ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ ᠪᠤᠢ
ᠣᠢᠷ᠎ᠠ᠎ᠶ᠋ᠢᠨ ᠡᠳᠦᠷ᠎ᠦᠳ᠎ᠲᠦ᠂ ᠥᠪᠥᠷ ᠮᠣᠩᠭᠣᠯ᠎ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠲᠦᠷᠭᠡᠨ ᠳᠠᠢᠴᠢᠯᠠᠨ ᠪᠠᠢᠷᠢᠯᠠᠭᠤᠯᠵᠤ᠂ ᠠᠵᠢᠯ᠎ᠤᠨ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠵᠤ᠂ ᠰᠤᠷᠤᠯᠴᠠᠬᠤ᠂ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠬᠤ ᠪᠥᠬᠥ᠌ ᠶᠠᠪᠤᠴᠠ᠎ᠶ᠋ᠢ ᠨᠢᠭᠡᠳᠦᠯᠲᠡᠶ ᠲᠥᠯᠥᠪᠵᠢᠭᠦᠯᠦᠨ ᠨᠠᠢᠳᠠᠪᠤᠷᠢᠵᠢᠭᠤᠯᠵᠤ᠂ ᠨᠠᠮ᠎ᠤᠨ ᠭᠡᠱᠢᠭᠦᠨ ᠺᠠᠳ᠋ᠷᠴᠤᠳ ᠢ ᠵᠣᠬᠢᠶᠠᠨ ᠪᠠᠢᠭᠤᠯᠤᠨ ᠰᠡᠳᠭᠢᠯ ᠳᠡᠯᠪᠢᠨ ᠰᠤᠷᠤᠯᠴᠠᠵᠤ᠂ ᠪᠣᠳᠠᠲᠠᠶ᠎ᠶ᠋ᠢ ᠡᠷᠬᠢᠮᠯᠡᠨ ᠠᠵᠢᠯᠯᠠᠵᠤ᠂ ᠣᠨᠣᠯ᠎ᠤᠨ ᠰᠤᠷᠤᠯᠴᠠᠯᠭ᠎ᠠ᠎ᠳᠤ ᠲᠦᠱᠢᠭ᠌ᠯᠡᠨ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠳᠠᠪᠲᠠᠨ ᠪᠣᠯᠪᠠᠰᠤᠷᠠᠭᠤᠯᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠳᠤᠬᠠᠢ ᠵᠦᠪ ᠦᠵᠡᠯᠲᠡ᠎ᠪᠡᠷ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠪᠠ᠃
ᠥᠪᠥᠷ ᠮᠣᠩᠭᠣᠯ᠎ᠤᠨ ᠱᠢᠨᠬᠤᠸᠠ ᠲᠠᠷᠬᠠᠭᠠᠯᠲᠠ᠎ᠶ᠋ᠢᠨ ᠪᠦᠯᠦᠭ᠌ᠯᠡᠯ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠵᠤ᠂ 《ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ ᠲᠦᠮᠡᠨ᠎ᠳᠦ ᠪᠤᠶᠠᠨ ᠦᠢᠯᠡᠳᠴᠦ᠍᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠪᠠᠷ ᠭᠣᠣᠯᠳᠠᠭᠤᠯᠵᠤ᠂ ᠭᠤᠯᠳᠤ᠎ᠪᠠᠷ ᠬᠣᠯᠪᠣᠭᠠᠯᠠᠨ ᠬᠥᠳᠡᠯᠦᠯᠴᠡᠬᠦ᠌᠂ ᠬᠥᠨᠳᠡᠯᠡᠨ᠎ᠢᠶᠡᠷ ᠬᠠᠮᠵᠢᠯᠴᠠᠬᠤ᠂ ᠪᠦᠬᠦ᠌ ᠠᠵᠢᠯᠲᠠᠨ᠎ᠢ ᠬᠠᠮᠤᠷᠬᠤ ᠠᠵᠢᠯ᠎ᠤᠨ ᠪᠠᠢᠷᠢᠱᠢᠯ᠎ᠢ ᠪᠠᠢᠭᠤᠯᠪᠠ᠃ 《ᠰᠤᠷᠤᠯᠴᠠᠬᠤ》 ᠵᠢᠨ ᠭᠦᠨᠴᠡ᠎ᠶ᠋ᠢ ᠳᠣᠪᠣᠢᠯᠭᠠᠵᠤ᠂ 《ᠬᠠᠮᠲᠤ᠎ᠪᠠᠷ ᠰᠤᠳᠤᠯᠤᠨ ᠤᠩᠱᠢᠬᠤ + ᠲᠤᠰᠭᠠᠶ ᠮᠡᠷᠭᠡᠵᠢᠯᠲᠡᠨᠬᠢᠴᠢᠶᠡᠯ ᠤᠷᠤᠬᠤ + ᠬᠡᠷᠡᠭ᠎ᠦᠨ ᠵᠢᠱ᠌ᠢᠶ᠎ᠡ᠎ᠪᠡᠷ ᠰᠡᠷᠡᠮᠵᠢᠯᠡᠭᠦᠯᠬᠦ᠌ + ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠬᠤ》 ᠵᠡᠷᠭᠡ ᠣᠯᠠᠨ ᠵᠦᠶ᠋ᠯ᠎ᠦᠨ ᠬᠡᠯᠪᠡᠷᠢ᠎ᠪᠡᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠲᠡᠷᠡ ᠬᠡᠪ᠎ᠢᠶᠡᠷ ᠨᠢ ᠰᠤᠷᠤᠯᠴᠠᠵᠤ᠂ ᠠᠰᠠᠭᠤᠳᠠᠯ᠎ᠳᠤ ᠴᠢᠭ᠌ᠯᠡᠭᠦᠯᠦᠨ ᠰᠤᠷᠤᠯᠴᠠᠵᠤ᠂ ᠪᠣᠳᠠᠲᠠᠶ᠎ᠲᠠᠶ ᠤᠶᠠᠯᠳᠤᠭᠤᠯᠤᠨ ᠰᠤᠷᠤᠯᠴᠠᠬᠤ᠎ᠶ᠋ᠢᠨ ᠬᠠᠮᠲᠤ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠠᠰᠠᠭᠤᠳᠠᠯ᠎ᠢ ᠭᠦᠨᠵᠡᠭᠡᠶ ᠪᠠᠢᠴᠠᠭᠠᠨ ᠳᠡᠯᠭᠡᠵᠦ᠍᠂ ᠴᠡᠭ᠌ᠴᠡᠯᠡᠨ ᠰᠠᠢᠵᠢᠷᠠᠭᠤᠯᠬᠤ ᠨᠠᠷᠢᠨ ᠲᠠᠩᠰᠠ᠎ᠶ᠋ᠢ ᠪᠠᠢᠭᠤᠯᠪᠠ; 《ᠬᠢᠬᠦ᠌》 ᠵᠢᠨ ᠪᠣᠳᠠᠲᠤ ᠦᠷ᠎ᠡ ᠪᠦᠲᠦᠮᠵᠢ᠎ᠶ᠋ᠢ ᠳᠣᠪᠣᠢᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠭᠤᠤᠯ ᠰᠢᠵᠢᠮ᠎ᠢ ᠪᠠᠲᠤ ᠴᠣᠭ᠍ᠴᠠᠯᠠᠵᠤ᠂ 《ᠬᠠᠭᠤᠴᠢᠨᠨᠤᠮ ᠡᠴᠡ ᠱᠢᠨᠡᠰᠡᠩᠭᠡᠷᠡᠭᠦᠯᠦᠯ ᠤᠯᠬᠤ》 ᠨᠣᠮ ᠪᠢᠴᠢᠭ᠎ᠦᠨ ᠡᠷᠭᠢᠯᠲᠡ᠎ᠶ᠋ᠢᠨ ᠲᠠᠪᠴᠠᠩ᠎ᠢ ᠭᠦᠨᠵᠡᠭᠡᠢᠷᠡᠭᠦᠯᠵᠦ᠍᠂ 《ᠬᠤᠨ ᠭᠠᠯᠠᠭᠤ ᠨᠣᠮ ᠪᠢᠴᠢᠭ᠎ᠤᠨ ᠪᠠᠶᠠᠰᠤᠯᠳᠤ ᠤᠩᠱᠢᠯᠭ᠎ᠠ》 ᠬᠣᠲᠠ ᠬᠥᠳᠡᠭᠡ᠎ᠶ᠋ᠢᠨ ᠦᠶ᠋ᠯᠡᠴᠢᠯᠡᠭᠡᠨ᠎ᠦ ᠰᠦᠯᠵᠢᠶ᠎ᠡ᠎ᠶ᠋ᠢ ᠥᠷᠭᠡᠳᠭᠡᠵᠦ᠍᠂ 《ᠥᠪᠥᠷ ᠮᠣᠩᠭᠣᠯ᠎ᠤ᠋ᠨ ᠨᠤᠮ ᠤᠩᠰᠢᠯᠭ᠎ᠠ》 ᠵᠡᠷᠭᠡ ᠲᠥᠷᠥᠯ ᠲᠡᠮᠳᠡᠭ᠌᠎ᠢ ᠪᠣᠶ ᠪᠣᠯᠭᠠᠵᠤ᠂ ᠨᠣᠮ ᠬᠤᠳᠠᠯᠳᠤᠬᠤ ᠨᠡᠭᠦᠳᠡᠯ ᠲᠡᠷᠭᠡ᠂ ᠲᠠᠯ᠎ᠠ ᠨᠤᠲᠤᠭ᠎ᠤᠨ ᠨᠣᠮ᠎ᠤᠨ ᠥᠷᠥᠭᠡ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠰᠣᠶᠣᠯ᠎ᠤᠨ ᠦᠶ᠋ᠯᠡᠴᠢᠯᠡᠭᠡᠨ᠎ᠦ 《ᠡᠴᠦᠰ᠎ᠦᠨ ᠨᠢᠭᠡ ᠺᠢᠯᠣᠮᠧᠲ᠋ᠷ》᠎ᠢ᠋ ᠨᠡᠪᠲᠡᠷᠡᠭᠦᠯᠪᠡ; 《ᠰᠠᠢᠵᠢᠷᠠᠭᠤᠯᠬᠤ》 ᠵᠢᠨ ᠦᠷ᠎ᠡ ᠪᠦᠲᠦᠮᠵᠢ᠎ᠶ᠋ᠢ ᠳᠣᠪᠣᠢᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠲᠠᠢ ᠰᠠᠨᠠᠭᠠᠴᠢᠯᠠᠭ᠎ᠠ ᠡᠴᠡ᠎ᠪᠠᠨ ᠪᠠᠷᠢᠮᠵᠢᠶᠠᠯᠠᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠳᠤᠬᠠᠢ ᠵᠦᠪ ᠦᠵᠡᠯᠲᠡ᠎ᠪᠡᠷ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠎ᠶ᠋ᠢ ᠬᠠᠮᠤᠭ᠎ᠤᠨ ᠶᠡᠬᠡ ᠠᠵᠢᠯ᠎ᠤᠨ ᠪᠦᠲᠦᠮᠵᠢ ᠪᠣᠯᠭᠠᠵᠤ᠂ ᠭᠤᠤᠯ ᠠᠵᠢᠯ᠎ᠢᠶᠠᠨ ᠴᠢᠩᠭᠠᠳᠭᠠᠵᠤ᠂ ᠡᠵᠡᠩᠨᠡᠯᠲᠡ᠎ᠶ᠋ᠢᠨ ᠬᠡᠯᠪᠡᠷᠢ᠎ᠪᠡᠨ ᠥᠷᠭᠡᠳᠭᠡᠵᠦ᠍᠂ ᠭᠦᠨᠵᠡᠭᠡᠶ ᠰᠤᠷᠤᠯᠴᠠᠨ᠂ ᠵᠢᠭ᠍ᠰᠠᠭᠠᠯ᠎ᠤᠨ ᠭᠠᠵᠠᠷ᠎ᠢᠶᠠᠨ ᠪᠡᠬᠢᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠤ ᠪᠥᠲᠥᠭᠡᠨ ᠪᠠᠢᠭᠤᠯᠤᠯᠲᠠ᠎ᠳᠤ ᠨᠤᠮ ᠪᠢᠴᠢᠭ᠎ᠦᠨ ᠬᠦᠴᠦᠨ ᠴᠢᠳᠠᠯ᠎ᠢᠶᠠᠨ ᠡᠷᠭᠦᠪᠠ᠃
ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠦᠭ᠌ᠰᠡᠨᠡᠴᠡ ᠨᠠᠭᠠᠰᠢ᠂ ᠤᠯᠠᠭᠠᠨᠬᠠᠳᠠ ᠬᠣᠲᠠ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠶ᠋ᠢ ᠳᠣᠪᠣᠢᠯᠭᠠᠵᠤ᠂ ᠳᠡᠭᠡᠳᠦ ᠱᠠᠲᠤ ᠨᠢ ᠳᠤᠤᠷᠠᠳᠤ ᠱᠠᠲᠤ᠎ᠪᠠᠨ ᠳᠠᠭᠠᠭᠤᠯᠤᠨ ᠠᠬᠢᠭᠤᠯᠬᠤ᠂ ᠴᠢᠩᠭ᠎ᠠ ᠵᠢᠯᠣᠭᠣᠳᠭᠤ᠂ ᠤᠬᠠᠭᠤᠯᠵᠤ ᠬᠥᠲᠥᠯᠥᠨ ᠵᠢᠯᠣᠭᠣᠳᠭᠤ ᠭᠤᠷᠪᠠᠨ ᠶᠡᠬᠡ ᠠᠵᠢᠯ᠎ᠤᠨ ᠱᠢᠰᠲ᠋ᠧᠮ ᠢ᠋ ᠪᠠᠢᠭᠤᠯᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠭᠦᠨᠵᠡᠭᠡᠢ ᠠᠬᠢᠭᠤᠯᠪᠠ᠃ ᠤᠯᠠᠭᠠᠨᠬᠠᠳᠠ ᠬᠣᠲᠠ ᠴᠢᠩᠭ᠎ᠠ ᠪᠣᠳᠠᠲᠠᠶ᠎ᠶ᠋ᠢ ᠳᠣᠪᠣᠢᠯᠭᠠᠵᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠪᠥᠬᠥ᠌ ᠬᠣᠲᠠ᠎ᠶ᠋ᠢᠨ ᠱᠢᠶᠠᠨ ᠭᠠᠵᠠᠷ᠎ᠤᠨ ᠲᠠᠰ ᠡᠴᠡ ᠳᠡᠭᠡᠭ᠌ᠰᠢᠬᠢ ᠤᠳᠤᠷᠢᠳᠭᠤ ᠪᠠᠭ 152 ᠬᠤᠭᠤᠴᠠᠭ᠎ᠠ ᠨᠣᠮ ᠤᠩᠱᠢᠬᠤ ᠠᠩᠭᠢ ᠡᠷᠭᠢᠯᠡᠵᠦ᠍᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠎ᠶ᠋ᠢ 313 ᠤᠳᠠᠭ᠎ᠠ ᠥᠷᠨᠢᠭᠦᠯᠵᠦ᠍᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠭᠤᠷᠪᠠᠨ ᠬᠤᠷᠠᠯ ᠨᠢᠭᠡ ᠬᠢᠴᠢᠶᠡᠯ》᠎ᠢ᠋ 20515 ᠤᠳᠠᠭ᠎ᠠ ᠥᠷᠨᠢᠭᠦᠯᠵᠦ᠍᠂ ᠨᠠᠮ᠎ᠤᠨ ᠭᠡᠱᠢᠭᠦᠨ᠂ ᠺᠠᠳ᠋ᠷ᠎ᠤᠨ ᠰᠤᠷᠤᠯᠴᠠᠯᠭ᠎ᠠ᠎ᠶ᠋ᠢ ᠨᠡᠢᠳᠡᠮ ᠪᠦᠷᠬᠦᠭᠦᠯᠪᠡ; ᠤᠯᠠᠭᠠᠨᠬᠠᠳᠠ ᠬᠣᠲᠠ᠎ᠶ᠋ᠢᠨ ᠱᠢᠶᠠᠨ ᠭᠠᠵᠠᠷ᠎ᠤᠨ ᠲᠠᠰ᠎ᠤᠨ ᠤᠳᠤᠷᠢᠳᠭᠤ ᠪᠠᠭ ᠨᠠᠷᠢᠨ ᠲᠠᠩᠰᠠ᠎ᠲᠠᠶ ᠬᠠᠷᠭᠤᠭᠤᠯᠤᠨ ᠨᠡᠢᠲᠡ 2437 ᠵᠤᠷᠪᠤᠰ ᠠᠰᠠᠭᠤᠳᠠᠯ᠎ᠢ ᠪᠠᠢᠴᠠᠭᠠᠨ ᠳᠡᠯᠭᠡᠬᠦ᠌᠎ᠶ᠋ᠢᠨ ᠬᠠᠮᠲᠤ ᠰᠤᠷᠤᠯᠴᠠᠯᠭ᠎ᠠ ᠬᠥᠮᠦᠵᠢᠯ᠎ᠦᠨ ᠪᠠᠢᠴᠠᠭᠠᠨ ᠳᠡᠯᠭᠡᠬᠰᠡᠨ ᠠᠰᠠᠭᠤᠳᠠᠯ᠎ᠢ ᠲᠣᠭᠣᠷᠢᠨ ᠪᠠᠢᠴᠠᠭᠠᠵᠤ ᠬᠠᠷᠢᠭᠤ ᠲᠤᠰᠭᠠᠬᠤ᠂ ᠬᠢᠨᠠᠨ ᠪᠤᠳᠤᠯᠳᠠ ᠪᠡᠷ ᠬᠢᠨᠠᠵᠤ ᠬᠠᠷᠢᠭᠤ ᠲᠤᠰᠭᠠᠬᠤ ᠵᠡᠷᠭᠡ᠎ᠲᠡᠶ ᠨᠢᠭ᠍ᠲᠠ ᠤᠶᠠᠯᠳᠤᠭᠤᠯᠵᠤ᠂ ᠵᠤᠷᠪᠤᠰ ᠳᠠᠷᠠᠭᠠᠯᠠᠨ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠲᠣᠭ᠍ᠲᠠᠭᠠᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠪᠠ᠃ ᠤᠯᠠᠭᠠᠨᠬᠠᠳᠠ ᠬᠣᠲᠠ ᠲᠥᠪ᠎ᠡᠴᠡ ᠡᠨᠧᠷᠭᠢ ᠣᠯᠭᠣᠬᠤ᠎ᠶ᠋ᠢ ᠳᠣᠪᠣᠢᠯᠭᠠᠵᠤ᠂ ᠪᠥᠬᠥ᠌ ᠲᠠᠯ᠎ᠠ᠎ᠶ᠋ᠢ ᠨᠢᠭᠡ ᠴᠣᠭ᠍ᠴᠠᠵᠢᠭᠤᠯᠤᠨ ᠨᠢᠭᠡᠳᠦᠯᠲᠡᠶ ᠲᠥᠯᠥᠪᠵᠢᠭᠦᠯᠬᠦ᠌᠎ᠶ᠋ᠢ ᠴᠢᠩᠭᠠᠳᠭᠠᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠵᠢᠯᠴᠠᠨ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠵᠡᠷᠭᠡ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠪᠠ᠃ ᠤᠯᠠᠭᠠᠨᠬᠠᠳᠠ ᠬᠣᠲᠠ ᠪᠠᠰᠠ 《ᠠᠵᠢᠯ᠎ᠤᠨ ᠰᠤᠷᠲᠠᠯ᠎ᠢᠶᠠᠨ ᠰᠠᠢᠵᠢᠷᠠᠭᠤᠯᠬᠤ᠂ ᠪᠣᠳᠠᠲᠤ ᠶᠠᠪᠤᠳᠠᠯ ᠬᠢᠬᠦ᠌᠂ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌》 ᠲᠤᠰᠭᠠᠶ ᠠᠵᠢᠯᠯᠠᠭ᠎ᠠ᠎ᠵᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠵᠠᠬᠢᠳᠠᠯ ᠰᠤᠷᠪᠤᠯᠵᠢᠯᠠᠯ᠎ᠤᠨ ᠵᠥᠷᠢᠴᠡᠯ 598 ᠬᠤᠪᠢ᠂ 《 12345 》 ᠠᠵᠢᠯ᠎ᠤᠨ ᠬᠠᠭᠤᠳᠠᠰᠤ 13551 ᠬᠤᠪᠢ᠎ᠵᠢ ᠪᠦᠬᠦ ᠲᠠᠯ᠎ᠠ ᠪᠡᠷ ᠡᠮᠬᠢᠳᠭᠡᠵᠦ᠂ ᠬᠣᠲᠠ᠎ᠶ᠋ᠢᠨ ᠱᠠᠲᠤᠨ᠎ᠤ ᠤᠳᠤᠷᠢᠳᠤᠯᠭ᠎ᠠ ᠱᠠᠯᠠᠪᠳᠠᠨ ᠱᠢᠶ᠋ᠳᠪᠦᠷᠢᠯᠡᠬᠦ᠌᠂ ᠱᠢᠶᠠᠨ ᠭᠠᠵᠠᠷ᠎ᠤᠨ ᠲᠠᠰ᠎ᠤᠨ ᠺᠠᠳ᠋ᠷ ᠬᠡᠷᠡᠭ᠎ᠢ ᠳᠠᠭᠠᠭᠠᠴᠢᠯᠠᠬᠤ᠂ ᠭᠠᠵᠠᠷ ᠣᠷᠣᠨ ᠰᠠᠯᠠᠭ᠎ᠠ ᠮᠥᠴᠢᠷ ᠵᠣᠬᠢᠴᠠᠭᠤᠯᠤᠨ ᠬᠣᠯᠪᠣᠭᠠᠯᠠᠨ ᠬᠥᠳᠡᠯᠦᠯᠴᠡᠭ᠌ᠰᠡᠨ ᠪᠢᠲᠡᠭᠦᠦ ᠴᠠᠭᠠᠷᠢᠭ᠎ᠤᠨ ᠵᠦᠷᠢᠴᠡᠯ ᠰᠢᠢᠳᠪᠦᠷᠢᠯᠡᠬᠦ ᠠᠵᠢᠯ᠎ᠤᠨ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠣᠲᠣ ᠪᠣᠯᠲᠠᠯ᠎ᠠ ᠵᠠᠬᠢᠳᠠᠯ ᠰᠤᠷᠪᠤᠯᠵᠢᠯᠠᠯ᠎ᠤᠨ ᠵᠥᠷᠢᠴᠡᠯ᠎ᠢ 292 ᠬᠤᠪᠢ᠂ 《12345》 ᠠᠵᠢᠯ᠎ᠤᠨ ᠬᠠᠭᠤᠳᠠᠰᠤ᠎ᠵᠢ 11730 ᠬᠤᠪᠢ ᠱᠢᠶ᠋ᠳᠪᠦᠷᠢᠯᠡᠵᠡᠶ᠃
ᠰᠤᠷᠤᠯᠴᠠᠬᠤ ᠬᠡᠷᠡᠭ᠌ᠯᠡᠬᠦ᠌᠎ᠶ᠋ᠢ ᠤᠶᠠᠯᠳᠤᠭᠤᠯᠬᠤ᠂ ᠠᠷᠠᠳ᠎ᠤᠨ ᠲᠥᠯᠥᠭᠡ ᠪᠣᠳᠠᠲᠠᠢ ᠠᠵᠢᠯᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠯᠥᠨ ᠪᠤᠢ᠌ᠷ ᠬᠤᠳᠠ᠎ᠶ᠋ᠢᠨ ᠶᠠᠭ᠍ᠰᠢ ᠬᠤᠳᠠ᠎ᠶ᠋ᠢᠨ ᠨᠠᠮ᠎ᠤᠨ ᠬᠣᠷᠢᠢ᠎ᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠷᠠᠳ᠎ᠤᠨ ᠲᠥᠯᠥᠭᠡ ᠭᠡᠬᠦ᠌ ᠬᠠᠢᠷ᠎ᠠ ᠰᠡᠳᠭᠢᠯᠭᠡ᠎ᠶ᠋ᠢ ᠵᠤᠵᠠᠭᠠᠳᠭᠠᠪᠠ᠃ ᠪᠥᠬᠥ᠌ ᠬᠣᠲᠠ ᠡᠯ᠎ᠡ ᠲᠥᠷᠥᠯ᠎ᠦᠨ ᠲᠡᠦᠬᠡ᠎ᠶ᠋ᠢᠨ ᠦᠯᠡᠳᠡᠭ᠌ᠳᠡᠯ ᠪᠠ ᠠᠷᠠᠳ᠎ᠤᠨ ᠠᠮᠢᠳᠤᠷᠠᠯ᠎ᠤᠨ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠌᠂ 7 ᠶᠡᠬᠡ ᠲᠥᠷᠥᠯ᠎ᠦᠨ 793 ᠵᠦᠶ᠋ᠯ᠎ᠦᠨ ᠲᠡᠦᠬᠡ᠎ᠶ᠋ᠢᠨ ᠦᠯᠡᠳᠡᠭ᠌ᠳᠡᠯ ᠠᠰᠠᠭᠤᠳᠠᠯ᠎ᠤᠨ ᠪᠣᠳᠠᠲᠠᠶ ᠵᠦᠶ᠋ᠯᠡᠰ᠎ᠢ ᠡᠮᠬᠢᠯᠡᠨ ᠬᠤᠷᠢᠶᠠᠩᠭᠤᠢᠯᠠᠵᠤ᠂ 《ᠨᠢᠭᠡ ᠲᠥᠰᠦᠯ ᠳᠥᠷᠪᠡᠨ ᠨᠠᠷᠢᠨ ᠲᠠᠩᠰᠠ》᠎ᠳ᠋ᠤ ᠲᠦᠱᠢᠭ᠌ᠯᠡᠨ ᠵᠦᠶ᠋ᠯ ᠳᠠᠷᠠᠭᠠᠯᠠᠨ ᠴᠡᠭ᠌ᠴᠡᠯᠡᠨ ᠰᠠᠢᠵᠢᠷᠠᠭᠤᠯᠬᠤ᠂ ᠳ᠋ᠤᠭᠠᠷ ᠬᠠᠰᠤᠵᠤ ᠬᠠᠮᠢᠶᠠᠷᠬᠤ᠎ᠶ᠋ᠢ ᠠᠬᠢᠭᠤᠯᠵᠤ᠂ ᠣᠯᠠᠨ ᠲᠦᠮᠡᠨ᠎ᠢ ᠣᠷᠳᠣ ᠬᠤᠭᠤᠴᠠᠭ᠎ᠠ᠎ᠪᠠᠷ ᠭᠠᠴᠢᠭ᠍ᠳᠠᠭᠤᠯᠵᠤ ᠪᠠᠢᠭ᠍ᠰᠠᠨ ᠵᠠᠬᠢᠳᠠᠯ ᠰᠤᠷᠪᠤᠯᠵᠢᠯᠠᠯ᠎ᠤᠨ ᠨᠢᠭᠡ ᠪᠦᠯᠦᠭ ᠳᠠᠷᠤᠭ᠍ᠳᠠᠮᠠᠯ ᠬᠡᠷᠡᠭ ᠪᠠ ᠬᠠᠭᠤᠴᠢᠨ ᠪᠡᠷᠬᠡ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃ 《ᠡᠭᠦᠳᠡ᠎ᠪᠡᠨ ᠨᠡᠭᠡᠭᠡᠵᠦ᠍ ᠰᠠᠨᠠᠯ ᠵᠥᠪᠯᠡᠯᠭᠡ ᠬᠤᠷᠢᠶᠠᠬᠤ᠂ ᠭᠡᠷ ᠲᠤᠨᠢ ᠬᠦᠷᠴᠦ ᠬᠡᠷᠡᠭ᠌ᠴᠡᠭᠡ ᠱᠠᠭᠠᠷᠳᠠᠯᠭ᠎ᠠ᠎ᠶ᠋ᠢ ᠠᠰᠠᠭᠤᠬᠤ》 ᠦᠶ᠋ᠯᠡᠴᠢᠯᠡᠭᠡᠨ᠎ᠦ ᠵᠠᠭ᠍ᠪᠤᠷ᠎ᠢ ᠬᠡᠷᠡᠭ᠌ᠵᠢᠭᠦᠯᠵᠦ᠍᠂ ᠰᠦᠯᠵᠢᠶᠡᠨ ᠳᠡᠭᠡᠷ᠎ᠡ ᠴᠤᠭ᠍ᠯᠠᠭᠤᠯᠬᠤ᠂ ᠠᠬᠤᠢ ᠲᠠᠯᠠᠪᠠᠢ᠎ᠵᠢᠨ ᠰᠤᠷᠪᠤᠯᠵᠢᠯᠠᠭ᠎ᠠ᠂ ᠶᠠᠷᠢᠯᠴᠠᠵᠤ ᠠᠷᠭ᠎ᠠ ᠪᠣᠳᠣᠯᠭ᠎ᠠ ᠠᠰᠠᠭᠤᠬᠤ᠂ ᠵᠠᠬᠢᠳᠠᠯ ᠰᠤᠷᠪᠤᠯᠵᠢᠯᠠᠯ᠎ᠢ ᠭᠥᠯᠢᠶᠡᠨ ᠠᠪᠬᠤ᠂ ᠠᠰᠠᠭᠤᠯᠲᠠ᠎ᠶ᠋ᠢᠨ ᠬᠠᠭᠤᠳᠠᠰᠤ ᠪᠡᠷ ᠪᠠᠢᠴᠠᠭᠠᠬᠤ ᠵᠡᠷᠭᠡ ᠣᠯᠠᠨ ᠵᠦᠶ᠋ᠯ᠎ᠦᠨ ᠠᠷᠭ᠎ᠠ ᠵᠠᠮ᠎ᠢᠶᠠᠷ ᠳᠠᠮᠵᠢᠭᠤᠯᠤᠨ᠂ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠴᠤᠭ᠍ᠯᠠᠭᠤᠯᠪᠠ᠃ ᠺᠠᠳ᠋ᠷ᠎ᠤᠨ 《ᠬᠦᠯᠢᠶᠡᠵᠦ᠍ ᠰᠠᠭᠤᠬᠤ》 ᠪᠠᠢᠭ᠍ᠰᠠᠨ᠎ᠠᠴᠠ᠎ᠪᠠᠨ 《ᠭᠡᠷ ᠲᠤᠨᠢ ᠬᠦᠷᠴᠦ ᠬᠡᠷᠡᠭ᠌ᠴᠡᠭᠡ ᠱᠠᠭᠠᠷᠳᠠᠯᠭ᠎ᠠ᠎ᠶ᠋ᠢ ᠠᠰᠠᠭᠤᠬᠤ᠂ ᠰᠠᠨᠠᠭᠠᠴᠢᠯᠠᠭ᠎ᠠ ᠡᠴᠡ ᠪᠠᠨ ᠤᠷᠢᠳᠴᠢᠯᠠᠨ ᠦᠶ᠋ᠯᠡᠴᠢᠯᠡᠬᠦ᠌》 ᠪᠣᠯᠵᠣ ᠬᠤᠪᠢᠷᠠᠬᠤ᠎ᠶ᠋ᠢ ᠠᠬᠢᠭᠤᠯᠵᠤ᠂ 121 ᠵᠦᠶ᠋ᠯ᠎ᠦᠨ ᠠᠭᠤᠯᠭ᠎ᠠ᠎ᠶ᠋ᠢ ᠬᠠᠮᠤᠷᠤᠭ᠍ᠰᠠᠨ 《ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠶ᠋ᠯ᠎ᠦᠨ ᠡᠬᠡ ᠲᠠᠩᠰᠠ》᠎ᠶ᠋ᠢ ᠱᠢᠰᠲ᠋ᠧᠮ᠎ᠲᠡᠶ ᠡᠮᠬᠢᠯᠡᠵᠦ᠍᠂ ᠰᠠᠭᠤᠷᠢ ᠲᠥᠬᠥᠭᠡᠷᠦᠮᠵᠢ᠎ᠶᠢ ᠲᠠᠰ ᠳᠡᠪᠱᠢᠭᠦᠯᠬᠦ᠌᠂ ᠨᠠᠰᠤᠵᠢᠯ᠎ᠤᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠪᠡᠷ ᠠᠷᠠᠳ᠎ᠲᠤ ᠠᠱᠢᠭ ᠬᠦᠷᠲᠡᠭᠡᠬᠦ᠌ ᠵᠡᠷᠭᠡ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ᠎ᠶ᠋ᠢ ᠨᠠᠩ ᠬᠠᠯᠠᠭᠤᠨ ᠳᠤᠯᠠᠭᠠᠨ᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠨᠠᠩ ᠴᠢᠨᠠᠷ ᠰᠠᠢᠲᠠᠶ ᠪᠣᠯᠭᠠᠪᠠ᠃