ᠮᠢᠬᠠᠨ ᠤ᠋ ᠪᠦᠲᠦᠭᠡᠭ᠌ᠳᠡᠬᠦᠨ ᠤ᠋ ᠬᠦᠷᠢᠶᠡᠨ ᠤ᠋ ᠬᠤᠳᠠᠯ ᠬᠠᠭᠤᠷᠮᠠᠭ ᠦᠢᠯᠡᠳᠬᠦᠨ ᠦᠶ᠋ᠯᠡᠳᠴᠦ᠍ ᠪᠣᠷᠣᠯᠠᠭᠤᠯᠬᠤ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭᠠ ᠳ᠋ᠤ ᠴᠢᠩᠭᠠ ᠴᠣᠬᠢᠯᠲᠠ ᠥᠭ᠌ᠴᠦ᠂ ᠣᠯᠠᠨ ᠲᠦᠮᠡᠨ ᠤ᠋ ᠳᠡᠭᠡᠳᠦ ᠬᠡᠮᠵᠢᠶᠡ ᠪᠡᠷ ᠠᠩᠬᠠᠷᠴᠤ᠌ ᠪᠠᠢᠭᠠ ᠲᠤᠰᠭᠠᠯ ᠴᠢᠩᠭᠠ ᠪᠠᠢᠭᠠ ᠮᠢᠬᠠᠨ ᠤ᠋ ᠪᠦᠲᠦᠭᠡᠭ᠌ᠳᠡᠬᠦᠨ ᠤ᠋ ᠲᠣᠪᠣᠢᠮᠠ ᠠᠰᠠᠭᠤᠳᠠᠯ ᠳ᠋ᠤ ᠴᠢᠭ᠌ᠯᠡᠭᠦᠯᠦᠨ᠂ 5 ᠰᠠᠷᠠ ᠶ᠋ᠢᠨ 20 ᠤ᠋ ᠡᠳᠦᠷ ᠡᠴᠡ ᠡᠬᠢᠯᠡᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶᠠᠵᠢᠨ ᠬᠢᠨ ᠨᠡᠢᠭᠡᠮ ᠨᠡᠢᠲᠡ ᠡᠴᠡ ᠮᠢᠬᠠᠨ ᠤ᠋ ᠪᠦᠲᠦᠭᠡᠭ᠌ᠳᠡᠬᠦᠨ ᠤ᠋ ᠬᠦᠷᠢᠶᠡᠨ ᠤ᠋ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭᠠ ᠶ᠋ᠢᠨ ᠰᠦᠪᠡᠭ᠌ᠴᠢ ᠵᠢ ᠢᠯᠡ ᠪᠡᠷ ᠴᠤᠭ᠍ᠯᠠᠭᠤᠯᠵᠤ᠂ ᠨᠡᠢᠭᠡᠮ ᠤ᠋ᠨ ᠬᠦᠴᠦᠨ ᠢ᠋ ᠥᠷᠭᠡᠨ ᠢ᠋ᠶ᠋ᠡᠷ ᠳᠠᠢᠴᠢᠯᠠᠨ ᠢᠳᠡᠭᠡᠨ ᠤ᠋ ᠠᠮᠤᠷ ᠲᠦᠪᠱᠢᠨ ᠢ᠋ ᠬᠠᠮᠲᠤ ᠪᠡᠷ ᠵᠠᠰᠠᠬᠤ ᠳ᠋ᠤ ᠣᠷᠣᠯᠴᠠᠭᠤᠯᠵᠤ ᠪᠠᠢᠨᠠ᠃
