᠠ᠎ᠶ᠋ᠢᠨ ᠵᠡᠪᠰᠡᠭ᠌ᠲᠦ ᠴᠠᠭ᠍ᠳᠠᠭ᠎ᠠ᠎ᠠᠴᠠ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ ᠬᠦᠷᠲᠡᠯ᠎ᠡ᠂ ᠲᠡᠷᠡ ᠭᠣᠪᠢ ᠨᠤᠲᠤᠭ᠎ᠲᠤ 23 ᠵᠢᠯ ᠠᠵᠢᠯᠯᠠᠵᠤ᠂ 72.33 ᠺᠢᠯᠤᠮᠸᠲᠷ᠎ᠤᠨ ᠬᠢᠯᠢ᠎ᠶ᠋ᠢᠨ ᠱᠤᠭᠤᠮ ᠵᠢᠡᠷ ᠠᠶᠠᠯᠠᠵᠤ᠂ ᠬᠢᠯᠢ᠎ᠶ᠋ᠢᠨ ᠬᠥᠱᠢᠢ᠎ᠡ᠂  ᠮᠠᠯᠴᠢᠨ ᠡᠷᠦᠬᠡ ᠵᠢ ᠬᠤᠯᠪᠤᠨ᠂ ᠲᠤᠬᠠᠢ ᠵᠢᠨ ᠭᠠᠵᠠᠷ ᠣᠷᠣᠨ᠎ᠤ ᠠᠮᠤᠷ ᠲᠦᠪᠱᠢᠨ᠎ᠢ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠤᠪᠢ ᠬᠥᠮᠦᠨ᠂ ᠪᠦᠬᠦ᠌ ᠤᠯᠤᠰ᠎ᠤᠨ ᠲᠡᠷᠢᠭᠦᠨ᠎ᠦ ᠠᠵᠢᠯᠳᠠᠨ ᠵᠡᠷᠭᠡ ᠤᠯᠠᠨ ᠢᠷᠠᠭᠤ ᠠᠯᠳᠠᠷ᠎ᠢ ᠬᠦᠷᠳᠡᠪᠡ᠃ ᠲᠡᠷᠡ ᠲᠦᠷᠦᠭᠦᠯᠡᠨ 《ᠲᠠᠯ᠎ᠠ ᠨᠤᠲᠤᠭ᠎ᠤᠨ ᠹᠸᠩ ᠴᠢᠶᠣᠤ 》ᠮᠠᠶᠢᠭ᠎ᠤᠨ ᠦᠶ᠋ᠯᠡᠴᠢᠯᠡᠭᠡᠨ᠎ᠦ ᠲᠦᠷᠦᠯ ᠲᠡᠮᠳᠡᠭ ᠎ᠢ ᠡᠭᠦᠳᠴᠦ᠍᠂ ᠣᠯᠠᠨ ᠰᠠᠯᠠᠭ᠎ᠠ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡ ᠎ᠶ᠋ᠢ ᠵᠣᠬᠢᠶᠠᠨ ᠪᠠᠢᠭᠤᠯᠵᠤ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠂ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠌᠎ᠶ᠋ᠢ ᠪᠠᠢᠩᠭᠤ ᠥᠷᠨᠢᠭᠦᠯᠵᠦ᠍᠂ ᠪᠠᠲᠤ ᠲᠠᠡᠭᠭᠠᠷᠢᠭ ᠪᠠ ᠡᠭᠦᠷᠭᠡ ᠬᠠᠷᠢᠭᠤᠴᠠᠯᠭ᠎ᠠ᠎ᠪᠡᠷ᠎ᠢᠶᠡᠨ ᠮᠠᠯᠴᠢᠨ ᠲᠦᠮᠡᠨ᠎ᠦ 《ᠬᠠᠮᠠᠭᠠᠯᠠᠭ᠍ᠴᠢ》ᠪᠠ 《ᠳᠣᠲᠣᠨᠣ ᠬᠥᠮᠦᠨ》 ᠪᠤᠯᠪᠠ᠃ ᠠᠯᠢ ᠤᠯᠠᠨ ᠠᠮᠢᠳᠤᠯᠢᠭ ᠦᠯᠢᠭᠡᠷ ᠳᠠᠭᠤᠷᠢᠶᠠᠯ᠂ ᠠᠯᠢ ᠤᠯᠠᠨ ᠴᠢᠩ ᠦᠨᠡᠨᠴᠢ ᠦᠢᠯᠠ ᠠᠵᠢᠯᠯᠠᠭ᠎ᠠ ᠨᠢ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ》 ᠢᠲᠡᠭᠡᠯ ᠵᠣᠷᠢᠭ᠎ᠢ ᠨᠡᠩ ᠪᠠᠲᠤᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ  ᠰᠡᠳᠬᠢᠯ ᠳ᠋ᠤ ᠰᠠᠭᠤᠭᠳᠠᠮ᠎ᠠ ᠪᠦᠲᠦᠮᠵᠢᠲᠡᠢ ᠥᠷᠨᠢᠭᠦᠯᠬᠦ᠌᠎ᠶ᠋ᠢ ᠠᠬᠢᠭᠤᠯᠪᠠ᠃


QQ20260603-163652.png


ᠨᠠᠷᠢᠯᠢᠭ ᠣᠨᠣᠴᠠᠲᠠᠶ ᠦᠶ᠋ᠯᠡᠴᠢᠯᠡᠭᠡ ᠬᠦᠷᠭᠡᠵᠦ ᠠᠷᠠᠳ᠎ᠤᠨ ᠵᠤᠪᠠᠨᠢᠯ᠎ᠢ ᠰᠢᠢᠳᠪᠦᠷᠢᠯᠡᠪᠡ

《ᠥᠩᠭᠡᠷᠡᠭ᠌ᠰᠡᠨ᠎ᠳᠦ ᠢᠳᠡᠰᠢᠨ ᠨᠣᠭᠣᠭ᠎ᠠ ᠲᠠᠷᠢᠬᠤ᠎ᠳᠤ ᠪᠦᠷ ᠬᠠᠭᠤᠴᠢᠨ ᠲᠤᠷᠱᠢᠯᠭ᠎ᠠ᠎ᠳᠤ ᠪᠠᠨ ᠯᠠ ᠲᠦᠱᠢᠭ᠌ᠯᠡᠵᠦ᠍ ᠪᠠᠢᠵᠠᠢ᠂ ᠤᠳᠤ ᠲᠤᠰᠭᠠᠢ ᠮᠡᠷᠭᠡᠵᠢᠯᠲᠡᠳ ᠡᠴᠡ ᠵᠢᠭᠠᠨ ᠵᠢᠯᠤᠭᠤᠳᠴᠤ᠂  ᠲᠠᠷᠢᠵᠤ ᠠᠷᠠᠴᠢᠯᠠᠬᠤ ᠰᠢᠨ᠎ᠠ ᠮᠠᠲᠠᠯᠬᠡ ᠶ᠋ᠢ ᠤᠯᠠᠮᠵᠢᠯᠠᠵᠤ ᠪᠠᠢᠨ᠎ᠠ!》ᠭᠡᠵᠦ  ᠰᠠᠢᠡᠠᠤᠰᠤ ᠭᠠᠴᠠᠭᠠᠨ᠎ᠤ ᠮᠠᠯᠴᠢᠨ ᠲᠠᠷᠢᠶᠠᠴᠢᠨ ᠢᠳᠡᠱᠢᠨ ᠨᠣᠭᠣᠭ᠎ᠠ᠎ᠶ᠋ᠢᠨ ᠦᠷ᠎ᠡ ᠪᠠ ᠲᠠᠷᠢᠮᠠᠯ᠎ᠤᠨ ᠭᠠᠷ ᠳᠡᠪᠲᠡᠷ᠎ᠢ  ᠪᠠᠷᠢᠵᠤ᠂  ᠴᠢᠷᠠᠶ ᠳᠦᠭᠦᠷᠡᠩ ᠢᠨᠢᠶᠡᠮᠰᠦᠭ᠌ᠯᠡᠯ ᠲᠣᠳᠣᠷᠠᠭᠤᠯᠤᠨ ᠶᠠᠷᠢᠨ᠎ᠠ᠃  ᠥᠪᠥᠷ ᠮᠣᠩᠭᠣᠯ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠲᠤᠰᠭᠠᠶ ᠮᠡᠷᠭᠡᠵᠢᠯᠲᠡᠨ ᠲᠤᠬᠠᠶ᠎ᠶ᠋ᠢᠨ ᠭᠠᠵᠠᠷ᠎ᠤᠨ ᠠᠭᠤᠷ ᠠᠮᠢᠰᠭᠤᠯ ᠬᠥᠷᠥᠰᠥ᠍ ᠱᠢᠷᠣᠶ᠎ᠶ᠋ᠢᠨ ᠨᠥᠬᠥᠴᠡᠯ᠎ᠲᠡᠶ ᠤᠶᠠᠯᠳᠤᠭᠤᠯᠤᠨ᠂ ᠬᠦᠯᠡᠮᠵᠢ᠎ᠶ᠋ᠢᠨ ᠲᠠᠷᠢᠮᠠᠯ᠂ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠰᠡᠷᠭᠡᠢᠯᠡᠨ ᠵᠠᠰᠠᠬᠤ ᠵᠡᠷᠭᠡ ᠬᠡᠷᠡᠭ᠌ᠯᠡᠭᠡᠨ᠎ᠦ ᠮᠡᠷᠭᠡᠵᠢᠯ᠎ᠢ ᠲᠤᠬᠠᠶ᠎ᠶ᠋ᠢᠨ ᠭᠠᠵᠠᠷ᠎ᠲᠤᠨᠢ ᠬᠦᠷᠴᠦ ᠤᠬᠠᠭᠤᠯᠤᠨ ᠲᠠᠢᠯᠪᠤᠷᠢᠯᠠᠵᠤ᠂ ᠲᠠᠷᠢᠶᠠᠯᠠᠩ᠎ᠤᠨ ᠮᠡᠷᠭᠡᠵᠢᠯ᠎ᠦᠨ ᠪᠠᠭᠠᠵᠢ ᠬᠡᠷᠡᠭ᠌ᠰᠡᠯ ᠲᠠᠷᠬᠠᠭᠠᠨ  ᠲᠦᠭᠡᠭᠡᠵᠦ ᠂《ᠪᠠᠶᠠᠵᠢᠯ᠎ᠤᠨ ᠠᠵᠤ ᠠᠬᠤᠶ》 ᠶ᠋ᠢ ᠲᠠᠷᠢᠶᠠᠨ ᠭᠠᠵᠠᠷ᠎ᠲᠤ ᠬᠦᠷᠭᠡᠯ᠎ᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠶ᠋ᠯᠡᠴᠢᠯᠡᠭᠡ᠎ᠨᠢ ᠣᠯᠠᠨ ᠡᠱᠢᠵᠢᠭ᠌ᠰᠡᠨ ᠬᠦᠷᠢᠶ᠎ᠡ ᠴᠠᠷᠠᠭ᠎ᠠ᠎ᠶ᠋ᠢ ᠬᠠᠮᠤᠷᠴᠤ᠌᠂ ᠵᠣᠬᠢᠶᠠᠮᠠᠯ ᠣᠶᠤᠨ ᠴᠢᠳᠠᠪᠤᠷᠢ ᠵᠢᠨ  ᠪᠣᠯᠪᠠᠰᠤᠷᠠᠯ᠎ᠨᠢ ᠪᠠᠢᠭᠤᠯᠭ᠎ᠠ᠎ᠶ᠋ᠢᠨ ᠺᠠᠳ᠋ᠷ᠎ᠤᠨ ᠠᠵᠢᠯ᠎ᠤᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠵᠦ᠍᠂ ᠪᠠᠴᠢᠮ ᠪᠠᠢᠳᠠᠯ᠎ᠢ ᠠᠷᠭᠠᠴᠠᠭᠠᠬᠤ ᠪᠠᠴᠢᠮ ᠠᠪᠤᠷᠠᠯᠳᠠ ᠵᠢᠨ ᠰᠣᠷᠢᠯᠲᠠ᠎ᠨᠢ ᠣᠯᠠᠨ ᠲᠦᠮᠡᠨ᠎ᠦ ᠥᠪᠡᠷ᠎ᠢ᠎ᠪᠡᠨ ᠠᠪᠤᠷᠬᠠᠸ᠋ ᠴᠢᠳᠠᠪᠤᠷᠢ᠎ᠶ᠋ᠢ ᠨᠡᠮᠡᠭᠳᠡᠬᠦᠯᠵᠦ᠂ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ᠎ᠨᠢ ᠡᠯ᠎ᠡ ᠲᠥᠷᠥᠯ᠎ᠦᠨ ᠮᠡᠬᠡᠯᠡᠯ᠎ᠦᠨ ᠠᠷᠭ᠎ᠠ ᠵᠠᠮ᠎ᠢ ᠨᠠᠷᠢᠯᠢᠭ ᠵᠠᠳᠠᠯᠵᠤ᠂ ᠣᠯᠠᠨ ᠲᠦᠮᠡᠨ᠎ᠦ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠰᠠᠬᠢᠨ ᠬᠠᠮᠠᠭᠠᠯᠠᠪᠠ᠃ ᠲᠠᠷᠢᠶᠠᠨ ᠭᠠᠵᠠᠷ᠎ᠤᠨ ᠠᠵᠤ ᠦᠶ᠋ᠯᠡᠰ᠎ᠡᠴᠡ ᠠᠮᠤᠷ ᠠᠮᠤᠭᠤᠯᠠᠩ᠎ᠤᠨ ᠪᠥᠲᠥᠭᠡᠨ ᠪᠠᠢᠭᠤᠯᠤᠯᠲᠠ ᠬᠦᠷᠲᠡᠯ᠎ᠡ᠂ ᠠᠯᠪᠠᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠡᠴᠡ ᠠᠷᠠᠳ᠎ᠤᠨ ᠠᠮᠢᠳᠤᠷᠠᠯ᠎ᠢ ᠪᠠᠳᠤᠯᠠᠨ ᠰᠠᠢᠵᠢᠷᠠᠭᠤᠯᠬᠤ ᠬᠦᠷᠲᠡᠯ᠎ᠡ᠂ ᠪᠥᠬᠥ᠌ ᠲᠠᠯ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠴᠢᠯᠡᠭᠡ  ᠨᠢ ᠦᠨᠳᠦᠰᠦᠨ ᠱᠠᠲᠤᠨ᠎ᠤ ᠲᠤᠳᠠᠭᠤᠳᠠᠯ᠎ᠢ ᠰᠢᠢᠳᠪᠦᠷᠢᠯᠡᠵᠦ᠂ ᠬᠢᠯᠢ ᠬᠢᠵᠠᠭᠠᠷ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠵᠠᠢ᠃


QQ20260603-163705.png



ᠪᠤᠳᠠᠳᠠᠢ  ᠠᠰᠢᠭ ᠬᠦᠷᠳᠡᠭᠡᠨ ᠠᠷᠠᠳ᠎ᠤᠨ ᠰᠡᠳᠭᠢᠯ᠎ᠢ ᠳᠤᠯᠠᠭᠠᠴᠠᠭᠤᠯᠪᠠ



《 ᠭᠡᠷ᠎ᠦᠨ ᠡᠭᠦᠳᠡᠨ᠎ᠳᠦ ᠲᠤᠰᠭᠠᠶ ᠮᠡᠷᠭᠡᠵᠢᠯᠲᠡᠨ ᠢᠷᠠᠵᠤ ᠡᠪᠠᠳᠴᠢᠨ ᠡᠮᠬᠡᠭ᠎ᠢ ᠦᠵᠡᠵᠤ ᠦᠭᠬᠦᠯ᠎ᠠ ᠂ ᠦᠨᠡᠬᠡᠷ ᠳᠥᠭᠥᠮ ᠦᠵᠡᠬᠦᠯᠪᠠ!》ᠭᠡᠵᠦ᠍ ᠤᠯᠠᠭᠠᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠡᠷᠡᠭᠡᠢ ᠭᠠᠷᠭᠠᠨ ᠮᠠᠭ᠍ᠲᠠᠨ ᠰᠠᠢᠱᠢᠶᠠᠨ᠎ᠠ᠃ ᠡᠮᠴᠢᠯᠡᠭᠡᠨ᠎ᠦ ᠲᠤᠰᠭᠠᠶ ᠮᠡᠷᠭᠡᠵᠢᠯᠲᠡᠨ᠎ᠦ ᠪᠦᠯᠬᠦᠮ ᠤᠯᠠᠭᠠᠨ ᠨᠡᠢᠭᠡᠮ ᠲᠣᠭᠣᠷᠢᠭ᠂ ᠤᠮᠠᠷᠠᠲᠤ ᠬᠢᠯᠢ᠎ᠶ᠋ᠢᠨ ᠨᠡᠢᠭᠡᠮ ᠲᠣᠭᠣᠷᠢᠭ᠎ᠲᠤ ᠭᠦᠨᠵᠡᠭᠡᠢᠷᠡᠵᠦ᠍᠂ ᠡᠷᠡᠭᠦᠯ ᠮᠡᠨᠳᠦ᠍᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠂ ᠦᠨ᠎ᠡ ᠲᠥᠯᠥᠪᠦᠷᠢ ᠥᠬᠡᠶ᠎ᠪᠡᠷ ᠠᠯᠪᠠᠨ ᠵᠢᠷᠤᠮ᠎ᠤᠨ ᠡᠮᠴᠢᠯᠡᠭᠡ ᠬᠢᠬᠦ᠌ ᠪᠠ ᠨᠡᠢᠲᠡ᠎ᠶ᠋ᠢᠨ ᠠᠰᠠᠷᠠᠮᠵᠢ᠎ᠶ᠋ᠢᠨ ᠡᠷᠡᠬᠦᠯ᠎ᠤᠨ ᠪᠠᠢᠴᠠᠭᠠᠯᠲᠠ ᠬᠢᠵᠦ᠍᠂ ᠬᠠᠷᠢᠶ᠎ᠠ ᠣᠷᠣᠨ᠎ᠤ ᠰᠠᠭᠤᠭᠠᠯᠢ ᠠᠷᠠᠳ᠎ᠲᠤ ᠦᠨᠡᠨ ᠬᠦ᠌ ᠲᠥᠬᠥᠮ ᠦᠵᠡᠭᠦᠯᠵᠠᠢ᠃ ᠬᠠᠯᠠᠭᠤᠨ ᠰᠡᠳᠬᠢᠯᠳᠦ ᠠᠵᠤ ᠠᠬᠤᠢᠯᠠᠯ᠎ᠤᠨ ᠬᠢᠨ  ᠲᠣᠭ᠍ᠲᠠᠮᠠᠯ ᠳᠤᠯᠠᠭᠠᠨᠳᠤ ᠮᠠᠯ ᠤᠰᠤᠯᠠᠬᠤ ᠤᠶᠤᠨᠳᠤ ᠮᠠᠱᠢᠨ ᠬᠠᠨᠳᠢᠪᠯᠠᠵᠤ᠂ ᠡᠪᠦᠯ᠎ᠦᠨ ᠤᠯᠠᠷᠢᠯ᠎ᠳ᠋ᠤ ᠮᠠᠯ ᠤᠰᠤᠯᠠᠬᠤ ᠳ᠋ᠤ ᠬᠦᠴᠢᠷ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠬᠢᠯᠢ᠎ᠶ᠋ᠢᠨ ᠮᠠᠯ ᠠᠵᠤ ᠠᠬᠤᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠪᠡ᠃

《ᠠᠨᠠᠷ ᠎ᠤᠨ ᠬᠡᠯᠬᠢᠶ᠎ᠠ·ᠵᠢᠱ᠌ᠢᠶᠡᠴᠢ ᠲᠠᠢ ᠬᠠᠮᠲᠤ ᠤᠷᠤᠭᠰᠢᠯᠠᠨᠠᠮ》ᠲᠦᠷᠦᠯ ᠲᠡᠮᠳᠡᠭᠳᠦ ᠠᠵᠢᠯᠯᠠᠭ᠎ᠠ ᠵᠢᠨ ᠰᠣᠶᠣᠯ᠎ᠤᠨ ᠠᠵᠢᠯᠯᠠᠭ᠎ᠠ ᠪᠠᠰᠠ ᠭᠣᠢᠳᠠ ᠰᠠᠢᠬᠠᠨ ᠶᠠᠪᠤᠭ᠍ᠳᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ  ᠪᠡᠶᠡᠴᠢᠯᠡᠨ ᠣᠢᠯᠠᠭᠠᠬᠤ ᠲᠣᠭᠣᠷᠢᠨ ᠦᠵᠡᠭᠦᠯᠭᠡ᠂ ᠬᠠᠤᠯᠢ ᠎ᠪᠠᠷ ᠵᠠᠰᠠᠬᠤ ᠤᠳᠭ᠎ᠠ ᠤᠷᠠᠯᠢᠭ᠎ᠤᠨ ᠬᠠᠮᠲᠤᠷᠠᠭ᠍ᠰᠠᠨ ᠲᠣᠭ᠍ᠯᠠᠯᠲᠠ  ᠵᠢ ᠵᠠᠯᠭᠠᠭ᠎ᠠ ᠎ᠪᠠᠷ ᠥᠷᠨᠢᠬᠦᠯᠵᠤ᠂ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢᠨ ᠦᠷ᠎ᠡ ᠪᠦᠲᠦᠭᠡᠯ᠎ᠢ ᠲᠥᠪᠯᠡᠷᠡᠩᠭᠦᠢ ᠲᠠᠯᠬᠡᠨ ᠦᠵᠡᠬᠦᠯᠪᠠ᠃ ᠣᠯᠠᠨ᠎ᠢᠶᠠᠷ᠎ᠢᠶᠠᠨ ᠪᠠᠰᠠ ᠬᠢᠯᠢ  ᠵᠢᠨ ᠬᠠᠮᠠᠭᠠᠯᠠᠯᠳᠠ ᠵᠢᠨ ᠬᠠᠷᠠᠭᠤᠯ᠎ᠤᠨ ᠭᠠᠵᠠᠷ ᠲᠸ᠋ ᠬᠦᠷᠴᠦ᠍᠂ ᠬᠢᠯᠢ  ᠬᠠᠮᠠᠭᠠᠯᠠᠭᠴᠢᠳ᠎ᠤᠨ ᠭᠤᠶᠠᠴᠢ ᠥᠬᠡᠶ ᠵᠣᠷᠢᠭᠤᠯᠬᠤ ᠵᠣᠷᠢᠭ ᠰᠠᠨᠠᠭ᠎ᠠ᠎ᠶ᠋ᠢ ᠰᠤᠷᠤᠯᠴᠠᠨ᠂ ᠤᠯᠤᠰ᠎ᠢᠶᠠᠨ ᠬᠠᠢᠷᠠᠯᠠᠵᠤ ᠬᠢᠯᠢ ᠬᠢᠵᠠᠭᠠᠷ ᠵᠢᠡᠨ ᠰᠠᠬᠢᠨ ᠬᠠᠮᠠᠭᠠᠯᠠᠬᠤ᠂ ᠪᠦᠯᠬᠦᠮᠳᠡᠨ ᠲᠡᠮᠡᠴᠡᠬᠦ᠌ ᠢᠲᠡᠭᠡᠯ ᠵᠣᠷᠢᠭ ᠵᠢᠡᠨ ᠬᠦᠪᠴᠢᠯᠡᠵᠡᠢ᠃

ᠦᠪᠠᠷᠲᠠᠬᠡᠨ ᠵᠠᠰᠠᠬᠤ ᠤᠷᠤᠨ ᠤ᠋ ᠤᠷᠤᠨ ᠨᠤᠲᠤᠭ ᠤ᠋ᠨ ᠦᠬᠡ ᠬᠡᠯᠡ ᠦᠰᠦᠭ ᠪᠢᠴᠢᠭ ᠤ᠋ᠨ ᠰᠤᠲᠤᠯᠭᠠᠨ ᠪᠠ ᠬᠡᠷᠡᠭᠯᠡᠬᠡᠨ ᠤ᠋ ᠲᠦᠪ ᠤ᠋ᠨ ᠬᠠᠷᠢᠭᠤᠴᠠᠯᠭᠠᠲᠠᠨ ᠢᠯᠡᠷᠬᠡᠢᠯᠡᠬᠦ ᠳ᠋ᠡᠬᠡᠨ᠂ ᠲᠤᠰ ᠤᠳᠠᠭ᠎ᠠ᠎ᠶ᠋ᠢᠨ ᠠᠵᠢᠯᠯᠠᠭ᠎ᠠ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠠᠮᠢᠳᠤᠯᠢᠭ ᠦᠢᠯᠡᠳᠦᠯᠭᠡ ᠪᠠᠢᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ 《ᠲᠠᠪᠤᠨ ᠬᠠᠮᠲᠤ᠎ᠶ᠋ᠢᠨ ᠲᠠᠨᠢᠯᠲᠠ》ᠵᠢ ᠪᠦᠬᠦ᠌ ᠲᠠᠯ᠎ᠠ᠎ᠪᠠᠷ ᠨᠡᠮᠡᠭ᠌ᠳᠡᠭᠦᠯᠪᠡ᠃ ᠢᠷᠡᠭᠡᠳᠦᠶ᠎ᠳᠦ᠂《ᠠᠨᠠᠷ᠎ᠤᠨ ᠬᠡᠯᠬᠢᠶ᠎ᠠ·ᠵᠢᠱ᠌ᠢᠶᠡᠴᠢ ᠲᠠᠢ ᠬᠠᠮᠲᠤ ᠤᠷᠤᠭᠰᠢᠯᠠᠨᠠᠮ》 ᠲᠥᠷᠥᠯ ᠲᠡᠮᠳᠡᠭᠳᠦ ᠠᠵᠢᠯᠯᠠᠭ᠎ᠠ ᠵᠢ ᠦᠷᠭᠦᠯᠵᠢᠯᠡᠨ ᠬᠦᠨᠵᠡᠭᠡᠢᠷᠡᠬᠦᠯᠵᠦ᠂ ᠵᠢᠱ᠌ᠢᠶᠡᠴᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ᠂ ᠪᠦᠯᠬᠦᠮᠳᠡᠯ᠎ᠦᠨ ᠬᠦᠴᠦᠨ ᠎ᠢ ᠨᠢᠭᠳᠠᠷᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠲᠡᠶ ᠭᠠᠷ ᠬᠣᠯᠪᠣᠨ ᠮᠥᠷᠥ᠍ ᠵᠡᠷᠭᠡᠴᠡᠨ ᠤᠷᠤᠭ᠍ᠰᠢᠯᠠᠵᠤ᠂ ᠬᠢᠯᠢ ᠬᠢᠵᠠᠭᠠᠷ᠎ᠤᠨ ᠲᠣᠭ᠍ᠲᠠᠭᠤᠨ ᠬᠥᠭ᠌ᠵᠢᠯᠳᠡ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠴᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ ᠬᠡᠵᠠᠢ᠃


ᠰᠤᠷᠪᠤᠯᠵᠢᠯᠠᠭᠰᠠᠨ ᠤ᠋ ᠲᠠᠷᠠᠭ᠎ᠠ᠄

《ᠠᠨᠠᠷ᠎ᠤᠨ ᠬᠡᠯᠬᠢᠶ᠎ᠠ·ᠵᠢᠱ᠌ᠢᠶᠡᠴᠢ ᠲᠠᠢ ᠬᠠᠮᠲᠤ ᠤᠷᠤᠭᠰᠢᠯᠠᠨᠠᠮ》ᠭᠡᠬᠦ᠌ ᠠᠵᠢᠯᠯᠠᠭ᠎ᠠ ᠤᠢᠷ᠎ᠠ ᠵᠢᠨ ᠡᠲᠤᠷ ᠬᠢᠯᠢ ᠵᠢᠨ ᠬᠤᠲᠠ ᠡᠷᠢᠶᠠᠨ ᠬᠤᠳᠠ ᠳ᠋ᠤ ᠬᠦᠷ ᠬᠦᠭᠵᠢᠶᠠᠨ ᠲᠠᠢ ᠶᠠᠪᠤᠭ᠍ᠳᠠᠯ᠎ᠠ᠃  ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ᠂ ᠵᠢᠱ᠌ᠢᠶᠡᠴᠢ ᠦᠶ᠋ᠯᠡ ᠠᠵᠢᠯᠯᠠᠭ᠎ᠠ᠎ᠨᠤᠭᠤᠳ᠎ᠨᠢ ᠪᠦᠯᠬᠦᠮᠳᠡᠯ ᠎ᠦᠨ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠵᠤ᠂ ᠪᠦᠬᠦ ᠤᠷᠤᠨ ᠤ᠋ ᠦᠨᠲᠤᠰᠤᠲᠠᠨ ᠤ᠋ ᠪᠦᠯᠬᠦᠮᠲᠠᠯ ᠲᠠᠪᠰᠢᠯᠲᠠ ᠵᠢᠨ ᠵᠢᠱ᠌ᠢᠶᠡᠴᠢ ᠬᠤᠪᠢ ᠬᠦᠮᠤᠨ ᠪᠤᠶᠠᠨ ᠤ᠋ ᠬᠢᠯᠢ ᠬᠢᠵᠠᠭᠠᠷ ᠣᠷᠣᠨ᠎ᠳᠤ 20 ᠭᠠᠷᠤᠶ ᠵᠢᠯ ᠨᠤᠲᠤᠭ᠍ᠰᠢᠭᠰᠠᠨ ᠪᠠᠲᠤ ᠰᠠᠬᠢᠯᠲᠠ᠂ ᠨᠠᠩ ᠴᠤ᠌ ᠬᠢᠯᠢ ᠬᠢᠵᠠᠭᠠᠷ᠎ᠢᠶᠠᠨ ᠰᠠᠬᠢᠨ ᠬᠠᠮᠠᠭᠠᠯᠠᠬᠤ ᠬᠥᠮᠦᠰ᠎ᠦᠨ ᠬᠠᠷᠢᠭᠤᠴᠠᠯᠭ᠎ᠠ ᠡᠭᠦᠷᠭᠡᠯᠡᠯ᠎ᠢ ᠠᠮᠢᠳᠤᠯᠢᠭ᠎ᠢᠶᠠᠷ ᠲᠠᠢᠯᠪᠤᠷᠢᠯᠠᠪᠠ᠃

ᠲᠠᠷᠢᠶᠠᠨ ᠭᠠᠵᠠᠷ ᠎ᠤᠨ ᠲᠠᠷᠢᠶᠠᠯᠠᠩ ᠎ᠤᠨ ᠮᠡᠷᠭᠡᠵᠢᠯ᠎ᠦᠨ ᠵᠢᠯᠤᠭᠤᠳᠤᠯᠭ᠎ᠠ᠎ᠠᠴᠠ ᠨᠡᠢᠭᠡᠮ ᠲᠣᠭᠣᠷᠢᠭ ᠎ᠤᠨ ᠠᠯᠪᠠᠨ ᠵᠢᠷᠤᠮ᠎ᠤᠨ ᠡᠮᠴᠢᠯᠡᠭᠡ᠎ᠪᠡᠷ ᠬᠠᠪᠰᠤᠷᠤᠨ ᠲᠡᠳᠬᠦᠬᠦ᠌ ᠬᠦᠷᠲᠡᠯ᠎ᠡ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠢᠴᠢᠶᠡᠯ᠎ᠦᠨ ᠲᠠᠩᠬᠢᠮ᠎ᠠᠴᠠ ᠰᠣᠶᠣᠯ᠎ᠤᠨ ᠦᠵᠡᠭᠦᠯᠭᠡ  ᠬᠦᠷᠲᠡᠯ᠎ᠡ᠂   ᠤᠯᠠᠨ ᠲᠦᠮᠡᠨ᠎ᠦ ᠪᠠᠴᠢᠮᠲᠠᠵᠤ ᠬᠦᠴᠢᠷᠲᠠᠵᠦ ᠵᠣᠪᠠᠨᠢᠵᠤ ᠬᠦᠰᠡᠵᠦ ᠪᠠᠢᠭ᠎ᠠ ᠠᠰᠠᠭᠤᠲᠠᠯ᠎ᠢ ᠦᠨᠡᠨ ᠬᠦ᠌  ᠪᠤᠳᠠᠳᠠᠢ ᠱᠢᠢᠳᠪᠦᠷᠢᠯᠡᠵᠦ ᠦᠭᠪᠡ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ ᠨᠢᠭᠡ ᠲᠠᠩᠬᠢᠮ᠎ᠳᠤ ᠴᠤᠭ᠍ᠯᠠᠷᠠᠵᠤ᠂ ᠪᠠᠶᠠᠷ ᠬᠦᠷ᠎ᠢᠶᠡᠷ ᠪᠢᠯᠬᠠᠵᠤ᠂ ᠠᠬ᠎ᠠ ᠳᠡᠭᠦᠦ ᠮᠡᠲᠦ ᠳᠣᠲᠣᠨᠣ ᠪᠠᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠡᠳᠭᠢᠯ ᠬᠥᠳᠡᠯᠭᠡᠮ᠎ᠡ ᠦᠵᠡᠭ᠌ᠳᠡᠯ ᠭᠠᠵᠠᠷ ᠪᠣᠯᠭᠠᠨ᠎ᠳᠤ ᠬᠠᠷᠠᠭ᠍ᠳᠠᠨ᠎ᠠ᠃

ᠲᠣᠰ  ᠤᠳᠠᠭ᠎ᠠ ᠵᠢᠨ ᠠᠵᠢᠯᠯᠠᠭ᠎ᠠ ᠨᠢ ᠥᠯᠢᠭᠡᠷ ᠳᠠᠭᠤᠷᠢᠶᠠᠯ᠎ᠢᠶᠠᠷ ᠬᠦᠳᠦᠯᠦᠮᠵᠢ ᠪᠣᠯᠭᠠᠵᠤ᠂ ᠦᠶ᠋ᠯᠡᠴᠢᠯᠡᠭᠡ᠎ᠪᠡᠷ ᠬᠣᠯᠪᠣᠭᠠᠰᠤ ᠪᠣᠯᠭᠠᠵᠤ᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠎ᠶ᠋ᠢ ᠬᠦᠮᠦᠰ᠎ᠤᠨ ᠰᠡᠳᠬᠢᠯ ᠳ᠋ᠤ ᠬᠦᠨ ᠰᠠᠭᠤᠭᠳᠠᠭᠤᠯᠪᠠ᠃  ᠦᠨᠳᠦᠰᠦᠲᠡᠨ᠎ᠦ ᠪᠦᠯᠬᠦᠮᠳᠡᠯ ᠎ᠦᠨ ᠴᠡᠴᠡᠬᠡᠰ ᠤᠮᠠᠷᠠᠲᠤ ᠬᠢᠯᠢ᠎ᠳᠦ ᠦᠨᠢᠳᠡ ᠳᠡᠯᠭᠡᠷᠡᠵᠦ᠍᠂ ᠬᠢᠯᠢ ᠬᠢᠵᠠᠭᠠᠷ ᠎ᠤᠨ ᠬᠥᠭ᠌ᠵᠢᠯᠲᠡ᠎ᠶ᠋ᠢᠨ ᠵᠠᠮ  ᠨᠠᠡᠭ ᠰᠠᠷᠠᠭᠤᠯ ᠲᠠᠷᠳᠡᠡᠭ ᠪᠤᠯᠬᠤ ᠨᠢ ᠯᠠᠪᠲᠠᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号