ᠬᠤᠪᠢᠰᠭᠠᠯᠳᠤ ᠤᠯᠠᠮᠵᠢᠯᠠᠯ᠎ᠢ ᠵᠠᠯᠭᠠᠮᠵᠢᠯᠠᠵᠤ ᠡᠷᠡᠮᠡᠬᠡᠢᠯᠡᠨ ᠤᠷᠤᠭ᠍ᠰᠢᠯᠠᠬᠤ ᠵᠠᠮ᠎ᠢᠶᠠᠷ ᠰᠠᠢᠲᠤᠷ ᠵᠠᠮᠨᠠᠨ᠎ᠠ
2026-06-03 11:08:12
ᠵᠣᠬᠢᠶᠠᠭ᠍ᠴᠢ᠄
ᠹᠸᠩ ᠴᠢ
ᠣᠩᠱᠢᠭ᠍ᠰᠠᠨ ᠣᠳᠠᠭ᠎ᠠ᠄
★★★☆☆

1947 ᠣᠨ᠎ᠤ 5 ᠰᠠᠷ᠎ᠠ᠎ᠶ᠋ᠢᠨ 1᠎ᠤ ᠡᠳᠦᠷ᠂ ᠰᠠᠯᠬᠢᠨ ᠪᠣᠷᠣᠭᠠᠨ ᠰᠢᠷᠦᠭᠦᠰᠴᠦ᠂ ᠳᠠᠢᠨ᠎ᠤ ᠭᠠᠯ ᠳᠦᠷᠡᠯᠵᠡᠭ᠌ᠰᠡᠨ ᠭᠠᠢᠬᠠᠮᠱᠢᠭ᠍ᠲᠤ᠎ᠴᠠᠭ ᠦᠶ᠎ᠡ᠎ᠳᠤ᠂ ᠥᠪᠥᠷ ᠮᠣᠩᠭᠤᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠬᠤᠷᠠᠯ ᠦᠪᠡᠳᠡᠭ᠌ᠰᠢ ᠶᠡᠭᠡ᠎ᠪᠠᠷ ᠬᠤᠷᠠᠯᠳᠤᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠵᠢᠩᠬᠢᠨᠢ ᠪᠠᠷ ᠪᠠᠢᠭᠤᠯᠤᠭ᠍ᠳᠠᠭ᠍ᠰᠠᠨ᠎ᠢ ᠵᠠᠷᠯᠠᠵᠤ᠂ ᠥᠪᠥᠷ ᠮᠣᠩᠭᠤᠯ᠎ᠤᠨ ᠣᠷᠳᠣ ᠬᠤᠭᠤᠴᠠᠭᠠᠨ᠎ᠤ ᠲᠤᠷᠰᠢ ᠦᠨᠳᠦᠰᠦᠲᠡᠨ᠎ᠤ ᠴᠢᠯᠥᠭᠡᠯᠡᠯᠲᠡ ᠪᠣᠯᠤᠨ ᠥᠪᠡᠷᠲᠡᠭᠡᠨ ᠵᠠᠰᠠᠬᠤ᠎ᠶ᠋ᠢ ᠬᠦᠰᠡᠭ᠌ᠰᠡᠨ ᠬᠦᠰᠡᠯ ᠡᠷᠡᠮᠡᠯᠵᠡᠯ ᠪᠠᠶᠠᠯᠡᠭᠳᠡᠪᠠ᠃ ᠡᠨᠡ ᠨᠢ ᠨᠠᠮ᠎ᠡᠴᠡ ᠲᠣᠭ᠍ᠲᠠᠭᠠᠭ᠍ᠰᠠᠨ 《ᠦᠨᠳᠦᠰᠦᠳᠡᠨ᠎ᠤ ᠣᠷᠣᠨ᠎ᠤ ᠥᠪᠡᠷᠲᠡᠭᠡᠨ ᠵᠠᠰᠠᠬᠤ》 ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠣᠯ ᠪᠦᠷᠢᠮᠦᠰᠦᠨ ᠵᠥᠪ ᠤᠨᠤᠪᠴᠢᠳᠠᠢ ᠭᠡᠳᠡᠭ᠎ᠢ ᠭᠡᠷᠡᠴᠢᠯᠡᠭ᠌ᠰᠡᠨ ᠪᠥᠭᠡᠳ ᠬᠤᠢᠱᠢᠳᠠ ᠤᠯᠤᠰ᠎ᠤᠨ ᠳᠣᠲᠣᠭᠠᠳᠤ᠎ᠶ᠋ᠢᠨ ᠴᠥᠭᠡᠨ ᠲᠣᠭᠠᠲᠤ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌᠎ᠳᠤ ᠲᠤᠷᠱᠢᠯᠭ᠎ᠠ ᠬᠠᠩᠭᠠᠵᠤ᠂ ᠦᠯᠢᠭᠡᠷ ᠳᠠᠭᠤᠷᠢᠶᠠᠯ ᠪᠣᠯᠤᠭ᠍ᠰᠠᠨ ᠪᠠᠢᠨ᠎ᠠ᠃

ᠪᠢᠳᠡ ᠲᠡᠦᠬᠡ᠎ᠶ᠋ᠢᠨ ᠱᠢᠨ᠎ᠡ ᠪᠠᠢᠷᠢ ᠪᠣᠯᠤᠨ ᠴᠠᠭ ᠦᠶ᠎ᠡ᠎ᠶ᠋ᠢᠨ ᠭᠠᠷᠤᠭ᠎ᠠ ᠳᠡᠭᠡᠷ᠎ᠡ ᠵᠣᠭ᠍ᠰᠣᠵᠤ᠂ ᠲᠡᠦᠬᠡ᠎ᠪᠠᠷ ᠲᠤᠯᠢ ᠪᠣᠯᠭᠠᠨ᠂ ᠬᠤᠪᠢᠰᠭᠠᠯᠳᠤ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠬᠤ ᠭᠡᠷᠡᠭᠳᠡᠢ᠃ 《ᠲᠠᠪᠤᠨ ᠰᠠᠷ᠎ᠠ ᠵᠢᠨ ᠨᠢᠭᠡᠨ᠎ᠤ ᠶᠡᠭᠡ ᠬᠤᠷᠠᠯ》 ᠭᠡᠬᠦ᠌ ᠡᠨᠡ ᠬᠦ᠌ ᠲᠡᠦᠬᠡ᠎ᠶ᠋ᠢᠨ ᠬᠠᠭᠤᠳᠠᠰᠤᠨ᠎ᠳᠤ ᠲᠡᠮᠳᠡᠭ᠌ᠯᠡᠭ᠌ᠳᠡᠬᠦ᠌ ᠭᠡᠷᠡᠯ ᠰᠠᠴᠤᠷᠠᠩᠭᠤᠢ ᠬᠦᠱᠢᠶ᠎ᠡ ᠲᠡᠮᠳᠡᠭ ᠪᠣᠯᠤᠨ ᠲᠡᠦᠬᠡ᠎ᠶ᠋ᠢᠨ ᠡᠬᠢᠯᠡᠯᠲᠡ᠎ᠶ᠋ᠢᠨ ᠴᠡᠭ᠎ᠢ ᠭᠦᠨᠵᠡᠭᠡᠢ ᠪᠠᠲᠤ ᠴᠡᠭᠡᠵᠢᠯᠡᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠡᠭᠦᠷᠭᠡ ᠬᠠᠷᠢᠭᠤᠴᠠᠯᠭ᠎ᠠ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠪᠠᠲᠤ ᠡᠵᠡᠮᠳᠡᠭᠦ ᠭᠡᠷᠡᠭᠳᠡᠢ᠃ ᠰᠡᠳᠭᠢᠯ ᠨᠢᠭᠡᠳᠦᠨ ᠬᠦᠰᠡᠯ ᠵᠡᠭᠦᠳᠦ᠍᠎ᠪᠠᠨ ᠲᠡᠷᠭᠡᠯᠱᠢᠭᠦᠯᠬᠦ᠌ ᠬᠠᠮᠲᠤ᠎ᠶ᠋ᠢᠨ ᠲᠠᠨᠢᠯᠲᠠ᠎ᠪᠠᠷ ᠰᠦᠷ ᠳᠠᠯᠠᠢᠴᠠᠲᠠᠢ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠵᠤ᠂ ᠠᠳᠠᠯᠢ ᠴᠢᠭ᠌ᠯᠡᠯ᠎ᠢᠶᠠᠷ ᠬᠠᠮᠲᠤ ᠤᠷᠤᠭ᠍ᠰᠢᠯᠠᠬᠤ ᠢᠲᠡᠭᠡᠯ ᠵᠣᠷᠢᠭ᠎ᠢᠶᠠᠷ ᠡᠷᠡᠯᠬᠡᠭ᠌ᠯᠡᠨ ᠤᠷᠤᠭ᠍ᠰᠢᠯᠠᠬᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠲᠥᠯᠥᠭᠡ ᠴᠢᠷᠮᠠᠢᠨ ᠲᠡᠮᠡᠴᠡᠬᠦ᠌ ᠬᠡᠷᠡᠭ᠌ᠲᠡᠢ᠃ ᠪᠢᠳᠡ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠬᠤᠪᠢᠰᠭᠠᠯ᠎ᠤᠨ ᠰᠦᠭ ᠰᠦᠨᠡᠰᠦ᠎ᠪᠠᠷ ᠦᠨᠳᠦᠰᠦ ᠰᠠᠭᠤᠷᠢ᠎ᠶ᠋ᠢ ᠪᠠᠬᠢᠵᠢᠭᠦᠯᠵᠦ᠍᠂ ᠰᠦᠭ ᠰᠦᠨᠡᠰᠦ ᠵᠢ ᠱᠤᠭᠤᠵᠤ᠂ ᠪᠦᠭᠦ ᠺᠠᠳ᠋ᠷ ᠠᠵᠢᠯᠳᠠᠨ ᠪᠠ ᠤᠯᠠᠨ ᠲᠦᠮᠡᠨ ᠪ ᠢᠳᠡᠭᠡᠯ᠎ᠤᠨ ᠰᠠᠭᠤᠷᠢ ᠵᠢ ᠲᠠᠰᠤᠷᠠᠯᠳᠠ ᠦᠭᠡᠢ ᠪᠠᠳᠤᠳᠬᠠᠨ᠂  ᠤᠶᠤᠨ ᠰᠠᠨᠠᠭᠠᠨ ᠪ ᠺᠠᠯᠼ᠎ᠢ ᠨᠦᠭᠦᠪᠦᠷᠢᠯᠡᠵᠤ᠂  ᠪᠣᠳᠠᠲᠠᠢ ᠠᠵᠢᠯᠯᠠᠬᠤ᠎ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠴᠠᠭ ᠦᠶ᠎ᠡ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠬᠥᠭ᠌ᠵᠢᠯᠲᠡ᠎ᠶ᠋ᠢᠨ ᠪᠣᠳᠠᠲᠠᠢ᠎ᠳᠤ ᠰᠠᠭᠤᠷᠢᠯᠠᠵᠤ᠂ ᠭᠤᠣᠯᠳᠠᠯᠭ᠎ᠠ᠎ᠲᠠᠢ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠯᠠᠪᠳᠠᠭᠤᠨ ᠪᠠᠲᠤᠲᠠᠢ ᠪᠣᠳᠠᠲᠤ ᠶᠠᠪᠤᠳᠠᠯ ᠬᠢᠵᠦ᠍᠂ ᠰᠡᠳᠭᠢᠯ᠎ᠨᠢᠭᠡᠳᠦᠨ ᠬᠦᠴᠦ᠍᠎ᠪᠠᠨ ᠬᠠᠮᠲᠤᠳᠭᠠᠵᠤ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠪᠢᠳᠡ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠶ᠋ᠯ᠎ᠤᠨ ᠠᠵᠢᠯ ᠦᠶ᠋ᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭ᠌ᠲᠡᠶ᠃

ᠴᠠᠭ ᠦᠶ᠎ᠠ ᠲᠠᠢ ᠵᠡᠷᠭᠡᠪᠠᠷ ᠤᠷᠤᠭᠰᠢᠯᠠᠵᠤ᠂ ᠦᠨᠳᠦᠰᠦᠳᠡᠨ᠎ᠤ ᠪᠦᠯᠭᠦᠮᠳᠡᠯ᠎ᠢ ᠠᠭᠢᠭᠤᠯᠤᠨ᠎ᠠ᠃ ᠡᠯ᠎ᠠ ᠦᠨᠳᠦᠰᠦᠲᠡᠨ ᠪᠦᠯᠬᠦᠮᠳᠡᠨ ᠨᠢᠭᠡᠳᠴᠦ᠍᠂ ᠦᠷᠭᠦᠯᠵᠢᠯᠡᠨ ᠲᠡᠮᠡᠴᠡᠵᠦ᠍᠂ ᠡᠷᠡᠯᠬᠡᠭ᠌ᠯᠡᠨ ᠤᠷᠤᠭ᠍ᠰᠢᠯᠠᠬᠤ ᠶᠠᠪᠤᠴᠠ᠎ᠳᠠᠬᠢ ᠥᠪᠥᠷ ᠮᠣᠩᠭᠤᠯ ᠯᠠᠪᠲᠠᠢ ᠡᠳᠦᠷ᠎ᠠᠴᠠ ᠡᠳᠦᠷ ᠥᠭᠡᠳᠡᠯᠡᠨ ᠮᠠᠨᠳᠤᠵᠤ᠂ ᠨᠡᠩ ᠰᠦᠷᠯᠢᠭ ᠰᠠᠢᠬᠠᠨ ᠬᠠᠭᠤᠳᠠᠰᠤ ᠵᠢ ᠪᠢᠴᠢᠭ᠌ᠯᠡᠬᠦ ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号