ᠨᠢᠭᠡ ᠭᠷᠠᠳᠦ᠋ᠰ ᠴᠠᠬᠢᠯᠭᠠᠨ᠎ᠠᠴᠠ ᠨᠢᠭᠡ Token ᠬᠦᠷᠲᠡᠯ᠎ᠡ
2026-06-03 09:25:42
ᠵᠣᠬᠢᠶᠠᠭ᠍ᠴᠢ᠄
ᠪᠠᠶ ᠳ᠋ᠠᠨ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ᠎ᠤᠨ ᠪᠣᠳᠣᠯᠳᠠ ᠵᠢᠨ ᠬᠦᠴᠦᠨ᠎ᠦ ᠠᠵᠤ ᠦᠶ᠋ᠯᠡᠰ᠎ᠦᠨ ᠥᠷᠲᠡᠭ᠎ᠦᠨ ᠦᠰᠦᠷᠦᠯᠲᠡ᠎ᠶ᠋ᠢᠨ ᠨᠢᠭᠤᠴᠠ ᠨᠣᠮᠧᠷ᠎ᠤᠨ ᠬᠠᠢᠨ ᠰᠦᠪᠡᠭ᠌ᠴᠢᠯᠡᠯᠳᠡ


ᠥᠪᠥᠷ᠎ᠮᠤᠨᠭᠭᠤᠯ᠎ᠤᠨ ᠲᠠᠯ᠎ᠠ ᠨᠤᠲᠤᠭ᠎ᠲᠤ ᠰᠠᠯᠬᠢ ᠨᠢ 《ᠭᠷᠠᠳᠦ᠋ᠰ》 ᠲᠠᠢ ᠪᠠᠢᠳᠠᠭ᠃ ᠬᠥᠬᠡᠬᠣᠲᠠ᠎ᠶ᠋ᠢᠨ ᠬᠣᠷᠢᠨᠭᠡᠷ᠎ᠦᠨ ᠰᠠᠯᠬᠢᠨ ᠬᠦᠴᠦᠨ ᠵᠢᠡᠷ ᠴᠠᠬᠢᠯᠭᠠᠨ ᠭᠠᠷᠭᠠᠬᠤ ᠮᠠᠱᠢᠨ ᠨᠤᠭᠤᠳ ᠠᠯᠭᠤᠷᠬᠠᠨ ᠡᠷᠭᠢᠯᠳᠦᠵᠦ᠍᠂ ᠤᠯᠠᠭᠠᠨᠴᠠᠪ᠎ᠤᠨ ᠬᠡᠷᠡᠯᠴᠢ ᠴᠡᠨᠡᠭ᠎ᠦᠨ ᠬᠠᠪᠲᠠᠰᠤ ᠨᠡᠷᠡᠨ᠎ᠦ ᠬᠡᠷᠡᠯ ᠳᠤᠤᠷ᠎ᠠ ᠬᠥᠬᠡ ᠬᠡᠷᠡᠯ ᠰᠠᠴᠤᠷᠠᠵᠤ᠂ ᠱᠢᠯᠢ᠎ᠶ᠋ᠢᠨ ᠭᠤᠤᠯ᠎ᠤᠨ ᠱᠢᠨ᠎ᠡ ᠡᠨᠧᠷᠭᠢ᠎ᠶ᠋ᠢᠨ ᠲᠠᠯᠠᠪᠤᠷ ᠥᠷᠲᠡᠭᠡ — ᠨᠢᠭᠡ ᠪᠦᠭᠡᠮ ᠪᠦᠭᠡᠮ ᠪᠣᠬᠢᠷᠲᠤᠯ ᠥᠬᠡᠶ ᠴᠠᠬᠢᠯᠭᠠᠨ ᠲᠤᠰᠭᠠᠶ ᠵᠠᠮ ᠱᠤᠭᠤᠮ ᠵᠢᠡᠷ ᠳ᠋ᠠᠢᠲ᠋ᠠ᠎ᠶ᠋ᠢᠨ ᠲᠥᠪ᠎ᠦᠨ ᠮᠠᠱᠢᠨ᠎ᠤ ᠲᠠᠰᠤᠭ᠎ᠲᠤ ᠱᠢᠭᠤᠳ ᠬᠦᠷᠴᠦ᠍᠂ AI ᠵᠠᠭ᠍ᠪᠤᠷ᠎ᠤᠨ ᠪᠣᠯᠪᠠᠰᠤᠷᠠᠯ᠂ ᠮᠥᠩᠭᠥᠨ ᠭᠦᠶ᠋ᠯᠭᠡᠭᠡᠨ᠎ᠦ ᠪᠤᠳᠤᠯᠳᠠ ᠵᠢᠨ ᠬᠦᠴᠦᠨ᠎ᠤ ᠲᠣᠬᠢᠷᠠᠭᠤᠯᠤᠯᠲᠠ᠂ ᠲᠣᠭᠠᠴᠢᠯᠠᠭ᠍ᠰᠠᠨ ᠲᠠᠯᠠᠪᠤᠷ᠎ᠤᠨ ᠬᠡᠷᠡᠭ᠌ᠯᠡᠯᠲᠡ᠎ᠶ᠋ᠢᠨ ᠬᠥᠳᠡᠯᠭᠡᠬᠦ᠌ ᠬᠦᠴᠦᠨ ᠪᠣᠯᠵᠣ ᠬᠤᠪᠢᠷᠠᠨ᠎ᠠ᠃

《ᠥᠨᠥᠳᠦᠷ᠎ᠦᠨ ᠥᠪᠥᠷ ᠮᠣᠩᠭᠣᠯ᠎ᠨᠢ AI ᠪᠤᠳᠤᠯᠳᠠ ᠵᠢᠨ ᠬᠦᠴᠦᠨ᠎ᠳᠦ ᠲᠦᠰᠢᠭᠯᠡᠵᠦ᠂ ᠪᠢᠳᠡ ᠶᠠᠭ 〈ᠡᠬᠢ ᠪᠠᠶᠠᠯᠢᠭ᠎ᠢ ᠭᠠᠳᠠᠭ᠍ᠰᠢ ᠭᠠᠷᠭᠠᠬᠤ〉᠎ᠡᠴᠡ 〈ᠪᠤᠳᠤᠯᠳᠠ ᠵᠢᠨ ᠬᠦᠴᠦᠨ ᠵᠢᠡᠷ ᠡᠨ᠋ᠸᠷᠬᠢ ᠣᠯᠭᠣᠬᠤ〉 ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠰᠠᠯᠬᠢ ᠬᠡᠷᠡᠯ ᠴᠠᠬᠢᠯᠭᠠᠨ᠎ᠤ ᠳᠠᠪᠠᠭᠤᠯᠢᠭ᠎ᠢ ᠪᠤᠳᠤᠯᠳᠠ ᠵᠢᠨ ᠬᠦᠴᠦᠨ᠂ Token ᠪᠣᠯᠭᠠᠨ ᠬᠤᠪᠢᠷᠠᠭᠤᠯᠵᠤ᠂ ᠡᠯᠪᠡᠭ ᠪᠠᠶᠠᠯᠢᠭ ᠬᠢᠮᠳᠠ ᠴᠡᠪᠡᠷ ᠡᠨᠧᠷᠭᠢ᠎ᠶ᠋ᠢ ᠬᠡᠳᠦᠨ ᠳᠠᠬᠢᠨ᠂ ᠬᠡᠳᠦᠨ ᠠᠷᠪᠠᠨ ᠳᠠᠬᠢᠨ 〈ᠵᠣᠭᠣᠰ〉 ᠪᠣᠯᠭᠠᠨ ᠬᠤᠪᠢᠷᠠᠭᠤᠯᠵᠤ ᠪᠠᠢᠨ᠎ᠠ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠥᠪᠥᠷ ᠮᠣᠩᠭᠣᠯ᠎ᠤᠨ ᠲᠤᠰᠭᠠᠢ ᠲᠠᠯᠠᠪᠤᠷ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠬᠡᠯᠡᠭ᠌ᠰᠡᠨ ᠡᠨᠡ ᠦᠭᠡ ᠨᠢ ᠳᠠᠷᠤᠢ ᠡᠨᠡ ᠬᠦ᠌ ᠤᠷᠤᠨ ᠨᠤᠲᠤᠭ᠎ᠤᠨ ᠪᠤᠳᠤᠯᠳᠠ ᠵᠢᠨ ᠬᠦᠴᠦᠨ᠎ᠤ ᠠᠵᠤ ᠦᠢᠯᠡᠰ᠎ᠦᠨ ᠦᠷᠳᠡᠭ᠎ᠦᠨ ᠦᠰᠦᠷᠦᠯᠲᠡ᠎ᠶ᠋ᠢᠨ ᠨᠢᠭᠤᠴᠠ ᠨᠣᠮᠧᠷ᠎ᠢ ᠵᠢᠭᠠᠵᠦ ᠪᠤᠢ᠃ ᠳᠥᠭᠥᠮᠬᠡᠨ ᠵᠢᠨᠷ ᠣᠢᠯᠠᠭᠠᠪᠠᠯ᠂ Token ᠪᠣᠯ ᠳᠠᠷᠤᠶ AI ᠪᠤᠳᠤᠯᠳᠠ ᠵᠢᠨ ᠬᠦᠴᠦᠨ᠎ᠤ ᠲᠤᠰᠭᠠᠶ ᠲᠣᠭᠠᠨ᠎ᠤ ᠬᠡᠮᠵᠢᠯᠲᠡ᠎ᠶ᠋ᠢᠨ ᠨᠢᠭᠡᠴᠢ ᠪᠠᠢᠵᠤ᠂ ᠡᠩ᠎ᠦᠨ ᠲᠠᠸᠠᠷ᠎ᠲᠠᠶ ᠠᠳᠠᠯᠢ᠎ᠪᠠᠷ ᠠᠷᠠᠯᠵᠢᠶ᠎ᠠ ᠮᠠᠢᠮᠠᠶ ᠬᠢᠵᠦ᠍᠂ ᠠᠱᠢᠭ ᠣᠷᠣᠯᠭ᠎ᠠ᠎ᠶ᠋ᠢ ᠡᠭᠦᠳᠴᠦ᠍ ᠴᠢᠳᠠᠨ᠎ᠠ᠃ ᠥᠩᠭᠡᠷᠡᠭ᠌ᠰᠡᠨ᠎ᠳᠦ ᠴᠠᠬᠢᠯᠭᠠᠨ᠎ᠢ ᠬᠤᠳᠠᠯᠳᠤᠭᠠᠳ ᠣᠯᠤᠭ᠍ᠰᠠᠨ ᠨᠢ 《ᠲᠦᠭᠦᠬᠡᠶ ᠮᠠᠲ᠋ᠧᠷᠢᠶᠠᠯ᠎ᠤᠨ ᠵᠣᠭᠣᠰ》 ᠪᠣᠯ ᠳ᠋ᠠᠢᠲ᠋ᠠ᠎ᠶ᠋ᠢᠨ ᠲᠥᠪ᠎ᠦᠨ ᠭᠠᠷᠭᠠᠯᠲᠠ᠎ᠶ᠋ᠢᠨ ᠪᠤᠳᠤᠯᠳᠠ ᠵᠢᠨ ᠬᠦᠴᠦᠨ ᠨᠢ 《ᠪᠣᠭᠣᠳᠠᠶ᠎ᠶ᠋ᠢ ᠭᠤᠯᠢᠷ ᠪᠣᠯᠭᠠᠬᠰᠡᠨ》 ᠲᠠᠢ ᠠᠳᠠᠯᠢᠬᠠᠨ᠃ ᠭᠡᠲᠡᠯ᠎ᠡ ᠣᠳᠣᠬᠠᠨ᠎ᠳᠤ Token᠎ᠢ ᠭᠠᠳᠠᠭ᠍ᠰᠢ ᠭᠠᠷᠭᠠᠵᠤ᠂ ᠤᠶᠤᠨᠲᠤ ᠦᠶ᠋ᠯᠡᠴᠢᠯᠡᠭᠡ ᠪᠤᠯᠭᠠᠨ ᠬᠤᠳᠠᠯᠳᠤᠬᠤ᠎ᠨᠢ 《ᠭᠤᠯᠢᠷ᠎ᠢᠶᠠᠷ ᠲᠠᠯᠬ᠎ᠠ ᠬᠢᠵᠦ᠍》᠂ ᠨᠢᠭᠡ ᠭᠷᠠᠳᠦ᠋ᠰ ᠴᠠᠬᠢᠯᠭᠠᠨ᠎ᠤ ᠥᠷᠲᠡᠭ᠎ᠢ ᠬᠡᠳᠦᠨ ᠳᠠᠬᠢᠨ ᠴᠢᠨᠠᠭ᠍ᠰᠢᠯᠠᠪᠠᠯ ᠬᠡᠳᠦᠨ ᠠᠷᠪᠠᠨ ᠳᠠᠬᠢᠨ᠎ᠢᠶᠠᠷ ᠶᠡᠬᠡᠰᠭᠡᠵᠦ᠍᠂ ᠡᠨᠧᠷᠭᠢ᠎ᠶ᠋ᠢᠨ ᠠᠵᠤ ᠠᠬᠤᠶ᠎ᠠᠴᠠ ᠲᠣᠭᠠᠴᠢᠯᠠᠭ᠍ᠰᠠᠨ ᠠᠵᠤ ᠠᠬᠤᠶ᠎ᠶ᠋ᠢᠨ ᠥᠨᠳᠥᠷ ᠨᠡᠮᠡᠯᠲᠡ ᠥᠷᠲᠡᠭ ᠪᠥᠬᠥᠶ ᠤᠷᠤᠯᠳᠤᠭᠠᠨ᠎ᠤ ᠵᠠᠮ᠎ᠳᠤ ᠣᠷᠣᠭᠤᠯᠤᠭ᠍ᠰᠠᠨ᠎ᠢ ᠬᠠᠷᠠᠭᠤᠯᠵᠦ ᠪᠤᠢ᠃

ᠬᠡᠪᠴᠢᠶ᠎ᠡ ᠪᠡᠷ ᠰᠠᠭᠤᠷᠢ ᠵᠢ ᠪᠠᠳᠤᠳᠬᠠᠨ᠎ᠠ᠄ ᠪᠤᠳᠤᠯᠳᠠ ᠵᠢᠨ ᠬᠦᠴᠦᠨ᠎ᠦ ᠰᠠᠭᠤᠷᠢ ᠵᠢᠨ ᠳᠤᠭ᠎ᠠ ᠬᠡᠮᠵᠢᠶ᠎ᠡ ᠪᠠ ᠶᠠᠰᠤ ᠴᠢᠨᠠᠷ᠎ᠢ ᠵᠡᠷᠭᠡ᠎ᠪᠡᠷ ᠳᠡᠭᠡᠭ᠌ᠰᠢᠯᠡᠬᠦᠯᠪᠡ

Token ᠢ᠋ ᠱᠢᠯᠵᠢᠭᠦᠯᠦᠨ ᠬᠡᠷᠡᠭ᠌ᠯᠡᠬᠦ᠌ ᠬᠡᠮᠵᠢᠶ᠎ᠡ ᠨᠢ ᠰᠦᠷᠴᠢᠯᠲᠡ ᠮᠠᠶᠢᠭ᠎ᠤᠨ ᠨᠡᠮᠡᠭ᠌ᠳᠡᠯ ᠪᠠᠢᠵᠦ᠂ ᠪᠤᠳᠤᠯᠳᠠ ᠵᠢᠨ ᠬᠦᠴᠦᠨ᠎ᠦ ᠬᠠᠩᠭᠠᠯᠭ᠎ᠠ᠎ᠳᠤ ᠨᠡᠩ ᠥᠨᠳᠥᠷ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠥᠪᠥᠷ ᠮᠣᠩᠭᠣᠯ᠎ᠤᠨ ᠬᠠᠷᠢᠭᠤᠯᠲᠠ ᠪᠣᠯ᠄ ᠬᠡᠪᠴᠢᠶ᠎ᠡ᠎ᠪᠡᠷ ᠲᠤᠭᠲᠠᠭᠠᠨ᠎ᠠ᠃

2025 ᠣᠨ᠎ᠤ ᠡᠴᠦᠰ ᠪᠣᠯᠲᠠᠯ᠎ᠠ᠂ ᠥᠪᠥᠷ ᠮᠣᠩᠭᠣᠯ᠎ᠤᠨ ᠪᠤᠳᠤᠯᠳᠠ ᠵᠢᠨ ᠬᠦᠴᠦᠨ᠎ᠦ ᠶᠡᠷᠦᠩᠬᠡᠶ ᠬᠡᠪᠴᠢᠶ᠎ᠡ᠎ᠨᠢ ᠤᠯᠤᠰ᠎ᠤᠨ ᠨᠠᠶ᠋ᠮᠠᠨ ᠶᠡᠬᠡ ᠵᠠᠩᠭᠢᠯᠠᠭ᠎ᠠ᠎ᠶ᠋ᠢᠨ ᠮᠤᠵᠢ ᠣᠷᠣᠨ᠎ᠤ ᠳᠣᠲᠣᠷ᠎ᠠ 15.5%᠎ᠶ᠋ᠢ ᠡᠵᠡᠯᠡᠪᠡ; ᠡᠨᠡ ᠵᠢᠯ᠎ᠦᠨ ᠨᠢᠭᠡᠳᠦᠭᠡᠷ ᠤᠯᠠᠷᠢᠯ᠎ᠳᠤ᠂ ᠪᠤᠳᠤᠯᠳᠠ ᠵᠢᠨ ᠬᠦᠴᠦᠨ᠎ᠦ ᠬᠡᠪᠴᠢᠶ᠎ᠡ ᠨᠢᠳᠤᠨᠤᠨ᠎ᠤ ᠵᠢᠯ᠎ᠦᠨ ᠡᠴᠦᠰ᠎ᠦᠨ᠎ᠬᠢ᠎ᠡᠴᠡ 4.3 ᠲᠦᠮᠡᠨ P ᠨᠡᠮᠡᠭ᠌ᠳᠡᠵᠦ᠍᠂ 18% ᠪᠠᠷ ᠨᠡᠮᠡᠭ᠌ᠳᠡᠪᠡ᠃

ᠬᠥᠬᠡᠬᠣᠲᠠ᠎ᠶ᠋ᠢᠨ ᠬᠣᠷᠢᠨᠭᠡᠷ ᠱᠢᠨ᠎ᠡ ᠲᠣᠭᠣᠷᠢᠭ᠎ᠲᠤ ᠳᠤᠮᠳᠠᠳᠤ ᠤᠯᠤᠰ᠎ᠤᠨ ᠱᠢᠯᠵᠢᠮᠡᠯ ᠬᠣᠯᠪᠣᠭ᠎ᠠ᠂ ᠴᠠᠬᠢᠯᠭᠠᠨ ᠬᠣᠯᠪᠣᠭ᠎ᠠ᠂ ᠨᠢᠭᠡᠳᠦᠮᠡᠯ ᠬᠣᠯᠪᠣᠭ᠎ᠠ᠎ᠶ᠋ᠢᠨ ᠭᠤᠷᠪᠠᠨ ᠲᠣᠮᠣ ᠡᠵᠡᠩᠨᠡᠯᠲᠡ᠎ᠶ᠋ᠢᠨ ᠬᠤᠳᠠᠯᠳᠤᠭᠠᠴᠢᠨ ᠪᠣᠯᠤᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠵᠢᠴᠢ ᠳᠤᠯᠤᠭᠠᠢᠯᠠᠬᠴᠢ ᠢᠨᠲ᠋ᠧᠷ ᠰᠦᠯᠵᠢᠶᠡᠨ᠎ᠦ ᠠᠵᠤ ᠠᠬᠤᠢᠯᠠᠯ᠎ᠢ ᠪᠠᠭ᠍ᠲᠠᠭᠠᠭ᠍ᠰᠠᠨ 60 ᠭᠠᠷᠤᠶ ᠲᠣᠮᠣ ᠬᠡᠯᠪᠡᠷᠢ᠎ᠶ᠋ᠢᠨ ᠪᠤᠳᠤᠯᠳᠠ ᠵᠢᠨ ᠬᠦᠴᠦᠨ᠎ᠤ ᠲᠥᠪ᠎ᠦᠨ ᠲᠥᠷᠥᠯ ᠵᠦᠶ᠋ᠯ ᠲᠥᠪᠯᠡᠷᠡᠵᠦ᠍᠂ ᠪᠤᠳᠤᠯᠳᠠ ᠵᠢᠨ ᠬᠦᠴᠦᠨ᠎ᠤ ᠶᠡᠷᠦᠩᠬᠡᠶ ᠬᠡᠪᠴᠢᠶ᠎ᠡ᠎ᠨᠢ 12.5 ᠲᠦᠮᠡᠨ P᠎ᠶ᠋ᠢ ᠳᠠᠪᠠᠪᠠ᠃

ᠤᠯᠠᠭᠠᠨᠴᠠᠪ ᠨᠢᠭᠡᠨᠲᠡ ᠲᠣᠭ᠎ᠠ ᠪᠠᠷᠢᠮᠲᠠ᠎ᠶ᠋ᠢᠨ ᠲᠥᠪ᠎ᠦᠨ 84 ᠲᠥᠷᠥᠯ ᠵᠦᠶ᠋ᠯ᠎ᠳᠦ ᠭᠠᠷ᠎ᠤᠨ ᠥᠰᠥᠭ ᠵᠢᠷᠤᠵᠤ᠂ ᠶᠡᠷᠦᠩᠬᠡᠶ ᠪᠠᠯᠠ ᠣᠷᠣᠭᠤᠯᠤᠯᠲᠠ᠎ᠨᠢ 5000 ᠳ᠋ᠦᠩᠱᠢᠭᠤᠷ ᠲᠥᠭᠥᠷᠢᠭ᠎ᠢ ᠳᠠᠪᠠᠵᠤ᠂ ᠪᠤᠳᠤᠯᠳᠠ ᠵᠢᠨ ᠬᠦᠴᠦᠨ᠎ᠤ ᠬᠡᠪᠴᠢᠶ᠎ᠡ᠎ᠨᠢ 13.2 ᠲᠦᠮᠡᠨ P᠎ᠳ᠋ᠤ ᠬᠦᠷᠴᠦ᠍᠂ ᠬᠤᠸᠠ ᠸᠧᠶ᠂ ᠠ ᠯᠢ᠂ ᠫᠢᠨᠭ ᠭᠦᠸᠸ᠂ ᠪᠤᠰᠢᠭᠤ ᠭᠠᠷ ᠵᠡᠷᠭᠡ ᠲᠦᠷᠦᠭᠦᠦ ᠬᠡᠰᠡᠭ᠎ᠦᠨ ᠠᠵᠤ ᠠᠬᠤᠢᠯᠠᠯ ᠬᠣᠢᠨ᠎ᠠ ᠬᠣᠢᠨ᠎ᠠ᠎ᠠᠴᠠ ᠪᠠᠨ ᠰᠠᠭᠤᠷᠢᠰᠢᠪᠠ᠃

ᠬᠡᠪᠴᠢᠶ᠎ᠡ ᠵᠢ ᠥᠷᠭᠡᠳᠭᠡᠬᠦ᠎ᠶ᠋ᠢᠨ ᠬᠠᠮᠲᠤ᠂ ᠥᠪᠥᠷ ᠮᠣᠩᠭᠣᠯ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢ ᠨᠠᠩ ᠴᠢᠬᠤᠯᠠᠴᠢᠯᠠᠵᠤ᠂ ᠣᠶᠤᠨᠴᠢ ᠪᠤᠳᠤᠯᠳᠠ ᠵᠢᠨ ᠬᠦᠴᠦᠨ᠎ᠤ ᠡᠵᠡᠯᠡᠬᠦ᠌ ᠬᠠᠷᠢᠴᠠᠯ 90%᠎ᠶ᠋ᠢ ᠳᠠᠪᠠᠵᠤ᠂ 《ᠨᠡᠢᠳᠡᠮ ᠬᠡᠷᠡᠭ᠌ᠯᠡᠬᠦ᠌ ᠪᠤᠳᠤᠯᠳᠠ ᠵᠢᠨ ᠬᠦᠴᠦᠨ᠂ ᠣᠶᠤᠨᠴᠢ ᠪᠤᠳᠤᠯᠳᠠ ᠵᠢᠨ ᠬᠦᠴᠦᠨ᠂ ᠬᠡᠲᠦ ᠪᠤᠳᠤᠯᠳᠠ ᠵᠢᠨ ᠬᠦᠴᠦᠨ᠂ ᠺᠸᠠᠨ᠋ᠲ ᠪᠤᠳᠤᠯᠳᠠ ᠵᠢᠨ ᠬᠦᠴᠦᠨ》᠎ᠢ ᠨᠢᠭᠡ ᠴᠤᠭ᠍ᠴᠠᠵᠢᠭᠤᠯᠤᠭ᠍ᠰᠠᠨ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠨ ᠪᠦᠷᠢᠯᠳᠦᠭᠦᠯᠪᠡ᠃ ᠬᠥᠬᠡᠬᠣᠲᠠ᠎ᠠᠴᠠ ᠤᠯᠠᠭᠠᠨᠴᠠᠪ ᠬᠦᠷᠲᠡᠯ᠎ᠡ᠂ ᠬᠤᠶᠠᠷ ᠬᠤᠳᠠ ᠬᠠᠮᠵᠢᠯᠴᠠᠨ ᠪᠠᠢᠭᠤᠯᠤᠭ᠍ᠰᠠᠨ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠤ ᠬᠠᠩᠭᠠᠯᠭ᠎ᠠ᠎ᠨᠢ ᠥᠪᠥᠷ ᠮᠣᠩᠭᠣᠯ᠎ᠤᠨ ᠪᠤᠳᠤᠯᠳᠠ ᠵᠢᠨ ᠬᠦᠴᠦᠨ᠎ᠢ 《ᠬᠠᠩᠭᠠᠵᠤ ᠳᠡᠢᠯᠬᠦ᠌᠂ ᠲᠦᠷᠭᠡᠨ ᠪᠤᠳᠤᠬᠤ᠂ ᠴᠢᠨᠠᠷ ᠰᠠᠢᠨ》 ᠪᠣᠯᠭᠠᠪᠠ᠃