ᠲᠣᠰ ᠤᠳᠠᠭᠠᠨ ᠤ᠋ ᠰᠦᠪᠡᠭ᠌ᠴᠢ ᠴᠤᠭ᠍ᠯᠠᠭᠤᠯᠬᠤ ᠬᠡᠪᠴᠢᠶᠡ ᠨᠢ ᠮᠢᠬᠠᠨ ᠤ᠋ ᠪᠦᠲᠦᠭᠡᠭᠳᠡᠬᠦᠨ ᠤ᠋ ᠦᠶ᠋ᠯᠡᠳᠪᠦᠷᠢᠯᠡᠯ᠂ ᠪᠣᠯᠪᠠᠰᠤᠷᠠᠭᠤᠯᠤᠯᠲᠠ᠂ ᠭᠦᠶ᠋ᠯᠭᠡᠭᠡ᠂ ᠰᠦᠯᠵᠢᠶᠡᠨ ᠳᠡᠭᠡᠷᠡᠬᠢ ᠪᠣᠷᠣᠯᠠᠭᠤᠯᠭᠠ ᠶ᠋ᠢᠨ ᠪᠥᠬᠥ᠌ ᠬᠡᠯᠬᠢᠶᠡ ᠵᠢ ᠬᠠᠮᠤᠷᠴᠤ᠌᠂ ᠨᠠᠶ᠋ᠮᠠᠨ ᠶᠡᠬᠡ ᠲᠥᠷᠥᠯ ᠤ᠋ᠨ ᠬᠠᠤᠯᠢ ᠲᠣᠭ᠍ᠲᠠᠭᠠᠯ ᠢ᠋ ᠵᠥᠷᠢᠴᠡᠭ᠌ᠰᠡᠨ ᠠᠵᠢᠯᠯᠠᠭᠠ ᠵᠢ ᠲᠣᠳᠣᠷᠬᠠᠢᠯᠠᠪᠡ᠃ ᠡᠭᠦᠨ ᠳ᠋ᠤ ᠢᠳᠡᠭᠡᠨ ᠤ᠋ ᠵᠦᠶ᠋ᠯ ᠤ᠋ᠨ ᠦᠶ᠋ᠯᠡᠳᠪᠦᠷᠢᠯᠡᠯ ᠡᠵᠡᠩᠨᠡᠯᠲᠡ ᠶ᠋ᠢᠨ ᠨᠢᠭᠡᠴᠢ ᠪᠠᠷᠠᠭᠠ ᠣᠷᠣᠭᠤᠯᠬᠤ ᠳ᠋ᠠᠭᠠᠨ ᠪᠠᠢᠴᠠᠭᠠᠨ ᠱᠢᠯᠭᠠᠬᠤ ᠲᠦᠷᠢᠮ ᠢ᠋ ᠨᠠᠢᠳᠠᠪᠤᠷᠢᠵᠢᠭᠤᠯᠤᠭ᠍ᠰᠠᠨ ᠥᠬᠡᠶ᠂ ᠢᠷᠡᠯᠲᠡ ᠨᠢ ᠲᠣᠳᠣᠷᠬᠠᠶ ᠥᠬᠡᠶ᠂ ᠱᠢᠯᠭᠠᠨ ᠪᠠᠢᠴᠠᠭᠠᠯᠲᠠ ᠬᠢᠵᠢᠭᠦᠨ ᠪᠠᠢᠴᠠᠭᠠᠯᠲᠠ ᠵᠢ ᠳᠠᠮᠵᠢᠭ᠍ᠰᠠᠨ ᠥᠬᠡᠶ ᠪᠤᠶᠤ ᠬᠢᠷᠢ ᠲᠡᠩᠴᠡᠭ᠌ᠰᠡᠨ ᠥᠬᠡᠶ ᠮᠢᠬᠠ ᠵᠢ ᠬᠤᠳᠠᠯᠳᠤᠨ ᠠᠪᠬᠤ᠂ ᠬᠡᠷᠡᠭ᠌ᠯᠡᠬᠦ᠌᠂ ᠪᠣᠷᠣᠯᠠᠭᠤᠯᠬᠤ᠂ ᠪᠤᠰᠤᠳ ᠮᠠᠯ ᠵᠢᠭᠦᠷᠲᠡᠨ ᠤ᠋ ᠮᠢᠬᠠ ᠪᠡᠷ ᠦᠬᠡᠷ ᠬᠣᠨᠢᠨ ᠮᠢᠬᠠ᠂ ᠡᠯᠵᠢᠭᠡᠨ ᠮᠢᠬᠠ ᠵᠢ ᠬᠤᠳᠠᠯ ᠬᠠᠭᠤᠷᠮᠠᠭ ᠢ᠋ᠶ᠋ᠡᠷ ᠤᠷᠤᠯᠠᠭᠤᠯᠬᠤ᠂ ᠬᠢᠮᠳᠠ ᠮᠢᠬᠠ ᠪᠡᠷ ᠥᠨᠳᠥᠷ ᠦᠨᠡ ᠲᠠᠢ ᠮᠢᠬᠠ ᠵᠢ ᠤᠷᠤᠯᠠᠭᠤᠯᠤᠨ ᠡᠳ᠋ᠱᠢᠭᠦᠯᠦᠨ ᠪᠣᠷᠣᠯᠠᠭᠤᠯᠬᠤ; ᠢᠳᠡᠭᠡᠨ ᠤ᠋ ᠨᠡᠮᠡᠯᠲᠡ ᠡᠳ᠋ᠦᠨ ᠬᠡᠪᠴᠢᠶᠡ᠂ ᠬᠡᠮᠵᠢᠶᠡ ᠡᠴᠡ ᠬᠡᠲᠦᠷᠡᠭᠦᠯᠦᠨ ᠬᠡᠷᠡᠭ᠌ᠯᠡᠬᠦ᠌ ᠪᠤᠶᠤ ᠢᠳᠡᠭᠡᠨ ᠤ᠋ ᠪᠤᠰᠤ ᠪᠣᠳᠠᠰ ᠨᠡᠮᠡᠬᠦ᠌; ᠦᠨᠡᠮᠯᠡᠯ ᠦᠭᠡᠶ᠂ ᠲᠣᠭ᠍ᠲᠠᠭᠠᠯ ᠳ᠋ᠤ ᠨᠡᠢᠴᠡᠬᠦ᠌ ᠭᠠᠵᠠᠷ ᠲᠠᠯᠠᠪᠤᠷ ᠦᠭᠡᠶ ᠪᠡᠷ ᠳᠤᠷᠠ ᠪᠡᠷ ᠢ᠋ᠶ᠋ᠡᠨ ᠮᠢᠬᠠᠨᠦ ᠢᠳᠡᠭᠡᠨ ᠪᠣᠯᠪᠠᠰᠤᠷᠠᠭᠤᠯᠤᠨ ᠪᠣᠷᠣᠯᠠᠭᠤᠯᠬᠤ; ᠭᠦᠶ᠋ᠯᠭᠡᠭᠡᠨ ᠤ᠋ ᠭᠣᠭ᠍ᠴᠣᠭᠠ ᠳ᠋ᠤ ᠱᠣᠱᠢᠭᠠ ᠲᠡᠮᠲᠡᠭ ᠢ᠋ ᠨᠢ ᠥᠭᠡᠷᠡᠲᠦᠭᠦᠯᠵᠦ᠍᠂ ᠳᠤᠤᠷᠠ ᠦᠨᠡ ᠶ᠋ᠢᠨ ᠪᠣᠷᠴᠠ ᠵᠢ ᠦᠨᠳᠦᠷ ᠦᠨᠡ ᠶ᠋ᠢᠨ ᠪᠣᠷᠴᠠ ᠪᠣᠯᠭᠠᠨ ᠪᠣᠷᠣᠯᠠᠭᠤᠯᠬᠤ; ᠰᠦᠯᠵᠢᠶᠡᠨ ᠤ᠋ ᠱᠢᠭᠤᠳ ᠨᠡᠪᠲᠡᠷᠡᠭᠦᠯᠭᠡ ᠶ᠋ᠢᠨ ᠲᠠᠰᠤᠭ᠂ ᠰᠦᠯᠵᠢᠶᠡᠨ ᠳᠡᠭᠡᠷᠡᠬᠢ ᠲᠠᠪᠴᠠᠩ ᠨᠢ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠮᠡᠳᠡᠭᠡ ᠵᠠᠩᠭᠢ ᠵᠢ ᠵᠠᠷᠯᠠᠨ ᠨᠡᠢᠲᠡᠯᠡᠭ᠌ᠰᠡᠨ ᠥᠬᠡᠶ᠂ ᠤᠬᠠᠭᠤᠯᠭᠠ ᠶ᠋ᠢᠨ ᠮᠡᠳᠡᠭᠡ ᠵᠠᠩᠭᠢ ᠨᠢ ᠪᠣᠳᠠᠲᠤ ᠡᠳ᠋ ᠲᠠᠢ ᠪᠠᠨ ᠨᠡᠢᠴᠡᠬᠦ᠌ ᠥᠬᠡᠶ᠂ ᠴᠢᠨᠠᠷ ᠮᠠᠭᠤ ᠬᠠᠭᠤᠷᠮᠠᠭ ᠮᠢᠬᠠᠨ ᠢᠳᠡᠭᠡᠨ ᠪᠣᠷᠣᠯᠠᠭᠤᠯᠬᠤ; ᠡᠯᠡ ᠲᠥᠷᠥᠯ ᠤ᠋ᠨ ᠮᠢᠬᠠᠨ ᠤ᠋ ᠪᠦᠲᠦᠭᠡᠭᠳᠡᠬᠦᠨ ᠤ᠋ ᠬᠦᠷᠢᠶᠡᠨ ᠳ᠋ᠡᠬᠢ 《ᠬᠠᠷᠠ ᠦᠶ᠋ᠯᠡᠳᠪᠦᠷᠢ》᠂ 《ᠬᠠᠷᠠ ᠦᠶ᠋ᠯᠡᠳᠭᠡᠯ》᠂ 《ᠬᠠᠷᠠ ᠡᠭᠦᠷ》 ᠤ᠋ᠨ ᠴᠢᠨᠠᠷ ᠮᠠᠭᠤ ᠬᠠᠭᠤᠷᠮᠠᠭ ᠲᠠᠸᠠᠷ ᠦᠶ᠋ᠯᠡᠳᠴᠦ᠍ ᠪᠣᠷᠣᠯᠠᠭᠤᠯᠬᠤ ᠵᠡᠷᠭᠡ ᠠᠵᠢᠯᠯᠠᠭᠠ ᠵᠢ ᠪᠠᠬᠲᠠᠭᠠᠪᠠ᠃
ᠣᠢᠯᠠᠭᠠᠭ᠍ᠰᠠᠨ ᠢ᠋ᠶ᠋ᠡᠷ᠂ ᠲᠣᠰ ᠤᠳᠠᠭᠠᠨ ᠤ᠋ ᠰᠦᠪᠡᠭ᠌ᠴᠢ ᠴᠤᠭ᠍ᠯᠠᠭᠤᠯᠬᠤ ᠴᠠᠭ ᠨᠢ 2026 ᠣᠨ ᠤ᠋ 11 ᠰᠠᠷᠠ ᠶ᠋ᠢᠨ ᠰᠡᠭᠦᠯᠴᠢ ᠪᠣᠯᠲᠠᠯᠠ ᠦᠷᠬᠦᠯᠵᠢᠯᠡᠨᠡ᠃ ᠬᠡᠷᠡᠭ᠌ᠯᠡᠭ᠌ᠴᠢᠳ 12315 ᠵᠠᠭᠠᠯᠳᠤᠬᠤ ᠢᠯᠡᠴᠢᠯᠡᠨ ᠮᠡᠳᠡᠭᠦᠯᠬᠦ᠌ ᠤᠲᠠᠰᠤ᠂ ᠪᠥᠬᠥ᠌ ᠤᠯᠤᠰ ᠤ᠋ᠨ 12315 ᠠᠯᠪᠠᠨ ᠤ᠋ ᠲᠠᠪᠴᠠᠩ ᠢ᠋ᠶ᠋ᠡᠷ ᠳᠠᠮᠵᠢᠭᠤᠯᠤᠨ ᠬᠠᠤᠯᠢ ᠵᠢ ᠵᠥᠷᠢᠴᠡᠭ᠌ᠰᠡᠨ ᠰᠦᠪᠡᠭ᠌ᠴᠢ ᠪᠠᠨ ᠲᠤᠱᠢᠶᠠᠵᠤ ᠪᠣᠯᠤᠨᠠ᠃ ᠮᠢᠬᠠᠨ ᠤ᠋ ᠪᠦᠲᠦᠭᠡᠭ᠌ᠳᠡᠬᠦᠨ ᠦᠢᠯᠡᠳᠪᠦᠷᠢᠯᠡᠵᠦ᠍ ᠡᠵᠡᠩᠨᠡᠬᠦ᠌ ᠠᠵᠢᠯ ᠲᠥᠷᠥᠯ ᠤ᠋ᠨ ᠬᠢᠨ ᠬᠡᠷᠪᠡ ᠮᠢᠬᠠᠨ ᠤ᠋ ᠢᠷᠡᠯᠲᠡ ᠵᠢ ᠬᠤᠳᠠᠯ ᠬᠠᠭᠤᠷᠮᠠᠭ ᠢ᠋ᠶ᠋ᠡᠷ ᠵᠣᠬᠢᠶᠠᠬᠤ᠂ ᠲᠦᠭᠦᠬᠡᠶ ᠮᠠᠲᠧᠷᠢᠶᠠᠯ ᠨᠢ ᠬᠢᠷᠢ ᠲᠡᠩᠴᠡᠬᠦ᠌ ᠦᠭᠡᠶ᠂ ᠬᠠᠤᠯᠢ ᠪᠤᠰᠤ ᠪᠡᠷ ᠶᠠᠭᠤᠮᠠ ᠨᠡᠮᠡᠬᠦ᠌ ᠵᠡᠷᠭᠡ ᠠᠵᠢᠯ ᠲᠥᠷᠥᠯ ᠤ᠋ᠨ ᠳᠣᠲᠣᠭᠠᠳᠤ ᠶ᠋ᠢᠨ ᠬᠠᠤᠯᠢ ᠡᠴᠡ ᠵᠥᠷᠢᠴᠡᠭ᠌ᠰᠡᠨ ᠰᠦᠪᠡᠭ᠌ᠴᠢ ᠵᠢ ᠮᠡᠳᠡᠪᠡᠯ᠂ 《ᠪᠦᠬᠦ᠌ ᠤᠯᠤᠰ ᠤ᠋ᠨ ᠢᠳᠡᠭᠡᠨ ᠤ᠋ ᠠᠮᠤᠷ ᠲᠦᠪᠰᠢᠨ ᠤ᠋ ᠳᠣᠲᠣᠭᠠᠳᠤ ᠶ᠋ᠢᠨ ᠪᠠᠢᠳᠠᠯ ᠢ᠋ ᠮᠡᠳᠡᠭ᠌ᠴᠢ ᠵᠢᠨ ᠢᠯᠡᠴᠢᠯᠡᠨ ᠮᠡᠳᠡᠭᠦᠯᠬᠦ᠌ ᠱᠢᠰᠲᠧᠮ》 ᠢ᠋ᠶ᠋ᠡᠷ ᠳᠠᠮᠵᠢᠭᠤᠯᠤᠨ ᠲᠤᠰᠭᠠᠶ ᠠᠷᠭᠠ ᠵᠠᠮ ᠢ᠋ᠶ᠋ᠡᠷ ᠢᠯᠡᠴᠢᠯᠡᠨ ᠮᠡᠳᠡᠭᠦᠯᠵᠦ᠍ ᠪᠣᠯᠤᠨᠠ᠃