ᠳᠠᠪᠠᠭᠤᠯᠢᠭᠲᠦ ᠠᠵᠤ ᠦᠢᠯᠡᠰ ᠤ᠋ᠨ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠦ ᠭᠠᠷᠭᠠᠬᠤ ᠬᠥᠭ᠌ᠵᠢᠯᠲᠡ ᠶ᠋ᠢᠨ ᠬᠦᠴᠢᠷ ᠠᠰᠠᠭᠤᠳᠠᠯ ᠳ᠋ᠦ ᠠᠩᠬᠠᠷᠤᠯ ᠵᠢᠡᠨ ᠲᠦᠪᠯᠡᠷᠡᠭᠦᠯᠵᠦ ᠮᠡᠷᠭᠡᠵᠢᠯ ᠤ᠋ᠨ ᠴᠢᠨᠠᠷᠲᠠᠶ ᠠᠷᠠᠯᠵᠢᠶᠠᠨ ᠤ᠋ ᠠᠷᠭ᠎ᠠ ᠬᠡᠮᠵᠢᠶ᠎ᠡ ᠵᠢ ᠲᠣᠭᠣᠷᠢᠨ ᠲᠠᠢᠯᠪᠤᠷᠢᠯᠠᠬᠤ ᠠᠵᠢᠯᠯᠠᠭ᠎ᠠ ᠶᠠᠪᠤᠭᠳᠠᠪᠠ
2026-06-03 09:55:06
ᠵᠣᠬᠢᠶᠠᠭ᠍ᠴᠢ᠄
ᠵᠧᠩ ᠱᠢᠤᠸᠠᠢ ᠯᠢᠶᠠᠩ ᠠᠨᠠᠷ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠤ᠋ ᠬᠥᠬᠡᠬᠣᠲᠠ ᠵᠢᠨ ᠬᠡᠰᠡᠭ ᠤ᠋ᠨ ᠪᠦᠲᠦᠭᠡᠨ ᠪᠠᠢᠭᠤᠯᠤᠯᠲᠠ ᠵᠢ ᠨᠡᠩ ᠰᠠᠢᠲᠤᠷ ᠠᠬᠢᠭᠤᠯᠵᠤ᠂ 2026 ᠣᠨ ᠤ᠋ ᠬᠢᠯᠢ ᠠᠯᠤᠰᠯᠠᠭ᠍ᠰᠠᠨ ᠠᠷᠠᠯᠵᠢᠶᠠᠨ ᠤ᠋ ᠳᠦᠭᠦᠮᠴᠢᠯᠡᠯᠲᠡ ᠶ᠋ᠢᠨ ᠲᠤᠰᠭᠠᠢ ᠠᠵᠢᠯᠯᠠᠭ᠎ᠠ ᠶ᠋ᠢᠨ ᠲᠥᠰᠦᠯ ᠤ᠋ᠨ ᠱᠠᠭᠠᠷᠳᠠᠯᠭ᠎ᠠ ᠵᠢ ᠪᠦᠲᠦᠮᠵᠢᠲᠡᠢ ᠨᠠᠢᠳᠠᠪᠤᠷᠢᠵᠢᠭᠤᠯᠬᠤ ᠶ᠋ᠢᠨ ᠲᠥᠯᠥᠭᠡ᠂ ᠪᠣᠭᠣᠮᠲᠠ ᠶ᠋ᠢᠨ ᠶᠡᠷᠦᠩᠬᠡᠢ ᠵᠠᠬᠢᠷᠭ᠎ᠠ ᠶ᠋ᠢᠨ ᠪᠠᠢᠴᠠᠭᠠᠨ ᠰᠢᠯᠭᠠᠵᠤ ᠬᠢᠵᠢᠭ ᠪᠠᠢᠴᠠᠭᠠᠬᠤ ᠪᠠᠷᠢᠮᠵᠢᠶ᠎ᠠ ᠵᠢᠴᠢ ᠮᠡᠷᠭᠡᠵᠢᠯ ᠤ᠋ᠨ ᠬᠠᠤᠯᠢ ᠲᠤᠭᠲᠠᠭᠠᠯ ᠤ᠋ᠨ ᠰᠤᠳᠤᠯᠭᠠᠨ ᠤ᠋ ᠲᠦᠪ ᠡᠴᠡ ᠭᠣᠣᠯᠯᠠᠨ ᠡᠷᠬᠢᠯᠡᠵᠦ᠍᠂ ᠬᠥᠬᠡᠬᠣᠲᠠ ᠪᠣᠭᠣᠮᠲᠠ᠂ ᠬᠥᠬᠡᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ ᠡᠴᠡ ᠬᠠᠮᠵᠢᠯᠴᠠᠨ ᠡᠷᠬᠢᠯᠡᠵᠦ᠍᠂ ᠰᠠᠢᠬᠠᠨ ᠪᠣᠭᠣᠮᠲᠠ᠂ ᠬᠥᠬᠡᠬᠣᠲᠠ ᠶ᠋ᠢᠨ ᠬᠤᠳᠠᠯᠳᠤᠭᠠᠨ ᠤ᠋ ᠶᠠᠪᠤᠳᠠᠯ ᠤ᠋ᠨ ᠲᠤᠪᠴᠢᠶ᠎ᠡ᠂ ᠰᠦ ᠵᠢᠴᠢ ᠴᠠᠭᠠᠨ ᠢᠳᠡᠭᠡᠨ ᠤ᠋ ᠮᠡᠷᠭᠡᠵᠢᠯ ᠤ᠋ᠨ ᠴᠢᠨᠠᠷᠲᠠᠢ ᠠᠷᠠᠯᠵᠢᠶᠠᠨ ᠤ᠋ ᠠᠷᠭ᠎ᠠ ᠬᠡᠮᠵᠢᠶ᠎ᠡ ᠵᠢ ᠰᠤᠳᠤᠯᠤᠨ ᠦᠨᠡᠯᠡᠬᠦ᠌ ᠰᠠᠭᠤᠷᠢᠨ ᠡᠴᠡ ᠳᠠᠭᠠᠭᠠᠴᠢᠯᠠᠨ ᠡᠷᠬᠢᠯᠡᠭ᠌ᠰᠡᠨ 《ᠮᠡᠷᠭᠡᠵᠢᠯ ᠤ᠋ᠨ ᠴᠢᠨᠠᠷᠲᠠᠶ ᠠᠷᠠᠯᠵᠢᠶ᠎ᠡ ᠪᠠᠷ ᠲᠤᠰᠠᠯᠠᠮᠵᠢ ᠦᠵᠡᠭᠦᠯᠵᠦ ᠠᠵᠤ ᠠᠬᠤᠢᠯᠠᠯ ᠢ᠋ ᠬᠠᠪᠰᠤᠷᠤᠨ ᠭᠠᠳᠠᠭᠠᠳᠤ ᠳ᠋ᠦ ᠭᠠᠷᠭᠠᠬᠤ》 ᠮᠡᠷᠭᠡᠵᠢᠯ ᠤ᠋ᠨ ᠴᠢᠨᠠᠷᠲᠠᠢ ᠠᠷᠠᠯᠵᠢᠶᠠᠨ ᠤ᠋ ᠠᠷᠭ᠎ᠠ ᠬᠡᠮᠵᠢᠶ᠎ᠡ ᠶ᠋ᠢᠨ ᠲᠣᠭᠣᠷᠢᠨ ᠲᠠᠢᠯᠪᠤᠷᠢᠯᠠᠬᠤ ᠠᠵᠢᠯᠯᠠᠭ᠎ᠠ 5 ᠰᠠᠷ᠎ᠠ ᠶ᠋ᠢᠨ 27 ᠤ᠋ ᠡᠳᠦᠷ ᠬᠦᠬᠡᠬᠤᠲᠠ ᠶ᠋ᠢᠨ ᠬᠡᠰᠡᠭ ᠲᠦ᠍ ᠤᠷᠤᠭ᠍ᠰᠢᠲᠠᠢ ᠶᠠᠪᠤᠭ᠍ᠳᠠᠪᠠ᠃

ᠲᠣᠰ ᠤᠳᠠᠭ᠎ᠠ ᠶ᠋ᠢᠨ ᠲᠣᠭᠣᠷᠢᠨ ᠲᠠᠢᠯᠪᠤᠷᠢᠯᠠᠬᠤ ᠠᠵᠢᠯᠯᠠᠭ᠎ᠠ ᠨᠢ ᠰᠦ ᠵᠢᠴᠢ ᠴᠠᠭᠠᠨ ᠢᠳᠡᠭᠡᠨ ᠵᠡᠷᠭᠡ ᠳᠠᠪᠠᠭᠤᠯᠢᠭᠲᠦ ᠠᠵᠤ ᠦᠶ᠋ᠯᠡᠰ ᠤ᠋ᠨ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠦ ᠭᠠᠷᠭᠠᠬᠤ ᠬᠥᠭ᠌ᠵᠢᠯᠲᠡ ᠶ᠋ᠢᠨ ᠬᠦᠴᠢᠷ ᠠᠰᠠᠭᠤᠳᠠᠯ ᠳ᠋ᠦ ᠠᠩᠬᠠᠷᠤᠯ ᠶ᠋ᠢᠡᠨ ᠲᠥᠪᠯᠡᠷᠡᠭᠦᠯᠵᠦ᠍᠂ ᠬᠦᠬᠡᠬᠤᠲᠠ ᠶ᠋ᠢᠨ ᠬᠡᠰᠡᠭ ᠤ᠋ᠨ ᠲᠠᠪᠴᠠᠩ ᠤ᠋ᠨ ᠳᠠᠪᠠᠭᠤᠯᠢᠭ ᠲᠦ᠍ ᠰᠠᠭᠤᠷᠢᠯᠠᠨ᠂ ᠰᠦ ᠵᠢᠴᠢ ᠴᠠᠭᠠᠨ ᠢᠳᠡᠭᠡᠨ᠂ ᠢᠳᠡᠭᠡᠨ ᠤ᠋ ᠬᠦᠷᠢᠶᠡᠨ ᠤ᠋ ᠠᠵᠤ ᠠᠬᠤᠢᠯᠠᠯ ᠤ᠋ᠨ ᠭᠠᠳᠠᠭᠠᠳᠤ ᠶ᠋ᠢᠨ ᠮᠡᠷᠭᠡᠵᠢᠯ ᠤ᠋ᠨ ᠴᠢᠨᠠᠷᠲᠠᠢ ᠠᠷᠠᠯᠵᠢᠶ᠎ᠡ ᠶ᠋ᠢᠨ ᠪᠡᠬᠢᠯᠡᠯᠲᠡ ᠵᠢ ᠡᠪᠳᠡᠵᠦ᠍᠂ ᠭᠠᠳᠠᠭᠠᠳᠤ ᠳ᠋ᠦ ᠭᠠᠷᠬᠤ ᠵᠠᠮ ᠢ᠋ ᠰᠠᠭᠠᠳ ᠥᠬᠡᠶ ᠨᠡᠪᠲᠡᠷᠡᠭᠦᠯᠬᠦ ᠳ᠋ᠤ ᠲᠤᠰᠬᠠᠢ ᠮᠡᠷᠭᠡᠵᠢᠯ ᠤ᠋ᠨ ᠦᠶ᠋ᠯᠡᠴᠢᠯᠡᠭᠡᠨ ᠤ᠋ ᠬᠥᠭᠥᠷᠭᠡ ᠲᠠᠯᠪᠢᠵᠤ ᠥᠭ᠌ᠬᠦᠭᠰᠡᠨ ᠪᠠᠢᠨ᠎ᠠ᠃ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ᠋ 50 ᠭᠠᠷᠤᠢ ᠤᠨᠴᠠᠯᠢᠬ᠍ᠳᠤ ᠲᠠᠷᠢᠶᠠᠯᠠᠩ ᠤ᠋ᠨ ᠪᠦᠳᠦᠬᠡᠭᠳᠡᠬᠦᠨ ᠤ᠋ ᠢᠳᠡᠭᠡᠨ ᠤ᠋ ᠭᠠᠳᠠᠭᠠᠳᠤ ᠭᠠᠷᠭᠠᠯᠲᠠ ᠶ᠋ᠢᠨ ᠠᠵᠤ ᠠᠬᠤᠢᠯᠠᠯ᠂ 70 ᠭᠠᠷᠤᠢ ᠠᠵᠤ ᠠᠬᠤᠢᠯᠠᠯ ᠤ᠋ᠨ ᠲᠥᠯᠥᠭᠡᠯᠡᠭ᠌ᠴᠢ ᠶ᠋ᠢᠨ ᠠᠡᠭᠬᠠᠷᠤᠯ ᠳ᠋ᠦ ᠬᠦᠷᠴᠢ᠃

ᠥᠪᠡᠷᠲᠡᠭᠡᠨ ᠵᠠᠰᠠᠬᠤ ᠣᠷᠣᠨ ᠤ᠋ ᠰᠦ ᠵᠢᠴᠢ ᠴᠠᠭᠠᠨ ᠢᠳᠡᠭᠡᠨ ᠤ᠋ ᠭᠠᠳᠠᠭᠠᠳᠤ ᠭᠠᠷᠭᠠᠯᠲᠠ ᠶ᠋ᠢᠨ ᠴᠢᠬᠤᠯᠠ ᠦᠶ᠋ᠯᠡᠴᠢᠯᠡᠭᠡᠨ ᠤ᠋ ᠵᠢᠭ᠍ᠰᠠᠭᠠᠯ ᠤ᠋ᠨ ᠭᠠᠵᠠᠷ ᠪᠣᠯᠤᠭ᠍ᠰᠠᠨ ᠤ᠋ ᠬᠤᠪᠢ ᠳ᠋ᠦ᠂ ᠬᠥᠬᠡᠬᠣᠲᠠ ᠶ᠋ᠢᠨ ᠬᠡᠰᠡᠭ ᠨᠢ ᠲᠤᠬᠠᠢ ᠶ᠋ᠢᠨ ᠭᠠᠵᠠᠷ ᠤ᠋ᠨ ᠶ᠋ᠢᠡᠨ ᠰᠦ ᠶ᠋ᠢᠨ ᠦᠶ᠋ᠯᠡᠰ ᠤ᠋ᠨ ᠠᠵᠤ ᠦᠶ᠋ᠯᠡᠰ ᠤ᠋ᠨ ᠪᠦᠯᠦᠭ᠌ᠵᠢᠯ ᠪᠠ ᠲᠦᠷᠢᠮ ᠤ᠋ᠨ ᠱᠢᠨ᠎ᠡ ᠵᠢ ᠡᠭᠦᠳᠬᠦ᠌ ᠳᠠᠪᠠᠭᠤᠯᠢᠭ ᠲᠦ᠍ ᠲᠦᠱᠢᠭ᠌ᠯᠡᠨ 《ᠬᠠᠤᠯᠢ ᠲᠣᠭ᠍ᠲᠠᠭᠠᠯ ᠤ᠋ᠨ ᠰᠤᠳᠤᠯᠭᠠᠨ — ᠠᠶᠤᠯ ᠲᠦᠭ᠌ᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ᠌ — ᠠᠷᠭ᠎ᠠ ᠬᠡᠮᠵᠢᠶ᠎ᠡ ᠵᠢ ᠦᠨᠡᠯᠡᠨ ᠶᠠᠷᠢᠯᠴᠬᠠᠤ — ᠮᠡᠷᠭᠡᠵᠢᠯ ᠤ᠋ᠨ ᠪᠣᠭᠣᠮᠲᠠ ᠱᠢᠪᠲᠤᠯᠬᠤ》 ᠪᠥᠬᠥ᠌ ᠬᠡᠯᠬᠢᠶᠡᠨ ᠤ᠋ ᠮᠡᠷᠭᠡᠵᠢᠯ ᠤ᠋ᠨ ᠠᠷᠠᠯᠵᠢᠶᠠᠨ ᠤ᠋ ᠦᠶ᠋ᠯᠡᠴᠢᠯᠡᠭᠡᠨ ᠤ᠋ ᠱᠢᠰᠲ᠋ᠧᠮ ᠢ᠋ ᠬᠦᠴᠦᠯᠡᠨ ᠪᠠᠢᠭᠤᠯᠵᠤ᠂ ᠳᠤᠮᠳᠠᠳᠤ ᠤᠯᠤᠰ ᠤ᠋ᠨ ᠰᠦ ᠶ᠋ᠢᠨ ᠠᠵᠤ ᠠᠬᠤᠢᠯᠠᠯ ᠤ᠋ᠨ ᠭᠠᠳᠠᠭᠠᠳᠤ ᠭᠠᠷᠭᠠᠯᠳᠠ ᠳ᠋ᠦ ᠪᠠᠲᠤ ᠪᠠᠬᠢ ᠲᠤᠯᠭᠠᠭᠤᠷᠢᠯᠠᠯ ᠬᠠᠩᠭᠠᠵᠤ ᠪᠠᠢᠨ᠎ᠠ᠃ ᠲᠣᠰ ᠤᠳᠠᠭ᠎ᠠ ᠵᠢᠨ ᠲᠣᠭᠣᠷᠢᠨ ᠲᠠᠢᠯᠪᠤᠷᠢᠯᠠᠬᠤ ᠠᠵᠢᠯᠯᠠᠭ᠎ᠠ ᠵᠢ ᠡᠷᠭᠢᠯᠡᠭ᠌ᠰᠡᠨ ᠨᠢ ᠬᠦᠬᠡᠬᠤᠲᠠ ᠶ᠋ᠢᠨ ᠬᠡᠰᠡᠭ ᠤ᠋ᠨ ᠰᠦ ᠵᠢᠴᠢ ᠴᠠᠭᠠᠨ ᠢᠳᠡᠭᠡᠨ ᠤ᠋ ᠠᠵᠤ ᠠᠬᠤᠢᠯᠠᠯ ᠤ᠋ᠨ ᠮᠡᠷᠭᠡᠵᠢᠯ ᠤ᠋ᠨ ᠴᠢᠨᠠᠷᠲᠠᠶ ᠠᠷᠠᠯᠵᠢᠶ᠎ᠡ ᠶ᠋ᠢᠨ ᠪᠡᠬᠢᠯᠡᠯᠲᠡ ᠵᠢ ᠠᠷᠭᠠᠴᠠᠭᠠᠬᠤ ᠲᠠᠯ᠎ᠠ ᠪᠡᠷ ᠬᠢ ᠲᠤᠰᠭᠠᠶ ᠦᠶ᠋ᠯᠡᠴᠢᠯᠡᠭᠡᠨ ᠤ᠋ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ᠃

ᠠᠵᠢᠯᠯᠠᠭ᠎ᠠ ᠶ᠋ᠢᠨ ᠲᠤᠬᠠᠶ ᠶ᠋ᠢᠨ ᠲᠠᠯᠠᠪᠠᠶ ᠳ᠋ᠦ᠂ ᠪᠣᠭᠣᠮᠲᠠ ᠶ᠋ᠢᠨ ᠶᠡᠷᠦᠩᠬᠡᠶ ᠵᠠᠬᠢᠷᠭ᠎ᠠ ᠶ᠋ᠢᠨ ᠪᠠᠢᠴᠠᠭᠠᠨ ᠰᠢᠯᠭᠠᠵᠤ ᠬᠢᠵᠢᠭ ᠪᠠᠢᠴᠠᠭᠠᠬᠤ ᠪᠠᠷᠢᠮᠵᠢᠶ᠎ᠠ ᠵᠢᠴᠢ ᠮᠡᠷᠭᠡᠵᠢᠯ ᠤ᠋ᠨ ᠬᠠᠤᠯᠢ ᠲᠤᠭᠲᠠᠭᠠᠯ ᠤ᠋ᠨ ᠰᠤᠳᠤᠯᠭᠠᠨ ᠤ᠋ ᠲᠦᠪ᠂ ᠪᠥᠬᠥ᠌ ᠤᠯᠤᠰ ᠤ᠋ᠨ ᠪᠣᠭᠣᠮᠲᠠ ᠶ᠋ᠢᠨ ᠢᠳᠡᠭᠡᠨ ᠤ᠋ ᠬᠦᠷᠢᠶ᠎ᠡ᠂ ᠳᠤᠮᠳᠠᠳᠤ ᠤᠯᠤᠰ ᠤ᠋ᠨ ᠰᠦ ᠶ᠋ᠢᠨ ᠦᠶ᠋ᠯᠡᠰ ᠤ᠋ᠨ ᠨᠡᠢᠭᠡᠮᠯᠢᠭ ᠤ᠋ᠨ 6 ᠲᠤᠰᠭᠠᠶ ᠮᠡᠷᠭᠡᠵᠢᠯᠲᠡᠨ ᠤ᠋ ᠪᠦᠯᠬᠦᠮ ᠤ᠋ᠨ ᠬᠢᠨ ᠣᠯᠠᠨ ᠤᠯᠤᠰ ᠤ᠋ᠨ ᠰᠦ ᠵᠢᠴᠢ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠬᠠᠯᠠᠮᠱᠢᠯ ᠬᠠᠨᠳᠤᠰᠢ᠂ ᠮᠡᠷᠭᠡᠵᠢᠯ ᠤ᠋ᠨ ᠴᠢᠨᠠᠷᠲᠠᠶ ᠠᠷᠠᠯᠵᠢᠶᠠᠨ ᠤ᠋ ᠠᠷᠭ᠎ᠠ ᠬᠡᠮᠵᠢᠶ᠎ᠡ (TBT) ᠶ᠋ᠢ ᠦᠨᠡᠯᠡᠨ ᠶᠠᠷᠢᠯᠴᠠᠬᠤ ᠠᠵᠢᠯ ᠤ᠋ᠨ ᠱᠢᠰᠲ᠋ᠧᠮ᠂ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠦ ᠭᠠᠷᠭᠠᠬᠤ ᠢᠳᠡᠭᠡᠨ ᠤ᠋ ᠱᠢᠯᠭᠠᠨ ᠪᠠᠢᠴᠠᠭᠠᠬᠤ ᠬᠢᠨᠠᠯᠲᠠ ᠬᠠᠮᠢᠶᠠᠷᠤᠯᠲᠠ ᠶ᠋ᠢᠨ ᠤᠳᠤᠷᠢᠳᠬᠠᠯ᠂ ᠣᠯᠠᠨ ᠤᠯᠤᠰ ᠤ᠋ᠨ ᠠᠷᠠᠯᠵᠢᠶᠠᠨ ᠤ᠋ ᠮᠡᠷᠭᠡᠵᠢᠯ ᠤ᠋ᠨ ᠴᠢᠨᠠᠷᠲᠠᠶ ᠪᠡᠬᠢᠯᠡᠯᠲᠡ ᠶ᠋ᠢᠨ ᠲᠦᠷᠢᠮ ᠤ᠋ᠨ ᠲᠠᠢᠯᠤᠮᠵᠢ ᠵᠢᠴᠢ ᠪᠣᠳᠠᠲᠠᠶ ᠬᠡᠷᠡᠭ᠌ᠯᠡᠯᠲᠡ ᠵᠡᠷᠭᠡ ᠠᠭᠤᠯᠭ᠎ᠠ ᠶ᠋ᠢᠨ ᠲᠣᠭᠣᠷᠢᠨ ᠳ᠋ᠦ ᠲᠤᠰᠭᠠᠶ ᠰᠡᠳᠦᠪ ᠶ᠋ᠢᠡᠷ ᠬᠢᠴᠢᠶᠡᠯ ᠣᠷᠣᠪᠠ᠃ ᠬᠢᠴᠢᠶᠡᠯ ᠤ᠋ᠨ ᠠᠭᠤᠯᠭ᠎ᠠ ᠨᠢ ᠣᠳᠣᠬᠠᠨ ᠤ᠋ ᠰᠦ ᠵᠢᠴᠢ ᠴᠠᠭᠠᠨ ᠢᠳᠡᠭᠡᠨ ᠤ᠋ ᠭᠠᠳᠠᠭᠠᠳᠤ ᠭᠠᠷᠭᠠᠯᠲᠠ ᠶ᠋ᠢᠨ ᠵᠠᠬ᠎ᠠ ᠳᠡᠯᠭᠡᠭᠦᠷ ᠤ᠋ᠨ ᠱᠢᠨ᠎ᠡ ᠪᠠᠢᠳᠠᠯ᠂ ᠱᠢᠨ᠎ᠡ ᠲᠦᠷᠢᠮ᠂ ᠱᠢᠨ᠎ᠡ ᠱᠠᠭᠠᠷᠳᠠᠯᠭ᠎ᠠ ᠲᠠᠶ ᠨᠢᠭ᠍ᠲᠠ ᠤᠶᠠᠯᠳᠤᠵᠤ᠂ ᠣᠨᠣᠯ ᠤ᠋ᠨ ᠲᠤᠰᠭᠠᠶ ᠮᠡᠷᠭᠡᠵᠢᠯ ᠤ᠋ᠨ ᠴᠢᠨᠠᠷ ᠬᠢᠭᠡᠳ ᠪᠤᠳᠠᠲᠠᠢ ᠳ᠋ᠦ ᠨᠠᠢᠳᠠᠪᠤᠷᠢᠵᠢᠭᠤᠯᠬᠤ ᠬᠡᠷᠡᠭ᠌ᠯᠡᠭᠡᠨ ᠤ᠋ ᠴᠢᠨᠠᠷ ᠢ᠋ ᠬᠠᠪᠰᠤᠷᠭᠠᠨ᠂ ᠰᠦ ᠵᠢᠴᠢ ᠴᠠᠭᠠᠨ ᠢᠳᠡᠭᠡᠨ ᠤ᠋ ᠭᠠᠳᠠᠭᠠᠳᠤ ᠭᠠᠷᠭᠠᠯᠲᠠ ᠶ᠋ᠢᠨ ᠲᠣᠭ᠍ᠲᠠᠭᠠᠯ ᠳ᠋ᠦ ᠨᠡᠢᠴᠡᠬᠦ᠌ ᠭᠤᠤᠯᠳᠠᠯᠭ᠎ᠠ᠂ ᠲᠦᠭ᠌ᠰᠢᠭᠦᠷᠢ᠎ᠡᠴᠡ ᠵᠠᠢᠯᠠᠬᠤ ᠠᠷᠭ᠎ᠠ ᠵᠢᠴᠢ ᠪᠡᠬᠢᠯᠡᠯᠲᠡ ᠵᠢ ᠠᠷᠭᠠᠴᠠᠭᠠᠬᠤ ᠠᠷᠭ᠎ᠠ ᠵᠠᠮ ᠢ᠋ ᠱᠢᠰᠲ᠋ᠧᠮ ᠲᠠᠢ ᠡᠮᠬᠢᠯᠡᠵᠦ᠍᠂ ᠮᠡᠷᠭᠡᠵᠢᠯ ᠤ᠋ᠨ ᠴᠢᠨᠠᠷᠲᠠᠶ ᠠᠷᠠᠯᠵᠢᠶ᠎ᠠ ᠵᠢ ᠦᠨᠡᠯᠡᠨ ᠶᠠᠷᠢᠯᠴᠠᠬᠤ᠂ ᠲᠣᠭ᠍ᠲᠠᠭᠠᠯ ᠳ᠋ᠦ ᠨᠡᠢᠴᠡᠭᠦᠯᠦᠨ ᠭᠤᠶᠤᠴᠢᠯᠠᠨ ᠮᠡᠳᠡᠭᠦᠯᠬᠦ᠌᠂ ᠪᠠᠷᠢᠮᠵᠢᠶ᠎ᠠ ᠵᠢ ᠵᠣᠯᠭᠠᠭᠤᠯᠬᠤ ᠵᠡᠷᠭᠡ ᠵᠠᠩᠭᠢᠯᠠᠭ᠎ᠠ ᠶ᠋ᠢᠨ ᠠᠵᠢᠯ ᠤ᠋ᠨ ᠶᠠᠪᠤᠴᠠ ᠵᠢ ᠨᠠᠷᠢᠯᠢᠭ ᠲᠠᠢᠯᠪᠤᠷᠢᠯᠠᠵᠤ᠂ ᠠᠵᠤ ᠠᠬᠤᠢᠯᠠᠯ ᠢ᠋ ᠬᠠᠪᠰᠤᠷᠴᠦ ᠮᠡᠷᠭᠡᠵᠢᠯ ᠤ᠋ᠨ ᠴᠢᠨᠠᠷᠲᠠᠢ ᠠᠷᠠᠯᠵᠢᠶ᠎ᠠ ᠵᠢ ᠠᠷᠭᠠᠴᠠᠭᠠᠬᠤ ᠣᠨᠣᠯ ᠤ᠋ᠨ ᠰᠠᠭᠤᠷᠢ ᠵᠢ ᠪᠡᠬᠢᠵᠢᠭᠦᠯᠵᠤ᠂ ᠲᠣᠭ᠍ᠲᠠᠭᠠᠯ ᠳ᠋ᠦ ᠨᠡᠢᠴᠡᠭ᠌ᠰᠡᠨ ᠡᠵᠡᠩᠨᠡᠯᠲᠡ ᠶ᠋ᠢᠨ ᠰᠡᠳᠭᠢᠮᠵᠢ ᠵᠢ ᠱᠢᠯᠤᠭᠤᠳᠭᠠᠨ᠂ ᠲᠦᠭ᠌ᠰᠢᠭᠦᠷᠢ ᠵᠢ ᠱᠢᠶ᠋ᠳᠪᠦᠷᠢᠯᠡᠬᠦ᠌ ᠴᠢᠳᠠᠪᠤᠷᠢ ᠵᠢ ᠳᠡᠭᠡᠭ᠌ᠰᠢᠯᠡᠭᠦᠯᠵᠦ᠍᠂ ᠵᠠᠰᠠᠭ ᠤ᠋ᠨ ᠤᠷᠳᠤᠨ ᠪᠠ ᠠᠵᠤ ᠠᠬᠤᠢᠯᠠᠯ ᠤ᠋ᠨ ᠬᠠᠮᠵᠢᠯᠴᠠᠵᠤ ᠬᠤᠯᠪᠤᠭᠠᠯᠠᠨ ᠬᠥᠳᠡᠯᠦᠯᠴᠡᠬᠦ᠌ ᠵᠢ ᠤᠯᠠᠮ ᠨᠢᠭᠡ ᠠᠯᠬᠤᠮ ᠭᠦᠨᠵᠡᠭᠡᠢᠷᠡᠭᠦᠯᠪᠡ᠃

《ᠡᠨᠡ ᠤᠳᠠᠭ᠎ᠠ ᠶ᠋ᠢᠨ ᠠᠵᠢᠯᠯᠠᠭ᠎ᠠ ᠦᠨᠡᠬᠡᠷ 〈ᠴᠠᠭ ᠤ᠋ᠨ ᠬᠤᠷ᠎ᠠ〉 ᠪᠤᠯᠤᠭᠰᠠᠨ᠂ ᠮᠠᠨ ᠤ᠋ ᠠᠵᠤ ᠠᠬᠤᠢᠯᠠᠯ ᠤ᠋ᠨ ᠭᠠᠳᠠᠭᠠᠳᠤ ᠭᠠᠷᠭᠠᠯᠲᠠ ᠶ᠋ᠢᠨ ᠳᠤᠮᠳᠠ ᠲᠤᠯᠭᠠᠷᠠᠭ᠍ᠰᠠᠨ ᠤᠯᠤᠰ ᠤ᠋ᠨ ᠭᠠᠳᠠᠭᠠᠳᠤ ᠶ᠋ᠢᠨ ᠪᠠᠷᠢᠮᠵᠢᠶ᠎ᠠ ᠶ᠋ᠢᠨ ᠬᠤᠪᠢᠷᠠᠯᠲᠠ᠂ ᠭᠡᠷᠡᠴᠢᠯᠡᠬᠦ᠌ ᠶᠠᠪᠤᠴᠠ ᠵᠡᠷᠭᠡ ᠬᠦᠴᠢᠷ ᠠᠰᠠᠭᠤᠳᠠᠯ ᠢ᠋ ᠲᠣᠪ ᠲᠣᠳᠣᠷᠬᠠᠶ ᠶᠠᠷᠢᠯ᠎ᠠ᠃ ᠡᠨᠡ᠎ᠨᠢ ᠪᠢᠳᠡᠨ ᠤ᠋ ᠲᠠᠷᠠᠭᠠᠴᠢ ᠪᠡᠷ ᠱᠢᠨ᠎ᠡ ᠵᠠᠬ᠎ᠠ ᠳᠡᠯᠭᠡᠭᠦᠷ ᠢ᠋ ᠨᠡᠭᠡᠭᠡᠬᠦ᠌᠂ ᠱᠢᠨ᠎ᠡ ᠪᠡᠬᠢᠯᠡᠯᠲᠡ ᠵᠢ ᠠᠷᠭᠠᠴᠠᠭᠠᠬᠤ ᠳ᠋ᠦ ᠮᠠᠰᠢ ᠶᠡᠬᠡ ᠬᠠᠪᠰᠤᠷᠤᠯᠭ᠎ᠠ ᠪᠤᠯᠬᠤ ᠨᠢ ᠭᠠᠷᠴᠠᠭ᠎ᠠ ᠦᠬᠡᠢ》 ᠭᠡᠵᠦ ᠬᠤᠷᠠᠯ ᠳ᠋ᠦ ᠣᠷᠣᠯᠴᠠᠭ᠍ᠰᠠᠨ ᠰᠦ ᠶ᠋ᠢᠨ ᠦᠶ᠋ᠯᠡᠰ ᠤ᠋ᠨ ᠳᠠᠭᠠᠭᠤᠯᠤᠭ᠍ᠴᠢ ᠠᠵᠤ ᠠᠬᠤᠢᠯᠠᠯ ᠤ᠋ᠨ ᠲᠥᠯᠥᠭᠡᠯᠡᠭ᠌ᠴᠢ ᠢᠯᠡᠷᠭᠡᠢᠯᠡᠨ᠎ᠡ᠃ ᠲᠡᠭᠦᠨ ᠤ᠋ ᠬᠡᠯᠡᠬᠦ ᠪᠡᠷ᠂ ᠲᠡᠳᠡ ᠳᠠᠷᠠᠭᠠᠴᠢ ᠪᠡᠷ ᠪᠤᠯᠪᠠᠰᠤᠷᠠᠯ ᠡᠴᠡ ᠰᠤᠷᠤᠭᠰᠠᠨ ᠮᠡᠳᠡᠯᠭᠡ ᠪᠠᠨ ᠭᠠᠳᠠᠭᠠᠳᠤ ᠳ᠋ᠦ ᠭᠠᠷᠭᠠᠬᠤ ᠲᠤᠬᠠᠢᠯᠠᠭ᠍ᠰᠠᠨ ᠠᠵᠢᠯ ᠳ᠋ᠠᠭᠠᠨ ᠬᠡᠷᠡᠭ᠌ᠯᠡᠵᠦ᠍᠂ ᠬᠥᠬᠡᠬᠣᠲᠠ ᠶ᠋ᠢᠨ ᠬᠡᠰᠡᠭ ᠤ᠋ᠨ ᠮᠡᠷᠭᠡᠵᠢᠯ ᠤ᠋ᠨ ᠴᠢᠨᠠᠷᠲᠠᠢ ᠠᠷᠠᠯᠵᠢᠶᠠᠨ ᠤ᠋ ᠦᠶ᠋ᠯᠡᠴᠢᠯᠡᠭᠡᠨ ᠤ᠋ ᠲᠠᠪᠴᠠᠩ ᠢ᠋ ᠰᠠᠢᠲᠤᠷ ᠠᠰᠢᠬᠯᠠᠵᠤ᠂ ᠨᠠᠩ ᠣᠯᠠᠨ ᠴᠢᠨᠠᠷ ᠰᠠᠢᠲᠠᠶ ᠴᠠᠭᠠᠨ ᠢᠳᠡᠭᠡᠨ ᠢ᠋ ᠤᠷᠤᠭ᠍ᠰᠢᠲᠠᠶ ᠪᠡᠷ ᠭᠠᠳᠠᠭᠠᠳᠤ ᠳ᠋ᠦ ᠭᠠᠷᠭᠠᠬᠤ ᠪᠡᠷ ᠬᠦᠴᠦᠯᠡᠨ ᠴᠢᠷᠮᠠᠢᠨ᠎ᠠ᠃

ᠲᠠᠷᠠᠭᠠᠴᠢ ᠪᠡᠷ᠂ ᠬᠥᠬᠡᠬᠣᠲᠠ ᠪᠣᠭᠣᠮᠲᠠ ᠨᠢ ᠪᠣᠭᠣᠮᠲᠠ ᠶ᠋ᠢᠨ ᠶᠡᠷᠦᠩᠬᠡᠶ ᠵᠠᠬᠢᠷᠭ᠎ᠠ ᠶ᠋ᠢᠨ ᠪᠠᠢᠴᠠᠭᠠᠨ ᠰᠢᠯᠭᠠᠵᠤ ᠬᠢᠵᠢᠭ ᠪᠠᠢᠴᠠᠭᠠᠬᠤ ᠪᠠᠷᠢᠮᠵᠢᠶ᠎ᠠ ᠵᠢᠴᠢ ᠮᠡᠷᠭᠡᠵᠢᠯ ᠤ᠋ᠨ ᠬᠠᠤᠯᠢ ᠲᠤᠭᠲᠠᠭᠠᠯ ᠤ᠋ᠨ ᠰᠤᠳᠤᠯᠭᠠᠨ ᠤ᠋ ᠲᠦᠪ᠂ ᠬᠥᠬᠡᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨ᠂ ᠬᠥᠬᠡᠬᠣᠲᠠ ᠶ᠋ᠢᠨ ᠬᠤᠳᠠᠯᠳᠤᠭᠠᠨ ᠤ᠋ ᠶᠠᠪᠤᠳᠠᠯ ᠤ᠋ᠨ ᠲᠣᠪᠴᠢᠶ᠎ᠠ ᠪᠤᠯᠤᠨ ᠰᠦ ᠵᠢᠴᠢ ᠴᠠᠭᠠᠨ ᠢᠳᠡᠭᠡᠨ ᠤ᠋ ᠮᠡᠷᠭᠡᠵᠢᠯ ᠤ᠋ᠨ ᠴᠢᠨᠠᠷᠲᠠᠶ ᠠᠷᠠᠯᠵᠢᠶᠠᠨ ᠤ᠋ ᠠᠷᠭ᠎ᠠ ᠬᠡᠮᠵᠢᠶ᠎ᠡ ᠵᠢ ᠰᠤᠳᠤᠯᠤᠨ ᠦᠨᠡᠯᠡᠬᠦ᠌ ᠰᠠᠭᠤᠷᠢᠨ᠎ᠯᠤᠭ᠎ᠠ ᠶ᠋ᠢᠨ ᠬᠠᠮᠵᠢᠯᠴᠠᠵᠤ ᠬᠣᠯᠪᠣᠭᠠᠯᠠᠨ ᠬᠥᠳᠡᠯᠦᠯᠴᠡᠬᠦ᠌ ᠵᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠥᠬᠡᠬᠣᠲᠠ ᠶ᠋ᠢᠨ ᠬᠡᠰᠡᠭ ᠤ᠋ᠨ ᠲᠠᠪᠴᠠᠩ ᠤ᠋ᠨ ᠳᠠᠪᠠᠭᠤᠯᠢᠭ ᠲᠦ᠍ ᠲᠦᠱᠢᠭ᠌ᠯᠡᠨ ᠲᠣᠰ ᠤᠳᠠᠭ᠎ᠠ ᠵᠢᠨ ᠠᠵᠢᠯᠯᠠᠭ᠎ᠠ ᠶ᠋ᠢᠨ ᠦᠷ᠎ᠡ ᠪᠦᠲᠦᠭᠡᠯ ᠢ᠋ ᠭᠦᠨᠵᠡᠭᠡᠶ ᠤᠨᠳᠤᠤᠰᠢᠭᠤᠯᠵᠤ᠂ ᠮᠡᠷᠭᠡᠵᠢᠯ ᠤ᠋ᠨ ᠠᠷᠠᠯᠵᠢᠶᠠᠨ ᠤ᠋ ᠦᠶ᠋ᠯᠡᠴᠢᠯᠡᠭᠡᠨ ᠤ᠋ ᠱᠢᠰᠲ᠋ᠧᠮ ᠢ᠋ ᠦᠷᠭᠦᠯᠵᠢᠯᠡᠨ ᠱᠢᠯᠢᠳᠡᠭ᠌ᠵᠢᠭᠦᠯᠵᠦ᠍᠂ ᠣᠨᠢᠨ ᠳᠡᠭᠡᠷ᠎ᠡ ᠨᠢ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ ᠳ᠋ᠤ ᠱᠢᠨ᠎ᠡ ᠵᠢ ᠡᠭᠦᠳᠤᠨ᠂ ᠠᠵᠤ ᠠᠬᠤᠢᠯᠠᠯ ᠤ᠋ᠨ ᠭᠠᠳᠠᠭᠠᠳᠤ ᠳ᠋ᠦ ᠭᠠᠷᠴᠤ ᠬᠦᠭᠵᠢᠬᠦ ᠪᠣᠭᠣᠮᠢ ᠵᠢᠨ ᠠᠰᠠᠭᠤᠳᠠᠯ ᠢ᠋ ᠪᠥᠬᠥ᠌ ᠬᠦᠴᠦᠨ ᠶ᠋ᠢᠡᠷ ᠶ᠋ᠢᠡᠨ ᠱᠢᠶ᠋ᠳᠪᠦᠷᠢᠯᠡᠵᠤ᠂ ᠳᠤᠮᠳᠠᠳᠤ ᠤᠯᠤᠰ ᠤ᠋ᠨ ᠴᠠᠭᠠᠨ ᠢᠳᠡᠭᠡᠨ ᠤ᠋ ᠦᠶ᠋ᠯᠡᠰ ᠤ᠋ᠨ ᠲᠥᠷᠥᠯ ᠲᠡᠮᠳᠡᠭ᠌ ᠤ᠋ᠨ ᠣᠯᠠᠨ ᠤᠯᠤᠰ ᠤ᠋ᠨ ᠵᠠᠬ᠎ᠠ ᠳᠡᠯᠭᠡᠭᠦᠷ ᠢ᠋ ᠥᠷᠭᠡᠳᠭᠡᠬᠦ᠌᠂ ᠳᠠᠷᠪᠠᠭᠤᠯ ᠬᠡᠢᠰᠭᠡᠨ ᠭᠠᠳᠠᠭᠠᠳᠤ ᠳ᠋ᠦ ᠭᠠᠷᠬᠤ ᠳ᠋ᠦ ᠨᠠᠩ ᠣᠯᠠᠨ ᠬᠥᠬᠡᠬᠣᠲᠠ ᠶ᠋ᠢᠨ ᠬᠦᠴᠦᠨ ᠢ᠋ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号