ᠪᠤᠳᠤᠯᠳᠠ ᠵᠢᠨ ᠬᠦᠴᠦᠨ ᠪᠠ ᠴᠠᠬᠢᠯᠭᠠᠨ ᠬᠦᠴᠦᠨ᠎ᠤ ᠬᠠᠮᠵᠢᠯᠴᠠᠭ᠎ᠠ᠄ ᠪᠤᠬᠢᠷᠳᠤᠯ ᠦᠭᠡᠢ ᠴᠠᠬᠢᠯᠭᠠᠨ ᠵᠢᠡᠷ ᠥᠨᠳᠥᠷ ᠦᠷᠳᠡᠭ᠎ᠤᠨ ᠤᠯᠠᠷᠢᠯᠲᠠ᠎ᠶ᠋ᠢ ᠪᠡᠶᠡᠯᠡᠭᠦᠯᠪᠡ

ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠢ᠎ᠡ 1.74 ᠳ᠋ᠦᠩᠱᠢᠭᠤᠷ ᠺᠢᠯᠦᠸᠠᠲ᠎ᠲᠤ ᠬᠦᠷᠴᠦ᠍᠂ 10 ᠭᠠᠷᠤᠢ ᠵᠢᠯ ᠳᠠᠷᠠᠭᠠᠯᠠᠨ ᠪᠦᠬᠦ᠌ ᠤᠯᠤᠰ᠎ᠲᠤ ᠲᠡᠷᠢᠭᠦᠯᠡᠵᠦ᠍᠂ ᠲᠣᠭ᠎ᠠ ᠪᠠᠷᠢᠮᠲᠠ᠎ᠶ᠋ᠢᠨ ᠲᠥᠪ᠎ᠦᠨ ᠪᠣᠬᠢᠷᠲᠤᠯ ᠦᠭᠡᠢ ᠴᠠᠬᠢᠯᠭᠠᠨ ᠬᠡᠷᠡᠭ᠌ᠯᠡᠬᠦ᠌ ᠬᠠᠷᠢᠴᠠᠯ 80%᠎ᠶᠢ ᠳᠠᠪᠠᠵᠠᠢ᠃

ᠭᠡᠪᠡᠴᠦ᠍ ᠪᠤᠬᠢᠷᠳᠤᠯ ᠦᠭᠡᠢ ᠴᠠᠬᠢᠯᠭᠠᠨ᠎ᠤ 《ᠲᠩᠷᠢ ᠵᠢᠨ ᠴᠢᠷᠠᠢ ᠬᠠᠷᠠᠵᠤ ᠬᠣᠭᠣᠯᠠ ᠢᠳᠡᠬᠦ᠌》 ᠬᠡᠯᠪᠡᠯᠵᠡᠯ᠎ᠦᠨ ᠴᠢᠨᠠᠷ ᠨᠢ ᠥᠩᠭᠡᠷᠡᠭ᠌ᠰᠡᠨ᠎ᠳᠦ ᠪᠤᠳᠤᠯᠳᠠ ᠵᠢᠨ ᠬᠦᠴᠦᠨ᠎ᠦ ᠠᠵᠤ ᠦᠶ᠋ᠯᠡᠰ᠎ᠦᠨ ᠨᠢᠭᠡᠨ ᠪᠤᠭᠤᠮᠢ ᠠᠰᠠᠭᠤᠳᠠᠯ ᠪᠠᠢᠵᠠᠶ᠃ ᠬᠠᠷᠢᠭᠤᠯᠲᠠ ᠨᠢ 《ᠪᠤᠳᠤᠯᠳᠠ ᠵᠢᠨ ᠬᠦᠴᠦᠨ ᠪᠠ ᠴᠠᠬᠢᠯᠭᠠᠨ ᠬᠦᠴᠦᠨ᠎ᠪ ᠬᠠᠮᠵᠢᠯᠴᠠᠭ᠎ᠠ》 ᠵᠢᠨ ᠭᠦᠨᠵᠡᠭᠡᠢ ᠦᠢᠯᠡᠳᠦᠯᠭᠡ ᠳᠤᠮᠳᠠ ᠬᠠᠳᠠᠭᠠᠯᠠᠭ᠍ᠳᠠᠵᠤ ᠪᠤᠢ᠃

ᠬᠥᠬᠡᠬᠣᠲᠠ᠎ᠶ᠋ᠢᠨ ᠬᠣᠷᠢᠨᠭᠡᠷ ᠱᠢᠨ᠎ᠡ ᠲᠣᠭᠣᠷᠢᠭ᠎ᠲᠤ᠂ ᠳᠤᠮᠳᠠᠳᠤ ᠤᠯᠤᠰ᠎ᠤᠨ ᠬᠤᠸᠠ ᠳ᠋ᠢᠶᠠᠨ ᠺᠣᠮᠫᠠᠨᠢ 36 ᠲᠦᠮᠡᠨ ᠺᠢᠯᠦᠸᠠᠲ᠎ᠤᠨ ᠰᠠᠯᠬᠢᠨ ᠬᠦᠴᠦ ᠬᠡᠷᠡᠯᠴᠢ ᠴᠡᠨᠡᠭ᠎ᠤᠨ ᠴᠠᠬᠢᠯᠭᠠᠨ᠎ᠤ ᠲᠠᠯᠠᠪᠠᠶ ᠪᠠᠢᠷᠢᠯᠠᠭᠤᠯᠵᠤ᠂ 《ᠡᠨ᠋ᠸᠷᠭᠢ ᠲᠤᠤᠷ ᠳᠠᠭᠠᠭᠠᠴᠠ ᠨᠥᠭᠡᠴᠡ᠎ᠶ᠋ᠢ ᠨᠢᠭᠡ ᠴᠣᠭ᠍ᠴᠠᠵᠢᠭᠤᠯᠤᠬᠰᠠᠨ》 ᠵᠠᠭ᠍ᠪᠤᠷ᠎ᠢᠶᠠᠷ ᠳᠠᠮᠵᠢᠨ᠂ ᠪᠤᠬᠢᠷᠳᠤᠯ ᠦᠭᠡᠢ ᠴᠠᠬᠢᠯᠭᠠᠨ᠎ᠢ ᠱᠢᠭᠤᠳ ᠲᠣᠭ᠎ᠠ ᠪᠠᠷᠢᠮᠲᠠ᠎ᠶ᠋ᠢᠨ ᠲᠥᠪ᠎ᠲᠦ ᠬᠠᠩᠭᠠᠪᠠ᠃ ᠲᠣᠬᠢᠷᠠᠭᠤᠯᠤᠨ ᠡᠵᠡᠮᠳᠡᠬᠦ᠌ ᠲᠥᠪ᠎ᠦᠨ ᠲᠣᠮᠣ ᠳᠡᠯᠭᠡᠴᠡ ᠳᠡᠭᠡᠷ᠎ᠡ᠂ ᠰᠠᠯᠬᠢᠨ ᠬᠦᠴᠦᠨ᠎ᠦ ᠴᠠᠬᠢᠯᠭᠠᠨ᠂ ᠬᠡᠷᠡᠯᠴᠢ ᠴᠡᠨᠡᠭ᠂ ᠨᠦᠬᠡᠴᠡ ᠪᠠ ᠪᠤᠳᠤᠯᠳᠠ ᠵᠢᠨ ᠬᠦᠴᠦᠨ᠎ᠤ ᠳᠠᠭᠠᠭᠠᠴᠠ᠎ᠶ᠋ᠢᠨ ᠲᠣᠭ᠎ᠠ ᠪᠠᠷᠢᠮᠲᠠ ᠨᠢ ᠲᠤᠬᠠᠶ᠎ᠶ᠋ᠢᠨ ᠴᠠᠭ᠎ᠲᠤᠨᠢ ᠢᠯᠡᠷᠡᠵᠦ᠂ ᠱᠢᠰᠲ᠋ᠧᠮ ᠨᠢ ᠮᠢᠯᠢᠰᠸᠺᠦᠶ᠋ᠨ᠋ᠳ᠋ ᠲᠠᠰ᠎ᠤᠨ ᠬᠤᠷᠳᠤᠴᠠ᠎ᠪᠠᠷ ᠬᠠᠮᠤᠭ᠎ᠤᠨ ᠰᠠᠢᠨ ᠲᠥᠰᠦᠯ᠎ᠢ ᠪᠤᠳᠤᠨ᠎ᠠ᠂ ᠰᠠᠯᠬᠢᠨ ᠬᠦᠴᠦᠨ᠎ᠦ ᠴᠠᠬᠢᠯᠭᠠᠨ ᠭᠠᠷᠭᠠᠯᠲᠠ ᠭᠦᠶ᠋ᠴᠡᠳ ᠪᠠᠢᠬᠤ ᠦᠶ᠎ᠡ᠎ᠳᠦ᠂ ᠱᠢᠰᠲ᠋ᠧᠮ ᠨᠢ ᠨᠦᠭᠡᠴᠡ᠎ᠡᠨᠧᠷᠭᠢ ᠶ᠋ᠢ ᠬᠦᠢᠴᠡᠳ ᠴᠡᠨᠡᠭ᠌ᠯᠡᠵᠦ᠍᠂ ᠴᠠᠬᠢᠯᠭᠠᠨ ᠭᠠᠷᠭᠠᠬᠤ ᠨᠢ ᠬᠦᠷᠦᠯᠴᠡᠬᠦ᠌ ᠥᠬᠡᠶ ᠦᠶ᠎ᠡ᠎ᠳᠦ᠂ ᠨᠥᠭᠡᠴᠡ ᠡᠨᠧᠷᠭᠢ ᠨᠢ ᠲᠡᠷᠡ ᠳᠠᠷᠤᠶ ᠴᠠᠬᠢᠯᠭᠠᠨ ᠭᠠᠷᠭᠠᠵᠤ ᠳᠤᠲᠠᠭ᠍ᠳᠠᠯ᠎ᠢ ᠨᠥᠬᠥᠪᠥᠷᠢᠯᠡᠬᠦ᠌᠎ᠶ᠋ᠢᠨ ᠬᠠᠮᠲᠤ ᠴᠠᠬᠢᠯᠭᠠᠨ ᠬᠦᠴᠦ᠍᠎ᠶ᠋ᠢ ᠨᠡᠢᠲᠡ᠎ᠶ᠋ᠢᠨ ᠴᠠᠬᠢᠯᠭᠠᠨ ᠲᠤᠤᠷ᠎ᠲᠤ ᠪᠤᠴᠠᠭᠠᠬᠤ ᠶ᠋ᠢ ᠣᠨᠣᠪᠴᠢᠲᠠᠶ ᠰᠡᠷᠭᠡᠢᠯᠡᠨ᠎ᠡ᠃

