《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠱᠢᠨ᠎ᠡ ᠬᠡᠯᠪᠡᠷᠢ ᠎ᠶ᠋ᠢᠨ ᠴᠠᠬᠢᠯᠭᠠᠨ ᠲᠣᠣᠷ ᠎ᠲᠡᠬᠢ ᠪᠡᠯᠡ ᠣᠷᠣᠭᠤᠯᠤᠯᠲᠠ ᠵᠢᠱ᠌ᠢᠯᠲᠡ᠎ᠪᠡᠷ 5 ᠲᠦᠮᠡᠨ ᠳ᠋ᠦᠩᠱᠢᠭᠤᠷ ᠲᠥᠭᠥᠷᠢᠭ᠎ᠢ ᠳᠠᠪᠠᠬᠤ ᠪᠣᠯᠤᠨ᠎ᠠ
2026-06-03 15:35:42
ᠵᠣᠬᠢᠶᠠᠭ᠍ᠴᠢ᠄
ᠸᠧᠢ ᠢᠦᠢ ᠺᠦᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 25 ᠤ᠋ ᠡᠳᠦᠷ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠎ᠡᠴᠡ ᠤᠢ᠍ᠢᠯᠠᠭᠠᠭ᠍ᠰᠠᠨ ᠵᠢᠡᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠱᠢᠨ᠎ᠡ ᠬᠡᠯᠪᠡᠷᠢ᠎ᠶ᠋ᠢᠨ ᠴᠠᠬᠢᠯᠭᠠᠨ ᠲᠣᠣᠷ᠎ᠤᠨ ᠪᠡᠯᠡ ᠣᠷᠣᠭᠤᠯᠤᠯᠲᠠ ᠵᠢᠱ᠌ᠢᠯᠲᠡ᠎ᠪᠡᠷ 5 ᠲᠦᠮᠡᠨ ᠳ᠋ᠦᠩᠱᠢᠭᠤᠷ ᠲᠥᠭᠥᠷᠢᠭ᠎ᠢ ᠳᠠᠪᠠᠬᠤ ᠪᠣᠯᠤᠨ᠎ᠠ᠃

ᠱᠢᠨ᠎ᠡ ᠬᠡᠯᠪᠡᠷᠢ ᠎ᠶ᠋ᠢᠨ ᠴᠠᠬᠢᠯᠭᠠᠨ ᠲᠤᠤᠷ᠎ᠤᠨ ᠪᠥᠲᠥᠭᠡᠨ ᠪᠠᠢᠭᠤᠯᠤᠯᠲᠠ᠎ᠨᠢ ᠡᠨᠧᠷᠭᠢ᠎ᠶ᠋ᠢᠨ ᠠᠮᠤᠷ ᠲᠦᠪᠱᠢᠨ ᠎ᠢ ᠪᠠᠲᠤᠯᠠᠬᠤ᠂ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠣᠳᠣᠬᠠᠨ᠎ᠳᠤ᠂ ᠮᠠᠨ᠎ᠤ ᠤᠯᠤᠰ ᠨᠢᠭᠡᠨᠲᠡ ᠯᠤᠲᠤ ᠶᠡᠬᠡ ᠬᠡᠪᠴᠢᠶ᠎ᠡ᠎ᠲᠡᠶ᠂ ᠠᠮᠤᠷ ᠲᠦᠪᠱᠢᠨ ᠠᠵᠢᠯᠯᠠᠭᠠᠨ᠎ᠲᠠᠶ᠂ ᠲᠡᠷᠢᠭᠦᠨ᠎ᠦ ᠮᠡᠷᠭᠡᠵᠢᠯ᠎ᠲᠡᠶ ᠪᠥᠬᠥ᠌ ᠤᠯᠤᠰ ᠎ᠤᠨ ᠪᠠᠲᠤ ᠴᠢᠩᠭ᠎ᠠ ᠢᠨᠲ᠋ᠸᠷ ᠰᠦᠯᠵᠢᠶᠡᠨ᠎ᠦ ᠲᠤᠤᠷ᠎ᠢ ᠪᠠᠢᠭᠤᠯᠵᠤ᠂ ᠪᠥᠬᠥ᠌ ᠤᠯᠤᠰ᠎ᠤᠨ 10 ᠲᠦᠮᠡᠨ ᠳ᠋ᠦᠩᠱᠢᠭᠤᠷ ᠺᠢᠯᠦᠸᠠᠲ ᠴᠠᠭ᠎ᠢ ᠳᠠᠪᠠᠭ᠍ᠰᠠᠨ ᠣᠨ᠎ᠤ ᠴᠠᠬᠢᠯᠭᠠᠨ ᠬᠡᠷᠡᠭ᠌ᠯᠡᠬᠦ᠌ ᠬᠡᠮᠵᠢᠶ᠎ᠡ ᠎ᠶ᠋ᠢ ᠬᠦᠴᠦᠲᠡᠶ ᠪᠠᠲᠤᠯᠠᠵᠤ᠂ 18 ᠳ᠋ᠦᠩᠱᠢᠭᠤᠷ ᠺᠢᠯᠦᠸᠠᠲ᠎ᠢ ᠳᠠᠪᠠᠭ᠍ᠰᠠᠨ ᠱᠢᠨ᠎ᠡ ᠡᠨᠧᠷᠭᠢ ᠎ᠶ᠋ᠢᠨ ᠲᠤᠤᠷ ᠲᠤ᠌ ᠨᠡᠢᠯᠡᠭᠦᠯᠦᠨ ᠱᠢᠩᠭᠡᠭᠡᠬᠦ᠎ᠶ᠋ᠢ ᠪᠦᠲᠦᠮᠵᠢᠲᠡᠶ ᠲᠤᠯᠭᠠᠭᠤᠷᠢᠯᠠᠪᠠ᠃

ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠎ᠤᠨ ᠳᠡᠳ᠋ ᠡᠷᠬᠢᠯᠡᠭ᠌ᠴᠢ᠂ ᠰᠣᠨᠢᠨ ᠮᠡᠳᠡᠭᠡᠨ᠎ᠦ ᠥᠭᠦᠯᠡᠭ᠌ᠴᠢ ᠯᠢ ᠴᠤᠤ᠄ 《ᠣᠳᠣᠬᠠᠨ᠎ᠳᠤ ᠮᠠᠨ᠎ᠤ ᠤᠯᠤᠰ᠎ᠤᠨ ᠱᠢᠨ᠎ᠡ ᠡᠨᠧᠷᠭᠢ᠎ᠶ᠋ᠢᠨ ᠵᠠᠯᠭᠠᠵᠤ ᠣᠷᠣᠭᠤᠯᠬᠤ ᠬᠡᠷᠡᠭ᠌ᠴᠡᠭᠡ ᠦᠷᠭᠦᠯᠵᠢᠯᠡᠨ ᠳᠡᠭᠡᠭ᠌ᠰᠢᠯᠡᠵᠦ᠍᠂ ᠣᠷᠣᠨ ᠪᠦᠰᠡ᠎ᠶ᠋ᠢᠨ ᠬᠣᠭᠣᠷᠣᠨᠳᠣᠬᠢ ᠴᠠᠬᠢᠯᠭᠠᠨ ᠬᠦᠴᠦᠨ᠎ᠦ ᠬᠠᠩᠭᠠᠯᠭ᠎ᠠ ᠬᠡᠷᠡᠭ᠌ᠴᠡᠭᠡ ᠲᠡᠩᠴᠡᠭᠦᠷᠢ ᠥᠬᠡᠶ ᠪᠠᠢᠬᠤ ᠳᠠᠷᠤᠯᠲᠠ ᠦᠷᠭᠦᠯᠵᠢᠯᠡᠨ ᠨᠡᠮᠡᠭ᠌ᠳᠡᠵᠦ᠍᠂ ᠡᠯ᠎ᠡ ᠱᠠᠲᠤᠨ᠎ᠤ ᠴᠠᠬᠢᠯᠭᠠᠨ ᠲᠤᠤᠷ ᠎ᠤᠨ ᠠᠮᠤᠷ ᠲᠦᠪᠱᠢᠨ ᠠᠵᠢᠯᠯᠠᠭᠠᠨ᠎ᠤ ᠪᠤᠳᠤᠯᠢᠶᠠᠨᠲᠤ ᠴᠢᠨᠠᠷ ᠲᠠᠰᠤᠷᠠᠯᠲᠠ ᠥᠬᠡᠶ ᠨᠡᠮᠡᠭ᠌ᠳᠡᠵᠦ᠍᠂ ᠨᠠᠩ ᠠᠮᠤᠷ ᠲᠦᠪᠱᠢᠨ ᠨᠠᠢᠳᠠᠪᠤᠷᠢᠲᠠᠶ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ᠂ ᠪᠠᠳᠤ ᠴᠢᠩᠭ᠎ᠠ ᠤᠶᠠᠨ ᠬᠠᠲᠠᠨ ᠴᠢᠨᠠᠷᠲᠠᠶ᠂ ᠣᠶᠤᠨᠳᠤ ᠠᠮᠢᠳᠤᠯᠢᠭ ᠱᠢᠨ᠎ᠡ ᠬᠡᠯᠪᠡᠷᠢ᠎ᠶ᠋ᠢᠨ ᠴᠠᠬᠢᠯᠭᠠᠨ ᠲᠤᠤᠷ᠎ᠢ ᠪᠠᠢᠭᠤᠯᠬᠤ ᠴᠢᠬᠤᠯᠠᠲᠠᠶ ᠪᠠᠢᠨ᠎ᠠ》 ᠭᠡᠵᠤ ᠢᠯᠡᠳᠭᠡᠪᠡ᠃

ᠣᠳᠣᠬᠠᠨ᠎ᠳᠤ᠂ ᠪᠥᠬᠥ᠌ ᠤᠯᠤᠰ᠎ᠤᠨ ᠨᠢᠭᠡ ᠪᠦᠯᠦᠭ ᠱᠢᠨ᠎ᠡ ᠬᠡᠯᠪᠡᠷᠢ᠎ᠶ᠋ᠢᠨ ᠴᠠᠬᠢᠯᠭᠠᠨ ᠲᠤᠤᠷ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ ᠲᠦᠷᠭᠡᠨ ᠠᠭᠢᠵᠤ᠂ ᠡᠨᠧᠷᠭᠢ᠎ᠶ᠋ᠢᠨ ᠪᠦᠲᠦᠴᠡ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠬᠦ᠌᠎ᠶ᠋ᠢ ᠠᠬᠢᠭᠤᠯᠵᠤ ᠪᠤᠢ᠄

ᠵᠧᠵᠢᠶᠠᠩ᠎ᠳᠤ᠂ ᠤᠯᠤᠰ ᠎ᠤᠨ ᠴᠠᠬᠢᠯᠭᠠᠨ ᠲᠣᠣᠷ ᠎ᠤᠨ ᠸᠸᠨᠵᠸᠤ ᠵᠢᠨ ᠴᠠᠬᠢᠯᠭᠠᠨ ᠬᠠᠩᠭᠠᠬᠤ ᠺᠣᠮᠫᠠᠨᠢ 15 ᠳ᠋ᠦᠩᠱᠢᠭᠤᠷ ᠰᠢᠬᠠᠮ ᠲᠥᠭᠥᠷᠢᠭ ᠎ᠦᠨ ᠪᠡᠯᠡ ᠣᠷᠣᠭᠤᠯᠵᠤ᠂ ᠲᠡᠮᠦᠷ ᠰᠤᠪᠤᠷᠭ᠎ᠠ 301 ᠰᠠᠭᠤᠷᠢ᠂ ᠴᠠᠬᠢᠯᠭᠠᠨ ᠲᠤᠤᠷ᠎ᠤᠨ ᠵᠠᠮ ᠱᠤᠭᠤᠮ᠎ᠢ 128.09 ᠺᠢᠯᠤᠮᠸᠲᠷ ᠱᠢᠨ᠎ᠡ᠎ᠪᠡᠷ ᠪᠦᠳᠦᠭᠡᠨ ᠪᠠᠢᠭᠤᠯᠵᠤ᠂ ᠵᠦᠩ ᠭᠤᠸᠠᠩ ᠾᠧ ᠪᠦᠯᠦᠭᠯᠡᠯ᠎ᠤᠨ ᠵᠧᠵᠢᠶᠠᠩ᠎ᠤᠨ ᠰᠠᠨ ᠣᠤ ᠴᠥᠮ᠎ᠡ᠎ᠶ᠋ᠢᠨ ᠴᠠᠬᠢᠯᠭᠠᠨ᠎ᠢ ᠭᠠᠳᠠᠭ᠍ᠰᠢ ᠬᠦᠷᠭᠡᠬᠦ᠌ 《ᠲᠦᠷᠭᠡᠨ᠎ᠦ ᠵᠠᠰᠠᠮᠠᠯ ᠵᠠᠮ》 ᠢ᠋ ᠪᠦᠳᠤᠭᠡᠨ ᠪᠠᠢᠭᠤᠯᠤᠭ᠍ᠰᠠᠨ ᠪᠥᠭᠡᠳ ᠤᠶᠤᠨᠴᠢᠯᠠᠬ᠍ᠰᠠᠨ ᠪᠠ ᠲᠣᠭᠠᠴᠢᠯᠠᠭ᠍ᠰᠠᠨ ᠮᠡᠷᠭᠡᠵᠢᠯ᠎ᠦᠨ ᠠᠷᠭ᠎ᠠ ᠪᠠᠷᠢᠯ᠎ᠢ ᠬᠤᠷᠠᠮᠳᠤᠭᠤᠯᠵᠤ᠂ ᠰᠠᠨ ᠣᠤ ᠴᠥᠮ᠎ᠡ᠎ᠶ᠋ᠢᠨ ᠴᠠᠬᠢᠯᠭᠠᠨ᠎ᠤ ᠨᠠᠢᠳᠠᠪᠤᠷᠢᠲᠠᠢ ᠬᠦᠷᠭᠡᠯᠲᠡ᠎ᠶ᠋ᠢ ᠪᠠᠲᠤᠯᠠᠵᠤ᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲᠸᠮ᠎ᠢ ᠪᠠᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠪᠡ᠃

ᠰᠸᠴᠤᠸᠠᠨ᠎ᠤ ᠴᠧᠩᠳᠦ᠋ ᠶ᠋ᠢᠨ ᠬᠤᠸᠠᠢᠵᠧᠣ᠎ᠶ᠋ᠢᠨ ᠴᠠᠬᠢᠯᠭᠠᠨ ᠲᠦᠭᠡᠬᠡᠬᠦ ᠲᠣᠤᠷ ᠤ᠋ᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠠᠵᠢᠯᠴᠢᠳ ᠶᠠᠭ ᠤᠲᠠᠰᠤ ᠲᠠᠯᠪᠢᠬᠤ ᠠᠵᠢᠯ ᠬᠢᠵᠦ᠍ ᠶᠠᠭᠠᠷᠠᠨ᠎ᠠ᠃ ᠡᠨᠡ ᠬᠦ᠌ ᠲᠦᠷᠦᠯ ᠵᠦᠢᠯ ᠢ᠋ ᠪᠦᠳᠦᠬᠡᠨ ᠪᠠᠢᠭᠤᠯᠵᠤ ᠲᠠᠭᠤᠰᠤᠬᠰᠡᠨ᠎ᠤ ᠳᠠᠷᠠᠭ᠎ᠠ᠂ ᠰᠸᠴᠤᠸᠠᠨ᠎ᠤ ᠪᠠᠷᠠᠭᠤᠨ ᠬᠡᠰᠡᠭ᠎ᠦᠨ ᠴᠡᠪᠡᠷ ᠡᠨᠧᠷᠭᠢ᠎ᠶ᠋ᠢ ᠴᠧᠩᠳᠦ᠋ ᠶ᠋ᠢᠨ ᠵᠢᠨᠲ᠋ᠠᠩ ᠨᠡᠬᠦᠷᠡᠰᠤᠳᠦ᠋ᠷᠦᠭᠴᠢ ᠦᠭᠡᠢ ᠬᠦᠷᠢᠶᠡᠯᠡᠩ ᠲᠣᠭᠣᠷᠢᠭ᠎ᠲᠤ ᠬᠦᠷᠭᠡᠵᠦ᠍ ᠪᠣᠯᠤᠨ᠎ᠠ᠃

