ᠥᠪᠥᠷ ᠮᠣᠩᠭᠣᠯ 41 ᠳ᠋ᠦᠩᠱᠢᠭᠤᠷ ᠭᠠᠷᠤᠶ ᠲᠥᠭᠥᠷᠢᠭ᠎ᠦᠨ ᠪᠠᠯᠠ ᠮᠥᠩᠭᠥ᠌ ᠪᠠᠭᠤᠯᠭᠠᠵᠤ 15 ᠲᠥᠷᠥᠯ ᠵᠦᠶ᠋ᠯ᠎ᠢ᠋ ᠨᠠᠢᠳᠠᠪᠤᠷᠢᠵᠢᠭᠤᠯᠬᠤ᠎ᠶ᠋ᠢ ᠪᠠᠲᠤᠯᠠᠵᠤ ᠪᠠᠢᠨ᠎ᠠ
2026-06-03 09:37:38
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠤᠨ ᠬᠢᠨ ᠰᠤᠷᠭᠠᠨ ᠬᠥᠮᠦᠵᠢᠯ ᠠᠷᠠᠳ᠎ᠤᠨ ᠠᠮᠢᠳᠤᠷᠠᠯ᠎ᠤᠨ 15 ᠲᠦᠷᠦᠯ ᠵᠦᠢᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠦᠬᠦ᠌ ᠬᠦᠴᠦᠨ᠎ᠢᠶᠡᠷ ᠪᠠᠲᠤᠯᠠᠬᠤ᠎ᠶ᠋ᠢᠨ ᠲᠥᠯᠥᠭᠡ᠂ 2026 ᠣᠨ᠎ᠳᠤ ᠬᠠᠮᠢᠶ᠎ᠡ ᠪᠦᠬᠦᠢ ᠪᠡᠯᠡ ᠮᠥᠩᠭᠥ᠎ᠶ᠋ᠢ 41.7365 ᠳ᠋ᠦᠩᠱᠢᠭᠤᠷ ᠲᠥᠭᠥᠷᠢᠭ ᠤᠷᠢᠳᠴᠢᠯᠠᠨ ᠪᠠᠭᠤᠯᠭᠠᠪᠠ᠃ ᠡᠭᠦᠨ᠎ᠳᠦ ᠤᠯᠤᠰ᠎ᠤ᠋ᠨ 9 ᠲᠦᠷᠦᠯ ᠵᠦᠢᠯ᠂ ᠥᠪᠡᠷᠲᠡᠭᠡᠨ ᠵᠠᠰᠠᠬᠤ ᠣᠷᠣᠨ᠎ᠤ᠋ 6 ᠲᠦᠷᠦᠯ ᠵᠦᠢᠯ ᠪᠤᠢ᠃

ᠰᠤᠷᠭᠠᠭᠤᠯᠢ᠎ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠲᠠᠯ᠎ᠠ᠎ᠪᠠᠷ᠂ ᠦᠪᠤᠷ ᠮᠤᠨᠭᠭᠤᠯ 4778 ᠲᠦᠮᠡᠨ ᠲᠥᠭᠥᠷᠢᠭ᠎ᠦᠨ ᠪᠡᠯᠡ ᠮᠥᠩᠭᠥ᠌ ᠪᠠᠭᠤᠯᠭᠠᠵᠤ᠂ ᠬᠡᠦᠬᠡᠳ᠎ᠦᠨ ᠴᠡᠴᠡᠷᠯᠢᠭ᠎ᠲᠦ ᠪᠠᠢᠭ᠎ᠠ ᠠᠮᠢᠳᠤᠷᠠᠯ ᠨᠢ ᠬᠦᠴᠢᠷᠳᠡᠯᠳᠡᠢ ᠭᠡᠷ ᠪᠦᠯᠢ᠎ᠵᠢᠨ ᠬᠡᠦᠬᠡᠳ ᠨᠢᠭᠡᠪᠦᠷᠢ ᠳ᠋ᠤ᠌ ᠵᠢᠯ᠎ᠪᠦᠷᠢ 1000—2000 ᠲᠥᠭᠥᠷᠢᠭ᠎ᠦᠨ ᠠᠮᠢᠳᠤᠷᠠᠯ᠎ᠤᠨ ᠨᠥᠬᠥᠪᠥᠷᠢ ᠬᠠᠩᠭᠠᠵᠤ᠂ ᠠᠮᠢᠳᠤᠷᠠᠯ ᠨᠢ ᠬᠦᠴᠢᠷᠳᠡᠯᠲᠡᠶ ᠭᠡᠷ ᠪᠦᠯᠢ᠎ᠶ᠋ᠢᠨ ᠬᠡᠦᠬᠡᠳ ᠪᠣᠢᠵᠢᠭᠤᠯᠬᠤ ᠠᠵᠤ ᠠᠬᠤᠶ᠎ᠶ᠋ᠢᠨ ᠲᠠᠷᠤᠭᠠᠰᠤ ᠪᠣᠯᠤᠨ ᠠᠮᠢᠳᠤᠷᠠᠯ᠎ᠤᠨ ᠳᠠᠷᠤᠭᠠᠰᠤ᠎ᠶ᠋ᠢ ᠪᠦᠲᠦᠮᠵᠢᠲᠡᠶ ᠬᠥᠩᠭᠡᠷᠡᠭᠦᠯᠪᠡ᠃

ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠲᠠᠯ᠎ᠠ᠎ᠪᠠᠷ᠂ ᠦᠪᠤᠷ ᠮᠤᠨᠭᠭᠤᠯ 27.5 ᠳ᠋ᠦᠩᠱᠢᠭᠤᠷ ᠲᠥᠭᠥᠷᠢᠭ᠎ᠦᠨ ᠪᠡᠯᠡ ᠮᠥᠩᠭᠥ᠌ ᠪᠠᠭᠤᠯᠭᠠᠵᠤ᠂ ᠰᠤᠷᠤᠯᠭ᠎ᠠ᠎ᠶ᠋ᠢᠨ ᠰᠤᠯᠠ ᠰᠦᠢᠳᠭᠡᠯ᠎ᠢ ᠬᠡᠯᠲᠦᠷᠢᠭᠦᠯᠬᠦ᠌᠂ ᠬᠢᠴᠢᠶᠡᠯ᠎ᠦᠨ ᠪᠢᠴᠢᠭ᠎ᠢ ᠰᠦᠢᠳᠭᠡᠯ ᠬᠤᠷᠢᠶᠠᠬᠤ ᠦᠭᠡᠶ᠎ᠪᠡᠷ ᠬᠠᠩᠭᠠᠬᠤ᠂ ᠠᠮᠢᠳᠤᠷᠠᠯ ᠨᠢ ᠬᠦᠴᠢᠷᠳᠡᠯᠲᠡᠶ ᠭᠡᠷ ᠪᠦᠯᠢ᠎ᠶ᠋ᠢᠨ ᠰᠤᠷᠤᠭ᠍ᠴᠢᠳ᠎ᠲᠤ ᠠᠮᠢᠳᠤᠷᠠᠯ᠎ᠤᠨ ᠨᠦᠬᠦᠪᠤᠷᠢ ᠤᠯᠭᠤᠬᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠠᠢᠷᠢ᠎ᠳᠤ ᠰᠠᠭᠤᠬᠤ ᠰᠤᠷᠤᠭ᠍ᠴᠢᠳ᠎ᠲᠤ  ᠨᠥᠬᠥᠪᠥᠷᠢ ᠬᠠᠩᠭᠠᠬᠤ ᠵᠡᠷᠭᠡ᠎ᠳᠦ ᠬᠡᠷᠡᠭ᠌ᠯᠡᠪᠡ᠃ ᠡᠳᠡᠭᠡᠷ ᠠᠷᠭ᠎ᠠ ᠬᠡᠮᠵᠢᠶ᠎ᠡ ᠨᠢ ᠠᠮᠢᠳᠤᠷᠠᠯ ᠬᠦᠴᠢᠷᠳᠡᠯᠲᠡᠶ ᠭᠡᠷ ᠪᠦᠯᠢ᠎ᠶ᠋ᠢᠨ ᠰᠤᠷᠭᠠᠨ ᠬᠥᠮᠦᠵᠢᠯ᠎ᠦᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠵᠦ᠍᠂ ᠰᠤᠷᠤᠭ᠍ᠴᠢᠳ᠎ᠤᠨ ᠠᠮᠢᠳᠤᠷᠠᠯ ᠨᠢ ᠬᠦᠴᠢᠷᠳᠡᠯᠳᠡᠢ ᠡᠴᠡ ᠪᠤᠯᠵᠤ ᠰᠤᠷᠤᠯᠭ᠎ᠠ ᠠᠯᠳᠠᠬᠤ ᠦᠭᠡᠢ ᠪᠠᠢᠬᠤ᠎ᠶ᠋ᠢ ᠪᠠᠲᠤᠯᠠᠵᠤ᠂ ᠰᠤᠷᠭᠠᠨ ᠬᠥᠮᠦᠵᠢᠯ᠎ᠦᠨ ᠭᠣᠣᠯᠴᠢ ᠪᠠᠢᠬᠤ᠎ᠶ᠋ᠢ ᠪᠦᠲᠦᠮᠵᠢᠲᠡᠢ᠎ᠪᠠᠳᠤᠯᠠᠪᠠ᠃

ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠦᠨ ᠲᠠᠯ᠎ᠠ᠎ᠪᠠᠷ᠂ ᠦᠪᠤᠷ ᠮᠤᠨᠭᠭᠤᠯ 12.5759 ᠳ᠋ᠦᠩᠱᠢᠭᠤᠷ ᠲᠥᠭᠥᠷᠢᠭ᠎ᠦᠨ ᠪᠡᠯᠡ ᠮᠥᠩᠭᠥ᠌ ᠪᠠᠭᠤᠯᠭᠠᠵᠤ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠯᠠ ᠰᠦᠢᠳᠬᠡᠯ ᠢ᠋ ᠬᠡᠯᠳᠤᠷᠢᠬᠦᠯᠬᠦ᠂ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠰᠤᠷᠤᠯᠭ᠎ᠠ᠎ᠶ᠋ᠢᠨ ᠰᠦᠢᠳᠭᠡᠯ᠎ᠢ ᠬᠡᠯᠲᠦᠷᠢᠭᠦᠯᠬᠦ᠌᠂ ᠰᠦᠢᠳᠭᠡᠯ ᠬᠤᠷᠢᠶᠠᠬᠤ ᠦᠭᠡᠶ᠎ᠪᠡᠷ ᠬᠢᠴᠢᠶᠡᠯ᠎ᠦᠨ ᠪᠢᠴᠢᠭ ᠬᠠᠩᠭᠠᠬᠤ᠂ ᠰᠤᠷᠤᠯᠭ᠎ᠠ᠎ᠶ᠋ᠢᠨ ᠲᠡᠳᠬᠦᠮᠵᠢ ᠢ᠋ᠢᠨ ᠮᠥᠩᠭᠥ᠌ ᠣᠯᠭᠣᠬᠤ᠎ᠳᠤ ᠬᠡᠷᠡᠭᠯᠡᠬᠦ ᠢ᠋ᠢᠨ ᠬᠠᠮᠲᠤ ᠪᠦᠬᠦ᠌ ᠣᠷᠣᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠪᠦᠬᠦᠯᠢ ᠡᠳᠦᠷ᠎ᠦᠨ ᠳᠦᠷᠢᠮᠲᠦ ᠰᠤᠷᠭᠠᠨ ᠬᠥᠮᠦᠵᠢᠯ᠎ᠦᠨ ᠵᠢᠩᠬᠢᠨᠢ ᠰᠤᠷᠭᠠᠭᠤᠯᠢ᠎ᠶ᠋ᠢᠨ ᠬᠠᠷᠢᠶ᠎ᠠ᠎ᠲᠠᠶ ᠪᠠᠢᠷᠢ᠎ᠳᠤ ᠰᠠᠭᠤᠭ᠎ᠠ ᠰᠤᠷᠤᠭ᠍ᠴᠢ (ᠠᠵᠢᠯᠯᠠᠬᠤ ᠢ᠋ᠢᠨ ᠲᠠᠭᠠᠤ ᠰᠤᠷᠤᠯᠴᠠᠵᠤ ᠪᠠᠢᠭ᠎ᠠ ᠰᠤᠷᠤᠭᠴᠢ ᠪᠠᠭᠳᠠᠬᠤ ᠦᠬᠡᠢ) ᠳ᠋ᠤ᠌ ᠪᠠᠢᠷᠢ᠎ᠶ᠋ᠢᠨ ᠰᠦᠢᠳᠭᠡᠯ᠎ᠦᠨ ᠲᠤᠰᠠᠯᠠᠮᠵᠢ ᠣᠯᠭᠣᠪᠠ᠃ ᠲᠣᠰ ᠠᠷᠭ᠎ᠠ ᠬᠡᠮᠵᠢᠶ᠎ᠡ ᠨᠢ ᠰᠤᠷᠤᠭ᠍ᠴᠢᠳ᠎ᠲᠦ ᠡᠷᠬᠡ ᠲᠡᠭ᠌ᠰᠢ᠎ᠪᠡᠷ ᠰᠤᠷᠭᠠᠨ ᠬᠥᠮᠦᠵᠢᠯ ᠭᠥᠷᠳᠡᠬᠦ᠌ ᠲᠣᠬᠢᠶᠠᠯ ᠬᠠᠡᠭᠭᠠᠵᠤ᠂ ᠰᠤᠷᠭᠠᠨ ᠬᠥᠮᠦᠵᠢᠯ᠎ᠢᠶᠡᠷ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠬᠦ᠌᠎ᠳᠦ ᠬᠦᠴᠦᠨ ᠨᠡᠮᠡᠷᠢᠯᠡᠵᠦ᠍᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠨ ᠬᠥᠮᠦᠵᠢᠯ᠎ᠦᠨ ᠬᠥᠭ᠌ᠵᠢᠯᠲᠡ ᠪᠠ ᠴᠢᠳᠠᠪᠤᠷᠢᠲᠠᠨ᠎ᠢ ᠬᠥᠮᠦᠵᠢᠭᠦᠯᠬᠦ᠌ ᠰᠠᠭᠤᠷᠢ᠎ᠶ᠋ᠢ ᠪᠡᠬᠢᠵᠢᠭᠦᠯᠵᠦ᠍᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠨᠡᠢᠭᠡᠮ᠎ᠦᠨ ᠲᠥᠪ ᠭᠤᠤᠯᠴᠢ᠎ᠪᠠᠢᠬᠤ᠎ᠵᠢ ᠤᠯᠠᠮ ᠨᠢᠭᠡ ᠠᠯᠬᠤᠮ ᠪᠠᠲᠤᠳᠭᠠᠪᠠ᠃

ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠲᠠᠯ᠎ᠠ᠎ᠪᠠᠷ᠂ ᠦᠪᠤᠷ ᠮᠤᠨᠭᠭᠤᠯ 1.1878 ᠳ᠋ᠦᠩᠱᠢᠭᠤᠷ ᠲᠥᠭᠥᠷᠢᠭ᠎ᠦᠨ ᠪᠡᠯᠡ ᠮᠥᠩᠭᠥ᠌ ᠪᠠᠭᠤᠯᠭᠠᠵᠤ᠂ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠡᠯ ᠤ᠋ᠨ ᠪᠠᠲᠤᠯᠠᠭ᠎ᠠ ᠬᠦᠷᠲᠡᠵᠦ᠍ ᠪᠠᠢᠭ᠎ᠠ ᠭᠡᠷ ᠪᠦᠯᠢ᠎ᠶ᠋ᠢᠨ ᠦᠷ᠎ᠡ ᠬᠡᠦᠬᠡᠳ ᠪᠣᠯᠤᠨ ᠥᠨᠥᠴᠢᠨ ᠬᠡᠦᠬᠡᠳ᠎ᠦᠨ ᠳᠣᠲᠣᠷᠠᠬᠢ ᠪᠦᠬᠦᠯᠢ ᠡᠳᠦᠷ ᠎ᠦᠨ ᠳᠦᠷᠢᠮᠲᠦ ᠵᠢᠩᠬᠢᠨᠢ ᠠᠩᠭᠢ ᠪᠠ ᠲᠤᠰᠭᠠᠶ ᠮᠡᠷᠭᠡᠵᠢᠯ᠎ᠦᠨ ᠠᠩᠭᠢ᠎ᠶ᠋ᠢᠨ ᠰᠤᠷᠤᠭ᠍ᠴᠢᠳ᠎ᠲᠤ ᠰᠤᠷᠭᠠᠭᠤᠯᠢ᠎ᠳᠤ ᠣᠷᠣᠬᠤ ᠲᠤᠰᠠᠯᠠᠮᠵᠢ ᠬᠠᠩᠭᠠᠵᠤ᠂ ᠰᠤᠷᠤᠭ᠍ᠴᠢᠳ᠎ᠤᠨ ᠠᠮᠢᠳᠤᠷᠠᠯ ᠨᠢ ᠬᠦᠴᠢᠷᠳᠡᠯᠲᠡᠶ᠎ᠡᠴᠡ ᠪᠣᠯᠵᠤ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠬᠦᠷᠲᠡᠬᠦ᠌ ᠲᠣᠬᠢᠶᠠᠯ᠎ᠢ ᠠᠯᠳᠠᠬᠤ᠎ᠠᠴᠠ ᠪᠦᠲᠦᠮᠵᠢᠲᠡᠶ ᠵᠠᠢᠯᠠᠰᠭᠢᠵᠦ᠍᠂ ᠤᠨᠴᠠᠭᠠᠢ ᠬᠦᠮᠦᠰ ᠤ᠋ᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠬᠦᠷᠲᠡᠬᠦ ᠡᠷᠬᠡ᠎ᠶ᠋ᠢ ᠪᠠᠲᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号