ᠡᠢᠮᠦᠷᠬᠦᠦ ᠨᠠᠷᠢᠯᠢᠭ ᠣᠨᠣᠴᠠᠲᠠᠶ ᠲᠣᠬᠢᠷᠠᠭᠤᠯᠭ᠎ᠠ ᠡᠵᠡᠮᠳᠡᠯ ᠨᠢ ᠦᠨᠡᠨ ᠪᠣᠳᠠᠲᠠᠶ ᠥᠪᠡᠷ᠎ᠦᠨ ᠥᠷᠲᠡᠭ᠎ᠦᠨ ᠳᠠᠪᠠᠭᠤᠯᠢᠭ᠎ᠢ ᠠᠪᠴᠢᠷᠠᠭ᠍ᠰᠠᠨ ᠪᠠᠢᠨ᠎ᠠ᠃ 《ᠲᠥᠷᠥᠯ ᠵᠦᠶ᠋ᠯ᠎ᠦᠨ ᠨᠢᠭᠡᠳᠦᠭᠡᠷ ᠬᠤᠭᠤᠴᠠᠭᠠᠨ᠎ᠳᠤ ᠵᠢᠯ ᠪᠦᠷᠢ 7.6 ᠳ᠋ᠦᠩᠱᠢᠭᠤᠷ ᠭᠷᠠᠳᠦ᠋ᠰ᠎ᠦᠨ ᠪᠤᠬᠢᠷᠲᠤᠯ ᠦᠬᠡᠢ ᠴᠠᠬᠢᠯᠭᠠᠨ ᠭᠠᠷᠭᠠᠵᠤ᠂ ᠡᠷᠦᠬᠡ᠎ᠳᠦ ᠬᠥᠷᠬᠡᠬᠥ᠌ ᠴᠠᠬᠢᠯᠭᠠᠨ᠎ᠤ ᠦᠨ᠎ᠡ᠎ᠶ᠋ᠢ ᠭᠷᠠᠳᠦ᠋ᠰ ᠪᠦᠷᠢ᠎ᠳᠦ 0.36 ᠲᠥᠭᠥᠷᠢᠭ ᠣᠷᠴᠢᠮ᠎ᠳᠦ ᠬᠢᠵᠠᠭᠠᠷᠯᠠᠨ᠎ᠠ》 ᠭᠡᠵᠦ᠍ ᠬᠥᠬᠡᠬᠣᠲᠠ᠎ᠶ᠋ᠢᠨ ᠬᠣᠷᠢᠨᠭᠡᠷ ᠱᠢᠨ᠎ᠡ ᠲᠣᠭᠣᠷᠢᠭ᠎ᠤᠨ ᠬᠤᠸᠠ ᠳ᠋ᠢᠶᠠᠨ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠯᠢ ᠴᠤᠤ ᠲᠠᠨᠢᠯᠴᠠᠭᠤᠯᠪᠠ᠃ ᠡᠭᠦᠨ᠎ᠦ ᠬᠠᠮᠲᠤ᠂ ᠬᠥᠬᠡᠬᠣᠲᠠ᠎ᠶ᠋ᠢᠨ ᠵᠢᠯ᠎ᠦᠨ ᠳᠤᠮᠳᠠᠴᠢ ᠠᠭᠠᠷ᠎ᠤᠨ ᠳᠤᠯᠠᠭᠠᠨ ᠨᠢ 7.7°C ᠪᠠᠢᠵᠤ᠂ ᠵᠢᠯ ᠪᠦᠷᠢ 6 ᠰᠠᠷ᠎ᠠ ᠤᠷᠴᠢᠮ᠎ᠤᠨ ᠬᠤᠭᠤᠴᠠᠭ᠎ᠠ᠎ᠳᠦ ᠪᠠᠢᠭᠠᠯᠢ ᠵᠢᠨ ᠳᠤᠯᠠᠭᠠᠨ᠎ᠤ ᠳᠤᠬᠢᠷᠠᠭᠤᠯᠤᠯᠳᠠ᠎ᠳᠦ ᠲᠦᠱᠢᠭ᠌ᠯᠡᠵᠦ᠍᠂ ᠠᠳᠠᠯᠢᠬᠠᠨ ᠮᠡᠷᠭᠡᠵᠢᠯ᠎ᠦᠨ ᠨᠥᠬᠥᠴᠡᠯ ᠳᠤᠤᠷ᠎ᠠ ᠴᠢᠭᠢᠭ᠌ᠯᠢᠭ ᠬᠠᠯᠠᠭᠤᠨ ᠭᠠᠵᠠᠷ ᠣᠷᠣᠨ᠎ᠤ ᠬᠢ ᠡᠴᠠ ᠨᠠᠭᠠᠲᠤ ᠵᠠᠬ᠎ᠠ ᠳ᠋ᠠᠭᠠᠨ 20% ᠵᠢᠨ ᠴᠠᠬᠢᠯᠭᠠᠨ᠎ᠢ ᠠᠷᠪᠢᠯᠠᠨ᠎ᠠ᠃

ᠤᠯᠠᠭᠠᠨᠴᠠᠪ᠎ᠲᠤ᠂ ᠵᠥᠩ ᠵᠢᠨ ᠲᠣᠭ᠎ᠠ ᠪᠠᠷᠢᠮᠲᠠ᠎ᠶ᠋ᠢᠨ ᠲᠡᠭ ᠨᠡᠭᠦᠷᠡᠰᠦᠲᠥ᠋ᠷᠥᠭ᠌ᠴᠢᠲᠤ ᠪᠤᠳᠤᠯᠲᠠ ᠵᠢᠨ ᠬᠦᠴᠦᠨ᠎ᠦ ᠰᠠᠭᠤᠷᠢᠨ ᠳ᠋ᠤ ᠱᠢᠨ᠎ᠡ ᠡᠨᠧᠷᠭᠢ ᠬᠢᠭᠡᠳ ᠲᠣᠭ᠎ᠠ ᠪᠠᠷᠢᠮᠲᠠ᠎ᠶ᠋ᠢᠨ ᠲᠥᠪ᠎ᠢ ᠱᠢᠭᠤᠳ ᠵᠣᠯᠭᠠᠭᠤᠯᠬᠤ᠎ᠶ᠋ᠢ ᠪᠡᠶᠡᠯᠡᠭᠦᠯᠵᠦ᠍᠂ ᠵᠢᠯ᠎ᠳᠦ 8.48 ᠳ᠋ᠦᠩᠱᠢᠭᠤᠷ ᠭᠷᠠᠳᠦ᠋ᠰ ᠥᠪᠡᠰᠦᠪᠡᠨ ᠲᠠᠷᠬᠠᠭᠠᠵᠤ ᠥᠪᠡᠰᠦᠪᠡᠨ ᠬᠡᠷᠡᠭ᠌ᠯᠡᠬᠦ᠌ ᠪᠣᠬᠢᠷᠲᠤᠯ ᠥᠬᠡᠶ ᠴᠠᠬᠢᠯᠭᠠᠨ ᠭᠠᠷᠭᠠᠵᠤ᠂ ᠵᠢᠯ ᠳᠤᠮᠳᠠᠴᠢ᠎ᠪᠠᠷ 56.7 ᠲᠦᠮᠡᠨ ᠲᠣᠨ ᠨᠡᠭᠦᠷᠡᠰᠦᠲᠥ᠋ᠷᠥᠭ᠌ᠴᠢ ᠵᠢᠨ ᠭᠠᠲᠠᠬᠰᠢᠯᠠᠭᠤᠯᠤᠯᠲᠠ᠎ᠶᠢ ᠪᠠᠭᠠᠰᠭᠠᠪᠠ᠃

4 ᠰᠠᠷ᠎ᠠ᠎ᠶ᠋ᠢᠨ 20 ᠤ᠋ ᠡᠳᠦᠷ᠂ 《ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠬᠦᠷᠢᠶᠡᠯᠡᠩ ᠲᠣᠭᠣᠷᠢᠭ᠎ᠤᠨ ᠲᠠᠰ᠎ᠤᠨ  Token᠎ᠤ᠋ ᠰᠠᠭᠤᠷᠢᠨ ᠤ᠋ ᠲᠥᠷᠥᠯ ᠵᠦᠶ᠋ᠯ》 ᠪᠤᠭᠤᠲᠤ ᠬᠣᠲᠠ᠎ᠶ᠋ᠢᠨ ᠭᠦᠶᠡᠩ ᠱᠢᠶᠠᠨ᠎ᠳᠤ ᠰᠠᠭᠤᠷᠢᠰᠢᠵᠠᠢ᠃ ᠲᠣᠰ ᠲᠥᠷᠥᠯ ᠵᠦᠶ᠋ᠯ᠎ᠨᠢ ᠲᠤᠬᠠᠶ᠎ᠶ᠋ᠢᠨ ᠭᠠᠵᠠᠷ᠎ᠤᠨ ᠰᠠᠯᠬᠢ᠂ ᠬᠡᠷᠡᠯ ᠵᠡᠷᠭᠡ ᠴᠡᠪᠠᠷ ᠡᠨᠧᠷᠭᠢ᠎ᠶ᠋ᠢᠨ ᠳᠠᠪᠠᠭᠤᠯᠢᠭ᠎ᠲᠤ ᠭᠦᠨ ᠲᠦᠱᠢᠭ᠌ᠯᠡᠵᠦ᠍᠂ ᠥᠪᠡᠷ᠎ᠦᠨ ᠥᠷᠲᠡᠭ᠎ᠶ᠋ᠢᠡᠷ ᠲᠤᠤᠷ᠎ᠠ ᠪᠣᠬᠢᠷᠲᠤᠯ ᠥᠬᠡᠶ ᠴᠠᠬᠢᠯᠭᠠᠨ᠎ᠢᠶᠠᠷ ᠬᠥᠳᠡᠯᠭᠡᠭᠦᠷ ᠪᠣᠯᠭᠠᠬᠤ ᠪᠤᠳᠤᠯᠲᠠ ᠵᠢᠨ ᠬᠦᠴᠦᠨ᠎ᠦ ᠰᠠᠭᠤᠷᠢ ᠲᠤᠨᠤᠭ ᠲᠦᠬᠦᠬᠡᠷᠤᠮᠵᠢ ᠶ᠋ᠢ ᠬᠡᠪᠴᠢᠶᠡᠵᠢᠭᠦᠯᠦᠨ ᠬᠥᠭ᠌ᠵᠢᠬᠦᠯᠵᠤ᠂ ᠥᠪᠡᠷᠮᠢᠴᠡ ᠣᠨᠴᠠᠯᠢᠭ᠎ᠲᠠᠶ 《ᠴᠠᠬᠢᠯᠭᠠᠨ ᠬᠦᠴᠦᠨ᠎ᠢ ᠣᠷᠣᠭᠤᠯᠬᠤ᠂ Token ᠢ᠋ ᠭᠠᠷᠭᠠᠬᠤ》 ᠠᠵᠤ ᠦᠶ᠋ᠯᠡᠰ᠎ᠦᠨ ᠪᠢᠲᠡᠭᠦᠦ ᠴᠠᠭᠠᠷᠢᠭ᠎ᠢ ᠪᠦᠷᠢᠯᠳᠦᠭᠦᠯᠵᠡᠶ᠃

ᠡᠨᠡ ᠨᠢ ᠥᠪᠥᠷ ᠮᠣᠩᠭᠣᠯ᠎ᠤᠨ 《ᠪᠤᠬᠢᠷᠲᠤᠯ ᠦᠬᠡᠢ ᠴᠠᠬᠢᠯᠭᠠᠨ᠎ᠢ ᠱᠢᠭᠤᠳ ᠬᠠᠩᠭᠠᠬᠤ》 ᠡᠴᠠ 《ᠪᠤᠬᠢᠷᠲᠤᠯ ᠦᠬᠡᠢ ᠴᠠᠬᠢᠯᠭᠠᠨ᠎ᠢ ᠥᠨᠳᠥᠷ ᠦᠷᠳᠡᠭ ᠳᠠᠢ ᠤᠯᠠᠷᠢᠭᠤᠯᠬᠤ》 ᠱᠢᠨ᠎ᠡ ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃

ᠪᠦᠬᠦ᠌ ᠤᠷᠤᠨ ᠪᠦᠰᠡ ᠳ᠋ᠤ ᠬᠦᠴᠤᠨ ᠤᠯᠭᠤᠨ᠎ᠠ᠄ Token ᠡᠯ᠎ᠠ ᠠᠵᠢᠯ ᠲᠥᠷᠥᠯ᠎ᠢ 《ᠭᠡᠷᠡᠯᠲᠦᠭᠦᠯᠪᠠ》

《ᠪᠤᠲᠤᠯᠲᠠ ᠵᠢᠨ ᠬᠦᠴᠦᠨ᠎ᠦ ᠡᠬᠢ ᠪᠠᠶᠠᠯᠢᠭ᠎ᠢ ᠪᠠᠢᠭᠤᠯᠬᠤ ᠪᠣᠯ ᠵᠦᠪᠬᠡᠨ ᠲᠦᠷᠦᠭᠦᠤ ᠠᠯᠬᠤᠮ ᠲᠡᠳᠦᠢ᠂ ᠵᠠᠩᠭᠢᠯᠠᠭ᠎ᠠ ᠨᠢ ᠪᠠᠰᠠ ᠬᠡᠷᠡᠭ᠌ᠯᠡᠬᠦ ᠪᠤᠶᠤ ᠠᠮᠢᠳᠤᠯᠢᠭ ᠪᠣᠯᠭᠠᠬᠤ᠎ᠳᠦ ᠪᠤᠢ》᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠯᠢᠦ ᠵᠢᠶᠦ᠋ᠨ ᠢ ᠢᠯᠡᠷᠬᠡᠢᠯᠡᠬᠦ᠌᠎ᠳᠡᠭᠡᠨ᠂ 《ᠪᠢᠳᠡ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠪᠦᠯᠦᠭᠵᠢᠯ᠎ᠢ ᠰᠠᠢᠲᠤᠷ ᠪᠠᠢᠭᠤᠯᠵᠤ᠂ ᠪᠤᠳᠤᠯᠲᠠ ᠵᠢᠨ ᠬᠦᠴᠦᠨ᠎ᠦ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠲᠣᠬᠢᠷᠠᠭᠤᠯᠵᠤ᠂ ᠲᠦᠭᠡᠮᠡᠯ ᠬᠠᠷᠠᠭᠠᠯᠵᠠᠯᠲᠤ ᠳᠥᠭᠥᠮ ᠳᠥᠲᠡ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠬᠤ᠎ᠪᠠᠷ ᠪᠠᠷᠠᠬᠤ ᠥᠬᠡᠶ᠂ ᠨᠠᠩ ᠴᠤ᠌ ᠪᠤᠳᠤᠯᠲᠠ ᠵᠢᠨ ᠬᠦᠴᠦᠨ᠎ᠦ ᠥᠷᠲᠡᠭ᠎ᠤ᠋ᠨ ᠨᠡᠮᠡᠭᠲᠠᠯ᠂ ᠵᠠᠭ᠍ᠪᠤᠷ᠎ᠤᠨ ᠦᠶ᠋ᠯᠡᠴᠢᠯᠡᠭᠡ᠂ ᠲᠣᠭ᠎ᠠ ᠪᠠᠷᠢᠮᠲᠠ᠎ᠶ᠋ᠢᠨ ᠭᠦᠶ᠋ᠯᠭᠡᠭᠡ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠱᠢᠶ᠋ᠳᠪᠦᠷᠢᠯᠡᠬᠦ᠌ ᠲᠥᠰᠦᠯ᠂ ᠣᠶᠤᠨᠴᠢ ᠪᠡᠶ᠎ᠡ᠎ᠶ᠋ᠢ ᠨᠡᠭᠡᠭᠡᠨ ᠬᠥᠭ᠌ᠵᠢᠭᠦᠯᠬᠦ᠌ ᠵᠢᠴᠢ ᠠᠮᠤᠷ ᠲᠦᠪᠱᠢᠨ᠎ᠦ ᠮᠡᠷᠭᠡᠵᠢᠯ᠎ᠦᠨ ᠪᠠᠲᠤᠯᠠᠭ᠎ᠠ ᠵᠡᠷᠭᠡ ᠡᠯ᠎ᠡ ᠲᠥᠷᠥᠯ᠎ᠦᠨ ᠭᠤᠤᠯ ᠴᠣᠭ᠍ᠴᠠ᠎ᠶ᠋ᠢ ᠲᠦᠷᠭᠡᠨ ᠬᠤᠷᠠᠮᠳᠤᠭᠤᠯᠵᠤ᠂ ᠪᠦᠷᠢᠨ ᠲᠠᠬᠦᠯᠲᠠᠷ᠂ ᠬᠥᠭ᠌ᠵᠢᠶᠡᠨᠲᠡᠶ ᠠᠵᠤ ᠦᠶ᠋ᠯᠡᠰ᠎ᠦᠨ ᠠᠮᠢ ᠠᠬᠤᠶ ᠶ᠋ᠢ ᠪᠦᠷᠢᠯᠲᠤᠬᠦᠯᠪᠠᠯ ᠰᠠᠶᠢ ᠵᠣᠬᠢᠶᠠᠮᠠᠯ ᠣᠶᠤᠨ ᠴᠢᠳᠠᠪᠤᠷᠢ ᠨᠢ ᠥᠪᠥᠷ ᠮᠣᠩᠭᠣᠯ᠎ᠳᠤ ᠵᠢᠩᠬᠢᠨᠢ᠎ᠪᠡᠷ ᠦᠨᠳᠦᠰᠦᠯᠡᠠ ᠬᠦᠭᠵᠢᠵᠦ ᠴᠢᠲᠠᠨ᠎ᠠ》 ᠬᠡᠪᠠ᠃