ᠯᠢ ᠴᠤᠤ᠂ 《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠨᠢᠭᠡ ᠪᠦᠯᠦᠭ ᠴᠠᠬᠢᠯᠭᠠᠨ ᠬᠦᠷᠭᠡᠬᠦ᠌ ᠵᠠᠮ ᠱᠤᠭᠤᠮ ᠪᠠ ᠮᠤᠵᠢ᠎ᠶ᠋ᠢᠨ ᠬᠣᠭᠣᠷᠣᠨᠳᠣᠬᠢ ᠴᠠᠬᠢᠯᠭᠠᠨ ᠬᠦᠴᠦᠨ᠎ᠦ ᠬᠠᠷᠢᠯᠴᠠᠨ ᠲᠤᠰᠠᠯᠠᠯᠴᠠᠬᠤ ᠢᠨᠵᠧᠨᠧᠷᠢᠩ᠎ᠢ ᠲᠥᠯᠥᠪᠵᠢᠭᠦᠯᠦᠨ ᠪᠥᠲᠥᠭᠡᠨ ᠪᠠᠢᠭᠤᠯᠵᠤ᠂ ᠲᠠᠰ ᠳᠠᠪᠬᠤᠷᠭ᠎ᠠ ᠣᠷᠣᠨ ᠬᠤᠪᠢᠶᠠᠨ ᠣᠨᠴᠠ (ᠭᠡᠳᠤ) ᠥᠨᠳᠥᠷ ᠬᠦᠴᠦᠳᠡᠯᠲᠦ ᠬᠤᠪᠢᠰᠤᠮᠠᠯ ᠭᠥᠶᠥᠳᠡᠯᠳᠦ ᠴᠠᠬᠢᠯᠭᠠᠨ ᠲᠤᠤᠷ᠎ᠢ ᠱᠢᠯᠢᠳᠡᠭ᠌ᠵᠢᠭᠦᠯᠵᠦ᠍᠂ ᠨᠢᠭᠡ ᠪᠦᠯᠦᠭ ᠬᠣᠲᠠ᠎ᠶ᠋ᠢᠨ ᠴᠠᠬᠢᠯᠭᠠᠨ ᠲᠦᠭᠡᠭᠡᠬᠦ᠌ ᠲᠤᠤᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠱᠢᠨᠡᠳᠭᠡᠬᠦ᠌ ᠢᠨᠵᠧᠨᠧᠷᠢᠩ᠂ ᠵᠠᠷᠢᠮ ᠱᠢᠶᠠᠨ᠎ᠤ ᠬᠡᠪᠴᠢᠶᠡᠨ᠎ᠦ ᠴᠠᠬᠢᠯᠭᠠᠨ ᠲᠤᠤᠷ᠎ᠤᠨ ᠥᠭᠡᠷᠡᠴᠢᠯᠡᠯᠲᠡ᠎ᠶ᠋ᠢᠨ ᠢᠨᠵᠧᠨᠧᠷᠢᠩ᠂ ᠬᠥᠳᠡᠭᠡ ᠲᠣᠰᠭᠣᠨ᠎ᠤ ᠴᠠᠬᠢᠯᠭᠠᠨ ᠲᠤᠤᠷ᠎ᠤᠨ ᠪᠠᠢᠨ ᠳᠠᠬᠢᠨ ᠴᠠᠬᠢᠯᠭᠠᠨ ᠵᠣᠭ᠍ᠰᠣᠬᠤ᠎ᠶ᠋ᠢ ᠵᠠᠰᠠᠬᠤ ᠢᠨᠵᠧᠨᠧᠷᠢᠩ᠎ᠢ ᠬᠡᠷᠡᠭ᠌ᠵᠢᠭᠦᠯᠬᠦ ᠪᠤᠯᠤᠨ᠎ᠠ ᠭᠡᠵᠤ ᠲᠠᠨᠢᠯᠴᠠᠭᠤᠯᠪᠠ᠃

ᠤᠯᠤᠰ᠎ᠤᠨ ᠴᠠᠬᠢᠯᠭᠠᠨ ᠲᠣᠣᠷ᠎ᠤᠨ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠲᠤᠰᠭᠠᠢ ᠮᠡᠷᠭᠡᠵᠢᠯᠲᠡᠨ ᠲᠠᠩ ᠭᠤᠸᠠᠩ ᠷᠦᠢ᠄ 《ᠱᠢᠨ᠎ᠡ ᠬᠡᠯᠪᠡᠷᠢ᠎ᠶ᠋ᠢᠨ ᠴᠠᠬᠢᠯᠭᠠᠨ ᠲᠣᠣᠷ ᠪᠣᠯ ᠮᠥᠨ ᠴᠢᠨᠠᠷ ᠳᠡᠭᠡᠷ᠎ᠡ᠎ᠪᠡᠨ ᠴᠠᠬᠢᠯᠭᠠᠨ ᠬᠦᠴᠦᠨ᠎ᠦ ᠬᠡᠷᠡᠭ᠌ᠴᠡᠭᠡ᠎ᠳᠦ ᠲᠤᠬᠢᠷᠠᠬᠤ ᠬᠤᠪᠢᠷᠠᠰᠢ ᠦᠭᠡᠢ ᠨᠡᠮᠡᠭ᠌ᠳᠡᠯ ᠮᠥᠨ᠂ ᠱᠢᠨ᠎ᠡ ᠡᠨᠧᠷᠭᠢ᠎ᠶ᠋ᠢᠨ ᠬᠠᠩᠭᠠᠯᠭ᠎ᠠ᠎ᠶ᠋ᠢᠨ ᠬᠤᠪᠢ᠎ᠶ᠋ᠢᠨ ᠵᠢᠩ ᠠᠯᠬᠤᠮ ᠠᠯᠬᠤᠮ᠎ᠢᠶᠠᠷ ᠳᠡᠭᠡᠭ᠌ᠰᠢᠯᠡᠵᠦ᠍᠂ ᠴᠠᠬᠢᠯᠭᠠᠨ ᠬᠦᠴᠦᠨ ᠎ᠦ ᠱᠢᠨ᠎ᠡ ᠡᠵᠡᠩᠨᠡᠯᠲᠡ᠎ᠶ᠋ᠢᠨ ᠬᠡᠯᠪᠡᠷᠢ ᠤᠯᠠᠨ ᠡᠱᠢᠵᠢᠨ ᠬᠥᠭ᠌ᠵᠢᠬᠦ᠌ ᠵᠡᠷᠭᠡ ᠤᠯᠠᠨ ᠳᠠᠪᠬᠤᠷ ᠬᠠᠷᠠᠯᠲᠠ ᠬᠠᠮᠵᠢᠯᠴᠠᠭ᠍ᠰᠠᠨ ᠣᠳᠣᠬᠢᠴᠢᠯᠠᠭ᠍ᠰᠠᠨ ᠴᠠᠬᠢᠯᠭᠠᠨ ᠲᠣᠣᠷ᠎ᠤᠨ ᠱᠢᠨ᠎ᠡ ᠬᠡᠯᠪᠡᠷᠢ ᠪᠣᠯᠤᠨ᠎ᠠ᠃ ᠦᠷᠭᠦᠯᠵᠢᠯᠡᠨ ᠲᠣᠭ᠍ᠲᠠᠭᠤᠨ ᠪᠠᠯᠠ ᠣᠷᠣᠭᠤᠯᠬᠤ ᠪᠡᠷ ᠳᠡᠮᠵᠢᠨ᠂ ᠱᠢᠨ᠎ᠡ ᠬᠡᠯᠪᠡᠷᠢ᠎ᠶ᠋ᠢᠨ ᠴᠠᠬᠢᠯᠭᠠᠨ ᠲᠤᠤᠷ ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠨᠢ ᠤᠯᠤᠰ ᠎ᠤᠨ ᠡᠨᠧᠷᠭᠢ᠎ᠶ᠋ᠢᠨ ᠠᠮᠤᠷ ᠲᠦᠪᠱᠢᠨ ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠨᠠᠩ ᠣᠯᠠᠨ ᠰᠠᠯᠬᠢᠨ ᠡᠨᠧᠷᠭᠢ᠂ ᠨᠡᠷᠡᠨ᠎ᠦ ᠡᠨᠧᠷᠭᠢ᠂ ᠤᠰᠤᠨ᠎ᠤ ᠡᠨᠧᠷᠭᠢ᠎ᠶ᠋ᠢ ᠴᠡᠪᠡᠷ ᠴᠠᠬᠢᠯᠭᠠᠨ ᠬᠦᠴᠦᠨ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ》 ᠭᠡᠪᠡ᠃


ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号