ᠲᠢᠶᠠᠨᠵᠢᠨ ᠤ᠋ ᠠᠭᠠᠷ ᠤ᠋ᠨ ᠠᠶᠠᠯᠠᠯ ᠤ᠋ᠨ ᠺᠤᠮᠫᠠᠨᠢ ᠠᠷᠠᠳ ᠲᠤ᠌ ᠠᠱᠢᠭ ᠬᠦᠷᠲᠡᠭᠡᠬᠦ᠌ 32 ᠵᠤᠷᠪᠤᠰ ᠠᠶᠠᠯᠠᠯ ᠤ᠋ᠨ ᠱᠤᠭᠤᠮ ᠢ᠋ ᠥᠪᠥᠷ ᠮᠣᠩᠭᠣᠯ ᠳ᠋ᠤ ᠪᠠᠢᠷᠢᠱᠢᠭᠤᠯᠵᠡᠢ
2026-06-03 09:42:07
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭᠯᠡᠯ ᠡᠴᠡ ᠤᠢᠯᠠᠭᠠᠭᠰᠠᠨ ᠢ᠋ᠢᠡᠷ᠂ ᠲᠢᠶᠠᠨᠵᠢᠨ ᠤ᠋ ᠠᠭᠠᠷ ᠤ᠋ᠨ ᠠᠶᠠᠯᠠᠯ ᠤ᠋ᠨ ᠺᠣᠮᠫᠠᠨᠢ ᠥᠪᠥᠷ ᠮᠣᠩᠭᠣᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ ᠲᠠᠢ ᠬᠠᠮᠲᠤᠷᠠᠨ 5 ᠰᠠᠷ᠎ᠠ ᠢ᠋ᠢᠨ 20 ᠤ᠋ ᠡᠳᠦᠷ ᠡᠴᠡ 6 ᠰᠠᠷ᠎ᠠ ᠢ᠋ᠢᠨ 20 ᠤ᠋ ᠡᠳᠦᠷ ᠪᠣᠯᠲᠠᠯ᠎ᠠ 《ᠵᠣᠨ ᠤ᠋ ᠡᠬᠢᠨ ᠤ᠋ ᠲᠠᠯ᠎ᠠ ᠨᠤᠲᠤᠭ ᠤ᠋ᠨ ᠪᠠᠶᠠᠷ》 ᠠᠷᠠᠳ ᠲᠤ᠌ ᠠᠱᠢᠭ ᠬᠦᠷᠲᠡᠭᠡᠬᠦ᠌ ᠠᠶᠠᠯᠠᠯ ᠤ᠋ᠨ ᠠᠵᠢᠯᠯᠠᠭ᠎ᠠ ᠥᠷᠨᠢᠭᠦᠯᠵᠤ᠂ 32 ᠵᠤᠷᠪᠤᠰ ᠠᠭᠠᠷ ᠤ᠋ᠨ ᠠᠶᠠᠯᠠᠯ ᠤ᠋ᠨ ᠱᠤᠭᠤᠮ ᠢ᠋ ᠪᠠᠢᠷᠢᠰᠢᠭᠤᠯᠤᠨ᠂ ᠡᠳᠦᠷ ᠳᠤᠮᠳᠠᠴᠢ ᠪᠡᠷ 60 ᠭᠠᠷᠤᠢ ᠡᠭᠡᠯᠵᠢ ᠢ᠋ᠢᠨ ᠨᠢᠰᠭᠡᠯ ᠠᠶᠠᠯᠠᠭᠤᠯᠵᠤ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠵᠠᠬ᠎ᠠ ᠳᠡᠯᠭᠡᠭᠦᠷ ᠤ᠋ᠨ ᠬᠦᠭᠵᠢᠯᠳᠡ ᠳ᠋ᠤ ᠬᠦᠴᠦᠨ ᠨᠠᠮᠠᠷᠢᠯᠠᠵᠤ ᠪᠠᠢᠨ᠎ᠠ᠃

ᠲᠣᠰ ᠤᠳᠠᠭ᠎ᠠ ᠵᠢᠨ ᠠᠵᠢᠯᠯᠠᠭ᠎ᠠ ᠳ᠋ᠤ ᠣᠯᠠᠨ ᠵᠦᠶ᠋ᠯ ᠤ᠋ᠨ ᠲᠦᠭᠡᠮᠡᠯ ᠬᠠᠷᠠᠭᠠᠯᠵᠠᠯᠲᠤ ᠨᠢᠰᠭᠡᠯ ᠤ᠋ᠨ ᠪᠢᠯᠧᠲ ᠭᠠᠷᠭᠠᠵᠤ᠂ ᠬᠡᠰᠡᠭ ᠠᠭᠠᠷ ᠤ᠋ᠨ ᠠᠶᠠᠯᠠᠯ ᠤ᠋ᠨ ᠱᠤᠭᠤᠮ ᠳ᠋ᠤ ᠬᠠᠮᠤᠭ ᠤ᠋ᠨ ᠶᠡᠬᠡ ᠳ᠋ᠡᠬᠡᠨ 40% ᠤ᠋ᠨ ᠬᠢᠮᠳᠠᠷᠠᠯ ᠲᠠᠶ᠃ ᠪᠠᠰᠠ ᠣᠯᠠᠨ ᠤᠳᠠᠭ᠎ᠠ ᠶᠠᠪᠤᠵᠤ ᠰᠠᠭᠤᠬᠤ ᠬᠥᠮᠦᠰ ᠲᠦ᠍ ᠴᠢᠭ᠌ᠯᠡᠭᠦᠯᠦᠨ ᠥᠪᠥᠷ ᠮᠣᠩᠭᠣᠯ ᠤ᠋ᠨ ᠣᠷᠣᠨ ᠪᠦᠰᠡ ᠢ᠋ᠢᠨ ᠠᠶᠠᠯᠠᠯ ᠤ᠋ᠨ ᠳᠡᠳ᠋ ᠺᠠᠷᠲ ᠭᠠᠷᠭᠠᠵᠤ᠂ ᠠᠶᠠᠨᠴᠢᠳ 668 ᠲᠥᠭᠥᠷᠢᠭ ᠤ᠋ᠨ ᠭᠠᠭ᠍ᠴᠠ ᠬᠥᠮᠦᠨ ᠤ᠋ 2 ᠤᠳᠠᠭ᠎ᠠ ᠢ᠋ᠢᠨ ᠺᠠᠷᠲ ᠪᠤᠶᠤ 1099 ᠲᠥᠭᠥᠷᠢᠭ ᠤ᠋ᠨ ᠭᠠᠭ᠍ᠴᠠ ᠬᠥᠮᠦᠨ ᠤ᠋ 4 ᠤᠳᠠᠭ᠎ᠠ ᠢ᠋ᠢᠨ ᠣᠷᠣᠨ ᠪᠦᠰᠡ ᠢ᠋ᠢᠨ ᠺᠠᠷᠲ ᠢ᠋ ᠬᠤᠳᠠᠯᠳᠤᠨ ᠠᠪᠤᠪᠠᠯ ᠲᠣᠭ᠍ᠲᠠᠭᠰᠠᠨ ᠠᠶᠠᠯᠠᠯ ᠤ᠋ᠨ ᠱᠤᠭᠤᠮ ᠤ᠋ᠨ ᠬᠡᠪᠴᠢᠶᠡᠨ ᠳ᠋ᠤ ᠣᠯᠠᠨ ᠤᠳᠠᠭ᠎ᠠ ᠵᠢᠨ ᠲᠠᠩ ᠴᠢᠭ᠌ᠯᠡᠯ ᠤ᠋ᠨ ᠠᠭᠠᠷ ᠤ᠋ᠨ ᠠᠶᠠᠯᠠᠯ᠎ᠦᠨ ᠬᠠᠷᠠᠭᠠᠯᠵᠠᠯ ᠢ᠋ ᠭᠥᠷᠳᠡᠵᠦ᠍ ᠪᠣᠯᠤᠨ᠎ᠠ᠃

ᠣᠢᠯᠠᠭᠠᠭ᠍ᠰᠠᠨ ᠢ᠋ᠢᠡᠷ᠂ ᠣᠳᠣᠬᠠᠨ ᠳ᠋ᠤ ᠲᠢᠶᠠᠨᠵᠢᠨ ᠤ᠋ ᠠᠭᠠᠷ ᠤ᠋ᠨ ᠠᠶᠠᠯᠠᠯ ᠤ᠋ᠨ ᠺᠤᠮᠫᠠᠨᠢ ᠡᠴᠡ ᠥᠪᠥᠷ ᠮᠣᠩᠭᠣᠯ ᠳ᠋ᠤ 32 ᠵᠤᠷᠪᠤᠰ ᠠᠭᠠᠷ ᠤ᠋ᠨ ᠠᠶᠠᠯᠠᠯ ᠤ᠋ᠨ ᠱᠤᠭᠤᠮ ᠪᠠᠢᠷᠢᠱᠢᠭᠤᠯᠵᠤ᠂ ᠣᠷᠣᠨ ᠤ᠋ ᠳᠣᠲᠣᠷᠠᠬᠢ 10 ᠬᠤᠳᠠ ᠪᠠ ᠣᠷᠣᠨ ᠤ᠋ ᠭᠠᠳᠠᠨᠠᠬᠢ 15 ᠭᠤᠤᠯᠳᠠᠯᠭ᠎ᠠ ᠲᠠᠶ ᠬᠣᠲᠠ ᠢ᠋ᠢ ᠬᠣᠯᠪᠣᠵᠤ᠂ 《ᠭᠤᠤᠯ ᠱᠤᠭᠤᠮ ᠪᠠ ᠰᠠᠯᠪᠤᠷᠢ ᠱᠤᠭᠤᠮ ᠢ᠋ ᠬᠤᠯᠪᠤᠭᠰᠠᠨ᠂ ᠪᠥᠬᠥ᠌ ᠲᠤᠤᠷ ᠢ᠋ ᠬᠣᠯᠪᠣᠬᠰᠠᠨ》 ᠠᠭᠠᠷ ᠤ᠋ᠨ ᠠᠶᠠᠯᠠᠯ ᠤ᠋ᠨ ᠲᠤᠤᠷ ᠢ᠋ ᠠᠯᠬᠤᠮ ᠠᠯᠬᠤᠮ ᠢ᠋ᠢᠡᠷ ᠪᠠᠢᠭᠤᠯᠪᠠ᠃ ᠣᠢᠷ᠎ᠠ ᠳ᠋ᠤ ᠲᠢᠶᠠᠨᠵᠢᠨ ᠤ᠋ ᠠᠭᠠᠷ ᠤ᠋ᠨ ᠠᠶᠠᠯᠠᠯ ᠤ᠋ᠨ ᠺᠣᠮᠫᠠᠨᠢ ᠡᠴᠡ ᠬᠥᠬᠡᠬᠣᠲᠠ — ᠲᠢᠶᠠᠨᠵᠢᠨ ᠬᠦᠷᠬᠦ ᠠᠭᠠᠷ ᠤ᠋ᠨ ᠠᠶᠠᠯᠠᠯ ᠤ᠋ᠨ ᠱᠤᠭᠤᠮ ᠢ᠋ ᠨᠠᠮᠠᠨ ᠨᠡᠭᠡᠭᠡᠵᠦ᠍᠂ ᠡᠳᠦᠷ ᠪᠦᠷᠢ 2 ᠡᠭᠡᠯᠵᠢ ᠵᠢᠨ ᠨᠢᠰᠬᠡᠯ ᠤ᠋ᠨ ᠬᠥᠬᠡᠬᠣᠲᠠ ᠡᠴᠡ ᠲᠢᠶᠠᠨᠵᠢᠨ᠎ᠳᠤ ᠣᠴᠢᠵᠤ ᠢᠷᠡᠬᠦ᠌ ᠨᠢᠰᠤᠯᠳᠡ ᠵᠢ ᠪᠡᠶᠡᠯᠡᠭᠦᠯᠵᠦ᠍ ᠂ ᠪᠡᠭᠡᠵᠢᠩ ᠲᠢᠶᠠᠨᠵᠢᠨ ᠾᠧᠪᠧᠶ ᠬᠢᠭᠡᠳ ᠥᠪᠥᠷ ᠮᠣᠩᠭᠣᠯ ᠤ᠋ᠨ ᠠᠭᠠᠷ ᠤ᠋ᠨ ᠠᠶᠠᠯᠠᠯ᠎ᠦᠨ ᠱᠤᠭᠤᠮ ᠲᠤᠤᠷ ᠢ᠋ ᠤᠯᠠᠮ ᠨᠢᠭ᠍ᠲᠠᠷᠠᠭᠤᠯᠪᠠ᠃ ᠡᠭᠦᠨ ᠡᠴᠡ ᠭᠠᠳᠠᠨ᠎ᠠ ᠪᠠᠰᠠ GS6597/6598 ᠴᠦᠩᠴᠢᠩ — ᠬᠥᠬᠡᠬᠣᠲᠠ — ᠤᠯᠠᠭᠠᠨᠬᠣᠲᠠ ᠬᠦᠷᠬᠦ ᠠᠭᠠᠷ ᠤ᠋ᠨ ᠠᠶᠠᠯᠠᠯ ᠤ᠋ᠨ ᠱᠤᠭᠤᠮ ᠵᠢᠴᠢ GS7589 / 7590 ᠦᠷᠦᠮᠴᠢ — ᠬᠥᠬᠡᠬᠣᠲᠠ — ᠨᠠᠨᠵᠢᠩ ᠬᠦᠷᠬᠦ ᠠᠭᠠᠷ ᠤ᠋ᠨ ᠠᠶᠠᠯᠠᠯ ᠤ᠋ᠨ ᠱᠤᠭᠤᠮ ᠢ᠋ ᠤᠷᠤᠭ᠍ᠰᠢᠲᠠᠶ ᠠᠵᠢᠯᠯᠠᠭᠤᠯᠵᠤ᠂ ᠠᠶᠠᠨᠴᠢᠳ ᠤ᠋ᠨ ᠠᠶᠠᠯᠠᠯ ᠤ᠋ᠨ ᠬᠡᠷᠡᠭ᠌ᠴᠡᠭᠡ ᠢ᠋ᠢ ᠪᠥᠬᠥ᠌ ᠲᠠᠯ᠎ᠠ ᠪᠡᠷ ᠬᠠᠩᠭᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号