ᠡᠨᠡ ᠪᠣᠯ ᠥᠪᠥᠷ ᠮᠣᠩᠭᠣᠯ᠎ᠤᠨ ᠪᠤᠳᠤᠯᠲᠠ ᠵᠢᠨ ᠬᠦᠴᠦᠨ᠎ᠦ ᠠᠵᠤ ᠦᠶ᠋ᠯᠡᠰ᠎ᠦᠨ 《ᠬᠡᠪᠴᠢᠶ᠎ᠡ᠎ᠪᠡᠷ ᠲᠦᠷᠦᠭᠦᠯᠡᠬᠦ᠌》 ᠡᠴᠠ 《ᠥᠷᠲᠡᠭ᠎ᠢᠶᠡᠷ ᠬᠥᠲᠥᠯᠦᠨ ᠳᠠᠭᠠᠭᠤᠯᠬᠤ》 ᠳᠠᠰᠢ ᠤᠷᠤᠭ᠍ᠰᠢᠯᠠᠭ᠍ᠰᠠᠨ ᠵᠠᠩᠭᠢᠯᠠᠭ᠎ᠠ᠎ᠶ᠋ᠢᠨ ᠦᠰᠦᠷᠦᠯᠲᠡ ᠪᠣᠯᠤᠨ᠎ᠠ᠃ 118 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠨᠤᠲᠤᠭ ᠳᠡᠪᠢᠰᠭᠡᠷ ᠳᠡᠭᠡᠷ᠎ᠡ᠂ ᠨᠢᠭᠡ ᠬᠷᠠᠲᠦ᠋ᠰ ᠴᠠᠬᠢᠯᠭᠠᠨ ᠨᠢ Token ᠪᠣᠯᠤᠭ᠍ᠰᠠᠨ᠎ᠤ ᠳᠠᠷᠠᠭ᠎ᠠ᠂ ᠶᠠᠭ 《ᠵᠣᠬᠢᠶᠠᠮᠠᠯ ᠣᠶᠤᠨ ᠴᠢᠳᠠᠪᠤᠷᠢ +》 ᠬᠡᠯᠪᠡᠷᠢ᠎ᠪᠡᠷ ᠡᠨᠧᠷᠭᠢ ᠴᠠᠬᠢᠯᠭᠠᠨ ᠬᠦᠴᠦᠨ᠂ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠠᠵᠤ ᠦᠶ᠋ᠯᠡᠰ᠎ᠲᠦ ᠨᠡᠪᠴᠢᠨ ᠣᠷᠣᠵᠤ ᠪᠠᠢᠨ᠎ᠠ᠃

ᠬᠥᠬᠡᠬᠣᠲᠠ᠎ᠳᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠡᠪᠡᠳᠴᠢᠨ ᠡᠮᠭᠡᠭ᠎ᠢ ᠡᠷᠲᠡ ᠱᠢᠭ᠌ᠰᠢᠬᠦ᠌ ᠱᠢᠰᠲ᠋ᠧᠮ᠎ᠨᠢ ᠶᠠᠭ ᠤᠯᠠᠮᠵᠢᠯᠠᠯᠲᠤ ᠣᠨᠣᠱᠢᠯᠠᠨ ᠡᠮᠨᠡᠬᠦ᠌ ᠵᠠᠭ᠍ᠪᠤᠷ᠎ᠢ ᠬᠤᠪᠢᠷᠠᠭᠤᠯᠵᠤ ᠪᠠᠢᠨ᠎ᠠ; ᠪᠤᠭᠤᠲᠤ ᠬᠣᠲᠠ᠎ᠳᠤ᠂ ᠤᠶᠤᠨᠲᠤ ᠠᠭᠤᠷᠬᠠᠶ ᠪᠠ ᠰᠦᠯᠵᠢᠶᠡᠨ᠎ᠦ ᠬᠠᠮᠵᠢᠯᠴᠠᠨ ᠦᠶ᠋ᠯᠡᠳᠬᠦ᠌᠎ᠶ᠋ᠢ ᠲᠦᠷᠭᠡᠳᠭᠡᠨ ᠠᠬᠢᠭᠤᠯᠵᠤ ᠪᠣᠶ; ᠣᠷᠳᠣᠰ ᠬᠣᠲᠠ᠎ᠳᠤ᠂ ᠡᠨᠧᠷᠭᠢ᠎ᠶ᠋ᠢᠨ ᠲᠣᠭᠠᠴᠢᠯᠠᠯᠲᠠ ᠪᠠ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ ᠭᠦᠨᠵᠡᠭᠡᠶ ᠠᠭᠤᠰᠤᠯᠴᠠᠵᠦ ᠪᠤᠢ; ᠤᠯᠠᠭᠠᠨᠴᠠᠪ ᠬᠣᠲᠠ᠎ᠶ᠋ᠢᠨ ᠤᠶᠤᠨᠲᠤ ᠬᠣᠲᠠ᠎ᠶ᠋ᠢᠨ ᠵᠢᠯᠣᠭᠣᠳᠭᠤ ᠲᠥᠪ᠂ ᠵᠠᠮ ᠬᠠᠷᠢᠯᠴᠠᠭᠠᠨ᠎ᠤ ᠤᠷᠤᠰᠴᠠ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ᠂ ᠣᠯᠠᠨ ᠨᠡᠢᠲᠡ᠎ᠶ᠋ᠢᠨ ᠠᠮᠤᠷ ᠲᠦᠪᠱᠢᠨ ᠵᠡᠷᠭᠡ ᠲᠣᠭ᠎ᠠ ᠪᠠᠷᠢᠮᠲᠠ᠎ᠶ᠋ᠢ ᠴᠠᠭ ᠲᠤᠬᠠᠶ᠎ᠳᠤᠨᠢ ᠴᠤᠭ᠍ᠯᠠᠭᠤᠯᠵᠤ᠂ ᠠᠵᠢᠯᠲᠠᠳ ᠲᠣᠮᠣ ᠳ᠋ᠠᠢᠲ᠋ᠠ ᠵᠢᠨ ᠵᠠᠳᠠᠯᠤᠯᠲᠠ᠎ᠳᠤ ᠲᠦᠱᠢᠭ᠌ᠯᠡᠨ ᠨᠠᠷᠢᠯᠢᠭ ᠤᠨᠤᠴᠠᠲᠠᠢ ᠪᠠᠷ ᠲᠣᠬᠢᠷᠠᠭᠤᠯᠤᠯᠲᠠ ᠬᠢᠬᠦ᠌᠎ᠶ᠋ᠢ ᠪᠡᠶᠡᠯᠡᠭᠦᠯᠪᠠ᠃ ᠴᠠᠭᠠᠨ ᠢᠳᠡᠭᠡᠨ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠤᠯᠤᠰ᠎ᠤᠨ 3 ᠲᠡᠷᠢᠭᠦᠨ᠎ᠦ ᠦᠶ᠋ᠯᠡᠳᠬᠦ᠌ ᠦᠶ᠋ᠯᠡᠰ᠎ᠦᠨ ᠪᠦᠯᠦᠭ᠌ᠯᠡᠯ᠎ᠨᠢ ᠶᠠᠭ AI ᠪᠤᠳᠤᠯᠲᠠ ᠵᠢᠨ ᠬᠦᠴᠦᠨ᠎ᠢ ᠠᠱᠢᠭ᠍ᠯᠠᠨ ᠰᠤᠳᠤᠯᠤᠨ ᠨᠡᠭᠡᠭᠡᠵᠦ᠍ ᠵᠢᠷᠤᠵᠤ ᠲᠥᠯᠥᠪᠯᠡᠬᠦ᠌᠎ᠡᠴᠡ ᠦᠶ᠋ᠯᠡᠳᠪᠦᠷᠢᠯᠡᠨ ᠦᠶ᠋ᠯᠡᠳᠬᠦ᠌ ᠬᠦᠷᠲᠡᠯᠡᠬᠢ ᠪᠥᠬᠥ᠌ ᠬᠡᠯᠬᠢᠶᠡᠨ᠎ᠦ ᠤᠶᠤᠨᠴᠢᠯᠠᠯᠲᠠ᠎ᠶ᠋ᠢ ᠪᠡᠶᠡᠯᠡᠭᠦᠯᠵᠦ᠍ ᠪᠤᠢ᠃

