ᠪᠤᠤ ᠰᠢᠶᠠᠨ ᠬᠤᠸᠠ ᠶᠠᠷᠢᠶ᠎ᠠ ᠲᠠᠯᠪᠢᠪᠠ
6 ᠰᠠᠷ᠎ᠠ᠎ᠶ᠋ᠢᠨ 1 ᠤ᠋ ᠡᠳᠦᠷ᠂ ᠪᠦᠬᠦ᠌ ᠣᠷᠣᠨ᠎ᠤ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ᠎ᠦᠨ ᠬᠢᠨ᠎ᠦ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠱᠢᠶᠠᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ ᠶᠡᠷᠦᠩᠬᠡᠶ ᠱᠦᠵᠢ ᠰᠢ ᠵᠢᠨ ᠫᠢᠩ᠎ᠦᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠥᠬᠥ᠌ ᠣᠷᠣᠨ᠎ᠤ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ ᠦᠨ᠎ᠬᠢᠨ 《ᠰᠦᠭ ᠰᠦᠨᠡᠰᠦ᠎ᠵᠢ ᠱᠤᠭᠤᠬᠤ》 ᠲᠠᠯ᠎ᠠ᠎ᠪᠠᠷ ᠬᠦᠴᠦᠯᠡᠵᠦ᠍᠂ ᠲᠣᠭ ᠲᠡᠮᠳᠡᠭ ᠲᠣᠳᠣᠷᠬᠠᠶ᠎ᠪᠠᠷ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠥᠭ᠌ᠵᠢᠯᠲᠡ᠎ᠶ᠋ᠢᠨ ᠵᠥᠪ ᠤᠯᠤᠰ ᠲᠥᠷᠥ᠎ᠶ᠋ᠢᠨ ᠴᠢᠭ᠌ᠯᠡᠯ᠎ᠢ ᠪᠠᠷᠢᠮᠲᠠᠯᠠᠬᠤ ᠬᠡᠷᠡᠭ᠌ᠲᠡᠶ; 《ᠦᠨᠳᠦᠰᠦ ᠬᠠᠳᠬᠤᠬᠤ》 ᠲᠠᠯ᠎ᠠ᠎ᠪᠠᠷ ᠬᠦᠴᠦᠯᠡᠵᠦ᠍᠂ ᠳᠤᠮᠳᠠᠳᠤ᠎ᠶ᠋ᠢᠨ ᠰᠤᠶᠤᠯ᠎ᠦᠨ ᠰᠤᠳᠠᠰᠤ᠎ᠶ᠋ᠢ ᠦᠷᠭᠦᠯᠵᠢᠯᠡᠭᠦᠯᠬᠦ᠌ ᠬᠢᠭᠡᠳ ᠭᠤᠤᠯ ᠰᠢᠵᠢᠮ᠎ᠤᠨ ᠱᠠᠭᠠᠷᠳᠠᠯᠭ᠎ᠠ ᠶ᠋ᠢ ᠲᠤᠭᠤᠰᠢᠯᠠᠭᠤᠯᠬᠤ᠎ᠶ᠋ᠢ ᠣᠷᠭᠠᠨᠢᠭ᠎ᠢᠶᠠᠷ ᠨᠢᠭᠡᠳᠦᠭᠦᠯᠬᠦ ᠬᠡᠷᠡᠭᠳᠠᠢ; 《ᠦᠭᠡ ᠬᠡᠯᠡᠬᠦ᠌》 ᠲᠠᠯ᠎ᠠ᠎ᠪᠠᠷ ᠬᠦᠴᠦᠯᠡᠵᠦ᠍᠂ 《ᠳᠥᠷᠪᠡᠨ ᠠᠰᠠᠭᠤᠯᠲᠠ》᠎ᠳ᠋ᠤ ᠭᠦᠨᠵᠡᠭᠡᠶ ᠬᠠᠷᠢᠭᠤᠯᠲᠠ ᠥᠭ᠌ᠴᠦ᠂ ᠣᠨᠣᠯ᠎ᠤᠨ ᠤᠤᠭᠠᠯ ᠡᠭᠦᠳᠦᠯᠲᠡ᠎ᠶ᠋ᠢᠨ ᠬᠦᠴᠦᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ ᠬᠡᠷᠡᠭᠳᠠᠢ; 《ᠭᠠᠪᠢᠶ᠎ᠠ ᠪᠠᠢᠭᠤᠯᠬᠤ》 ᠲᠠᠯ᠎ᠠ᠎ᠪᠠᠷ ᠬᠦᠴᠦᠯᠡᠵᠦ᠍᠂ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠭᠣᠣᠯ ᠶᠡᠬᠡ ᠲᠠᠯ᠎ᠠ᠎ᠳᠤ ᠦᠢᠯᠡᠴᠢᠯᠡᠬᠦ ᠬᠡᠷᠡᠭᠳᠠᠢ; 《ᠶᠣᠰᠣ ᠰᠤᠷᠲᠠᠬᠤᠨ ᠢ ᠪᠤᠢ ᠪᠣᠯᠭᠠᠬᠤ》ᠲᠠᠯ᠎ᠠ᠎ᠪᠠᠷ ᠬᠦᠴᠦᠯᠡᠵᠦ᠍᠂ ᠱᠢᠯᠢᠳᠡᠭ ᠰᠤᠷᠤᠯᠴᠠᠬᠤ ᠰᠤᠷᠲᠠᠯ ᠪᠣᠯᠤᠨ ᠡᠷᠡᠭᠦᠯ ᠰᠠᠷᠠᠭᠤᠯ ᠡᠷᠳᠡᠮ ᠱᠢᠨᠵᠢᠯᠡᠭᠡᠨ᠎ᠦ ᠠᠮᠢ ᠠᠬᠤᠢ ᠶ᠋ᠢ ᠪᠤᠢ ᠪᠣᠯᠭᠠᠵᠤ᠂ ᠨᠠᠮ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠥᠪᠥᠷ ᠮᠣᠩᠭᠣᠯ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ ᠤ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ ᠬᠡᠷᠡᠭᠳᠠᠢ ᠬᠡᠵᠤ ᠴᠢᠬᠤᠯᠠᠴᠢᠯᠠᠪᠠ᠃
ᠬᠤᠷᠠᠯ ᠳᠡᠭᠡᠷ᠎ᠡ 5 ᠲᠥᠷᠥᠯ᠎ᠦᠨ ᠣᠨᠣᠯ᠎ᠤᠨ ᠦᠷ᠎ᠡ ᠪᠦᠲᠦᠭᠡᠯ᠎ᠢ ᠨᠡᠢᠲᠡᠯᠡᠵᠦ᠍᠂ 8 ᠲᠤᠰᠭᠠᠶ ᠮᠡᠷᠭᠡᠵᠢᠯᠲᠡᠨ ᠡᠷᠳᠡᠮᠲᠡᠨ ᠰᠠᠨᠠᠯ᠎ᠢᠶᠠᠨ ᠰᠣᠯᠢᠯᠴᠠᠵᠤ ᠶᠠᠷᠢᠶ᠎ᠠ ᠲᠠᠯᠪᠢᠪᠠ᠃