ᠵᠠᠰᠠᠭ᠎ᠤᠨ ᠶᠠᠪᠤᠳᠠᠯ᠎ᠤᠨ 《ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》 ᠡᠴᠡ AI ᠪᠡᠷ ᠡᠪᠡᠳᠴᠢᠨ᠎ᠢ ᠡᠷᠲᠡ ᠱᠢᠭ᠌ᠰᠢᠬᠦ᠌ ᠬᠦᠷᠲᠡᠯ᠎ᠡ᠂ ᠣᠶᠤᠨᠴᠢ ᠬᠢᠴᠢᠶᠡᠯ᠎ᠦᠨ ᠲᠠᠩᠬᠢᠮ᠎ᠠᠴᠠ ᠠᠦ᠋ᠲ᠋ᠣ᠋ ᠵᠢᠯᠣᠭᠣᠳᠭᠤ ᠪᠣᠯᠪᠠᠰᠤᠷᠠᠯ ᠬᠦᠷᠲᠡᠯ᠎ᠡ᠂ ᠪᠤᠳᠤᠯᠲᠠ ᠵᠢᠨ ᠬᠦᠴᠦᠨ᠎ᠨᠢ ᠦᠷᠡᠵᠢᠭᠦᠯᠬᠦ᠌ ᠲᠣᠭᠠᠨ᠎ᠤ ᠦᠶ᠋ᠯᠡᠳᠦᠯ᠎ᠢ ᠪᠠᠳᠠᠷᠠᠭᠤᠯᠵᠤ ᠪᠠᠢᠨ᠎ᠠ᠃ ᠲᠦᠷᠦᠭᠦᠬᠡᠨ ᠳᠠᠷᠤᠮᠠᠯᠯᠠᠨ ᠲᠠᠷᠬᠠᠭᠠᠭ᠍ᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠵᠣᠬᠢᠶᠠᠮᠠᠯ ᠣᠶᠤᠨ ᠴᠢᠳᠠᠪᠤᠷᠢ +〉 ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ (2026 — 2028 ᠣᠨ)》 ᠳ᠋ᠤ᠂ 2028 ᠣᠨ ᠪᠣᠯᠬᠤ᠎ᠳᠤ 6᠎ᠡᠴᠠ ᠳᠡᠭᠡᠭ᠌ᠰᠢᠬᠢ ᠠᠵᠢᠯ ᠲᠥᠷᠥᠯ᠎ᠦᠨ ᠲᠣᠮᠣ ᠵᠠᠭ᠍ᠪᠤᠷ᠎ᠢ ᠭᠤᠤᠯᠳᠠᠯᠭ᠎ᠠ᠎ᠲᠠᠶ ᠪᠣᠢᠵᠢᠭᠤᠯᠵᠤ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠦ ᠲᠦᠪᠱᠢᠨ᠎ᠳᠦ ᠬᠦᠷᠭᠡᠵᠦ᠍᠂ 《ᠪᠣᠬᠢᠷᠲᠤᠯ ᠥᠬᠡᠶ ᠪᠤᠳᠤᠯᠲᠠ ᠵᠢᠨ ᠬᠦᠴᠦᠨ + AI》 ᠬᠡᠷᠡᠭ᠌ᠯᠡᠭᠡᠨ᠎ᠦ ᠰᠠᠭᠤᠷᠢᠨ ᠤ᠋ ᠲᠥᠯᠥᠪ ᠪᠠᠢᠳᠠᠯ᠎ᠢ ᠤᠯᠠᠮ ᠲᠣᠳᠣᠷᠬᠠᠶ ᠪᠣᠯᠭᠠᠨ᠎ᠠ᠃

ᠨᠢᠭᠡ ᠬᠷᠠᠲᠦ᠋ᠰ ᠴᠠᠬᠢᠯᠭᠠᠨ᠎ᠠᠴᠠ ᠨᠢᠭᠡ Token ᠬᠦᠷᠲᠡᠯ᠎ᠡ᠂ ᠡᠨᠡ ᠬᠡᠰᠡᠭ ᠭᠠᠵᠠᠷ ᠲᠸ᠋  ᠶᠠᠭ ᠡᠭᠦᠰᠴᠦ᠍ ᠪᠠᠢᠭ᠎ᠠ ᠨᠢ 《ᠲᠦᠭᠦᠬᠡᠶ ᠮᠠᠲ᠋ᠧᠷᠢᠶᠠᠯ ᠬᠤᠳᠠᠯᠳᠤᠬᠤ》 ᠡᠴᠠ 《ᠪᠤᠳᠤᠯᠲᠠ ᠵᠢᠨ ᠬᠦᠴᠤᠨ᠎ᠢ ᠬᠤᠳᠠᠯᠳᠤᠬᠤ》 ᠬᠦᠷᠲᠡᠯ᠎ᠡ᠂ ᠳᠠᠬᠢᠨ 《ᠦᠶ᠋ᠯᠡᠴᠢᠯᠡᠭᠡ ᠬᠤᠳᠠᠯᠳᠤᠬᠤ》 ᠬᠦᠷᠲᠡᠯᠡᠬᠢ ᠬᠡᠯᠬᠢᠶᠠᠲᠤ ᠮᠠᠶᠢᠭ᠎ᠤᠨ ᠥᠷᠲᠡᠭ᠎ᠤᠨ ᠦᠰᠦᠷᠦᠯᠳᠡ ᠪᠤᠯᠤᠨ᠎ᠠ᠃ ᠲᠠᠯ᠎ᠠ ᠨᠤᠲᠤᠭ᠎ᠤᠨ ᠰᠠᠯᠬᠢ ᠬᠡᠷᠠᠯ ᠤ᠋ᠨ ᠡᠬᠢ ᠪᠠᠶᠠᠯᠢᠭ ᠵᠢᠡᠷ ᠣᠷᠭᠢᠯᠣᠨ ᠪᠠᠳᠠᠷᠠᠭ᠍ᠰᠠᠨ Token᠂ ᠨᠢᠭᠡᠨ 《ᠲᠣᠭᠠᠴᠢᠯᠠᠭ᠍ᠰᠠᠨ ᠥᠪᠥᠷ ᠮᠣᠩᠭᠣᠯ》 ᠶᠠᠭ ᠪᠤᠬᠢᠷᠲᠤᠯ ᠦᠬᠡᠢ ᠴᠠᠬᠢᠯᠭᠠᠨ ᠪᠠ ᠪᠤᠳᠤᠯᠲᠠ ᠵᠢᠨ ᠬᠦᠴᠦᠨ᠎ᠦ ᠨᠠᠢᠷᠠᠯ ᠬᠥᠭ᠌ᠵᠢᠮ ᠳᠤᠮᠳᠠ ᠦᠷᠨᠢᠨ ᠬᠦᠭᠵᠢᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号