— ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ ᠦ ᠠᠯᠪᠠᠨ ᠬᠡᠷ᠎ᠦᠨ ᠰᠣᠨᠢᠨ ᠮᠡᠳᠡᠭᠡ ᠨᠡᠢᠲᠡᠯᠡᠬᠦ᠌ ᠬᠤᠷᠠᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠡᠬᠢ ᠪᠥᠬᠥ᠌ ᠲᠠᠯ᠎ᠠ ᠪᠠᠷ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ᠎ᠳ᠋ᠤ ᠠᠩᠬᠠᠷᠤᠯ᠎ᠢᠶᠠᠨ ᠲᠥᠪᠯᠡᠷᠡᠭᠦᠯᠪᠡ
ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ ᠤᠢᠷ᠎ᠡ ᠵᠢᠨ ᠡᠳᠦᠷ 《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠰᠠᠢᠨ ᠡᠬᠢᠯᠡᠯᠲᠡ ᠲᠤᠷᠪᠢᠯᠢᠭ ᠠᠯᠬᠤᠭ᠎ᠠ》 ᠭᠡᠬᠦ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠤ᠂ ᠪᠥᠬᠥ᠌ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶ᠋ᠢ ᠠᠬᠢᠭᠤᠯᠬᠤ ᠬᠣᠯᠪᠣᠭ᠍ᠳᠠᠯ ᠪᠥᠬᠥᠶ ᠪᠠᠢᠳᠠᠯ ᠢ ᠲᠠᠨᠢᠯᠴᠠᠭᠤᠯᠪᠠ᠃
ᠲᠥᠪ᠎ᠦᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠳᠡᠳ᠋ ᠨᠠᠷᠢᠨ ᠪᠢᠴᠢᠭ᠎ᠦᠨ ᠳᠠᠷᠤᠭ᠎ᠠ ᠲᠸᠩ ᠵᠢᠶ ᠭᠦᠸᠧ᠂ ᠤᠯᠤᠰ᠎ᠤᠨ ᠡᠯ᠎ᠡ ᠲᠠᠯ᠎ᠠ᠎ᠶ᠋ᠢᠨ ᠠᠵᠢᠯ᠎ᠢ ᠬᠠᠤᠯᠢ ᠪᠡᠷ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠠᠤᠯᠢ᠎ᠪᠠᠷ ᠵᠠᠰᠠᠬᠤ᠎ᠶ᠋ᠢᠨ ᠦᠨᠳᠦᠰᠦ ᠰᠠᠭᠤᠷᠢ᠎ᠶ᠋ᠢ ᠪᠡᠬᠢᠵᠢᠭᠦᠯᠬᠦ᠌᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠳᠦ᠍᠎ᠳᠦ ᠠᠱᠢᠭ᠍ᠲᠠᠶ ᠪᠠᠢᠯᠭᠠᠬᠤ ᠪᠠᠲᠤᠯᠠᠭ᠎ᠠ᠎ᠶ᠋ᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠲᠡᠭᠦᠯᠳᠡᠷᠵᠢᠭ᠌ᠰᠡᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ ᠪᠠᠷ ᠵᠠᠰᠠᠬᠤ ᠱᠢᠰᠲ᠋ᠧᠮ᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ ᠪᠠᠷ ᠵᠠᠰᠠᠬᠤ ᠤᠯᠤᠰ᠎ᠢ ᠴᠢᠷᠮᠠᠢᠨ ᠪᠦᠲᠦᠭᠡᠨ ᠪᠠᠢᠭᠤᠯᠵᠤ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠪᠤᠶ ᠪᠣᠯᠭᠠᠨ᠎ᠠ ᠭᠡᠵᠤ ᠢᠯᠡᠳᠭᠡᠪᠡ᠃
ᠪᠦᠷᠢᠨ ᠲᠡᠭᠦᠯᠳᠡᠷ ᠬᠠᠤᠯᠢ ᠴᠠᠭᠠᠵᠠ᠎ᠶ᠋ᠢᠨ ᠵᠢᠷᠤᠮᠵᠢᠯ᠎ᠤᠨ ᠱᠢᠰᠲ᠋ᠧᠮ ᠢ᠋ ᠲᠦᠷᠭᠡᠳᠭᠡᠨ ᠪᠦᠷᠢᠯᠳᠤᠬᠦᠯᠤᠨ᠎ᠠ
ᠰᠠᠢ᠌ᠨ ᠬᠠᠤᠯᠢ ᠪᠣᠯ ᠴᠢᠳᠠᠮᠠᠭᠠᠢ ᠵᠠᠰᠠᠬᠤ᠎ᠶ᠋ᠢᠨ ᠤᠷᠢᠲᠠᠯ ᠮᠥᠨ᠃
ᠲᠠᠷᠢᠶᠠᠨ ᠭᠠᠵᠠᠷ᠎ᠢ ᠬᠠᠮᠠᠭᠠᠯᠠᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠠᠤᠯᠢ᠂ ᠤᠯᠤᠰ᠎ᠤᠨ ᠥᠮᠴᠢᠯᠡᠯ᠎ᠦᠨ ᠡᠳ᠋ ᠬᠦᠷᠦᠨᠭ᠌ᠭᠡ᠎ᠶ᠋ᠢᠨ ᠬᠠᠤᠯᠢ᠂ ᠮᠥᠩᠭᠥᠨ ᠭᠦᠢᠯᠭᠡᠭᠡᠨ᠎ᠦ ᠬᠠᠤᠯᠢ᠂ ᠮᠥᠩᠭᠥᠨ ᠭᠦᠢᠯᠭᠡᠭᠡ᠎ᠶ᠋ᠢ ᠲᠣᠭ᠍ᠲᠠᠪᠤᠷᠢᠵᠢᠭᠤᠯᠬᠤ ᠬᠠᠤᠯᠢ᠂ ᠨᠡᠢᠭᠡᠮ᠎ᠦᠨ ᠠᠪᠤᠷᠠᠨ ᠲᠤᠰᠠᠯᠠᠬᠤ ᠬᠠᠤᠯᠢ᠂ ᠡᠮᠴᠢᠯᠡᠭᠡᠨ᠎ᠦ ᠪᠠᠲᠤᠯᠠᠭ᠎ᠠ᠎ᠶ᠋ᠢᠨ ᠬᠠᠤᠯᠢ᠂ ᠨᠠᠢᠳᠠᠨ ᠬᠥᠮᠦᠵᠢᠭᠦᠯᠬᠦ᠌ ᠦᠢᠯᠡᠴᠢᠯᠡᠭᠡᠨ᠎ᠦ ᠬᠠᠤᠯᠢ᠂ ᠬᠢᠯᠢ ᠠᠯᠤᠰᠯᠠᠭ᠍ᠰᠠᠨ ᠢᠯᠵᠢᠷᠠᠯ ᠢ ᠡᠰᠡᠷᠭᠦᠴᠡᠬᠦ᠌ ᠬᠠᠤᠯᠢ᠎ᠶ᠋ᠢ ᠲᠣᠭ᠍ᠲᠠᠭᠠᠨ᠎ᠠ; ᠠᠵᠤ ᠠᠬᠤᠢᠯᠠᠯ ᠤᠨ ᠳᠠᠮᠫᠤᠷᠠᠯ ᠤᠨ ᠬᠠᠤᠯᠢ᠂ ᠪᠠᠩᠬᠢ᠎ᠶ᠋ᠢᠨ ᠦᠢᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ᠂ ᠪᠠᠭ᠍ᠰᠢ᠎ᠶ᠋ᠢᠨ ᠬᠠᠤᠯᠢ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠬᠠᠤᠯᠢ᠎ᠳᠤ ᠵᠠᠰᠠᠪᠤᠷᠢ ᠣᠷᠣᠭᠤᠯᠤᠨ᠎ᠠ ᠁
ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠠᠤᠯᠢ ᠴᠠᠭᠠᠵᠠ᠎ᠶ᠋ᠢᠨ ᠠᠵᠢᠯ᠎ᠤᠨ ᠵᠥᠪᠯᠡᠯ᠎ᠦᠨ ᠳᠡᠳ᠋ ᠡᠷᠬᠢᠯᠡᠭ᠌ᠴᠢ ᠬᠤᠸᠠᠩ ᠸᠧᠢ 2026 ᠣᠨ᠎ᠳᠤ ᠲᠣᠭ᠍ᠲᠠᠭᠠᠵᠤ ᠵᠠᠰᠠᠪᠤᠷᠢ ᠣᠷᠣᠭᠤᠯᠬᠤ᠎ᠪᠠᠷ ᠪᠠᠢᠭ᠎ᠠ ᠬᠠᠤᠯᠢ ᠴᠠᠭᠠᠵᠠ᠎ᠶ᠋ᠢ ᠲᠠᠨᠢᠯᠴᠠᠭᠤᠯᠵᠤ᠂ ᠵᠠᠷᠢᠮ ᠨᠢ《ᠤᠯᠤᠰ᠎ᠤᠨ ᠶᠡᠬᠡ ᠶᠠᠪᠤᠳᠠᠯ》᠎ᠢ᠋ ᠴᠡᠭᠡᠵᠢᠨ ᠳ᠋ᠡᠭᠡᠨ ᠪᠠᠬᠳᠠᠭᠠᠵᠦ᠂ ᠵᠠᠷᠢᠮ ᠨᠢ 《ᠵᠠᠩᠭᠢᠯᠠᠭ᠎ᠠ᠎ᠶ᠋ᠢᠨ ᠪᠠᠭ᠎ᠠ ᠶᠠᠪᠤᠳᠠᠯ》 ᠢ᠋ ᠠᠩᠬᠠᠷᠴᠤ᠌᠂ ᠴᠦᠮ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠬᠠᠷᠠᠯᠲᠠ ᠡᠭᠦᠷᠭᠡ ᠠᠷᠭ᠎ᠠ ᠬᠡᠮᠵᠢᠶ᠎ᠡ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠨᠢᠭ᠍ᠲᠠ ᠤᠶᠠᠯᠳᠤᠭᠤᠯᠵᠤ ᠪᠠᠢᠨ᠎ᠠ ᠭᠡᠪᠡ᠃
ᠲᠠᠨᠢᠯᠴᠠᠭᠤᠯᠤᠭ᠍ᠰᠠᠨ᠎ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠠᠤᠯᠢ ᠲᠣᠭ᠍ᠲᠠᠭᠠᠬᠤ ᠲᠥᠯᠥᠪᠵᠢᠭᠦᠯᠭᠡ ᠤᠷᠤᠭ᠍ᠰᠢᠲᠠᠶ ᠠᠭᠢᠪᠠ᠃ ᠡᠭᠦᠨ᠎ᠳᠦ᠂ ᠲᠤᠱᠢᠶᠠᠯ᠎ᠤᠨ ᠬᠤᠭᠤᠴᠠᠭᠠᠨ᠎ᠳᠤ ᠬᠢᠨᠠᠨ ᠵᠦᠪᠯᠡᠬᠦᠯᠬᠦ ᠪᠠᠷ ᠳᠡᠪᠱᠢᠭᠦᠯᠬᠦ᠌᠎ᠪᠡᠷ ᠪᠠᠢᠭ᠎ᠠ 79 ᠨᠢᠭᠡᠳᠦᠭᠡᠷ ᠲᠥᠷᠥᠯ᠎ᠦᠨ ᠲᠥᠷᠥᠯ ᠵᠦᠶ᠋ᠯ ᠦᠨ 58 ᠶ᠋ᠢ᠎ᠨᠢ ᠨᠢᠭᠡᠨᠲᠡ ᠪᠡᠶᠡᠯᠡᠭᠦᠯᠵᠦ᠍᠂ ᠪᠡᠶᠡᠯᠡᠭᠦᠯᠦᠭ᠌ᠰᠡᠨ ᠨᠣᠷᠮ᠎ᠠ᠎ᠨᠢ 73.4% ᠳ᠋ᠤ ᠬᠦᠷᠴᠦ᠍᠂ ᠪᠤᠰᠤᠳ ᠬᠠᠤᠯᠢ ᠲᠣᠭ᠍ᠲᠠᠭᠠᠬᠤ ᠲᠥᠷᠥᠯ ᠵᠦᠶ᠋ᠯ᠎ᠢ ᠡᠮᠬᠢ ᠵᠢᠷᠤᠮ᠎ᠲᠠᠶ᠎ᠪᠠᠷ ᠠᠬᠢᠭᠤᠯᠪᠠ᠃ ᠢᠷᠡᠬᠦ᠌ ᠵᠢᠯ ᠡᠴᠡ ᠳᠠᠷᠠᠭ᠎ᠠ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠠᠤᠯᠢ ᠲᠣᠭ᠍ᠲᠠᠭᠠᠬᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠴᠠᠭᠲᠤᠨᠢ ᠲᠣᠬᠢᠷᠠᠭᠤᠯᠤᠨ ᠡᠬᠢᠯᠡᠭᠦᠯᠦᠨ᠎ᠡ᠃
ᠬᠤᠸᠠᠩ ᠸᠧᠢ᠂ ᠭᠦᠢᠴᠡᠳ ᠰᠤᠳᠤᠯᠤᠨ ᠨᠤᠲᠠᠯᠠᠵᠤ᠂ ᠡᠯ᠎ᠡ ᠲᠠᠯ᠎ᠠ᠎ᠶ᠋ᠢᠨ ᠬᠠᠤᠯᠢ ᠲᠣᠭ᠍ᠲᠠᠭᠠᠬᠤ ᠲᠦᠷᠦᠯ ᠵᠦᠢᠯ ᠦᠨ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠴᠤ᠌᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠰᠠᠨᠠᠯ ᠰᠠᠨᠠᠭᠤᠯᠭ᠎ᠠ᠎ᠶ᠋ᠢ ᠰᠠᠢᠲᠤᠷ ᠰᠤᠳᠤᠯᠤᠨ ᠡᠮᠬᠢᠯᠡᠵᠦ᠍᠂ ᠬᠠᠤᠯᠢ ᠲᠣᠭ᠍ᠲᠠᠭᠠᠬᠤ ᠲᠦᠷᠦᠯ ᠵᠦᠢᠯ᠎ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢ ᠤᠷᠤᠭ᠍ᠰᠢᠲᠠᠢ ᠬᠡᠷᠡᠭ᠌ᠵᠢᠭᠦᠯᠬᠦ᠌᠎ᠳᠦ ᠬᠦᠴᠦᠲᠡᠢ ᠬᠠᠤᠯᠢ ᠴᠠᠭᠠᠵᠠ᠎ᠶ᠋ᠢᠨ ᠲᠤᠯᠭᠠᠭᠤᠷᠢᠯᠠᠯ ᠬᠠᠩᠭᠠᠨ᠎ᠠ ᠭᠡᠵᠦ᠍ ᠢᠯᠡᠳᠭᠡᠪᠡ᠃
《ᠭᠣᠣᠯᠳᠠᠯᠭ᠎ᠠ᠎ᠲᠠᠶ ᠬᠦᠷᠢᠶ᠎ᠡ᠂ ᠱᠢᠨ᠎ᠡ᠎ᠪᠡᠷ ᠮᠠᠨᠳᠤᠭ᠍ᠰᠠᠨ ᠬᠦᠷᠢᠶ᠎ᠡ᠂ ᠭᠠᠳᠠᠭᠠᠳᠤ᠎ᠳᠤ ᠬᠣᠯᠪᠣᠭ᠍ᠳᠠᠬᠤ ᠬᠦᠷᠢᠶᠡᠨ ᠳ᠋ᠡᠬᠢ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠠᠷᠠᠳ ᠤᠯᠠᠨ᠎ᠤ ᠬᠦᠰᠡᠯ ᠱᠠᠭᠠᠷᠳᠠᠯᠭ᠎ᠠ ᠴᠢᠩᠭ᠎ᠠ᠂ ᠦᠢᠯᠡᠳᠦᠯᠭᠡ᠎ᠳᠦ ᠪᠠᠴᠢᠮ ᠬᠡᠷᠡᠭ᠌ᠰᠡᠬᠦ᠌ ᠵᠦᠢᠯᠡᠰ᠎ᠦᠨ ᠬᠠᠤᠯᠢ ᠲᠣᠭ᠍ᠲᠠᠭᠠᠯᠲᠠ᠎ᠶ᠋ᠢ ᠲᠦᠷᠭᠡᠨ ᠴᠤᠤᠷᠢᠶᠠᠲᠤᠨ ᠲᠠᠭᠠᠬᠤ ᠲᠣᠭ᠍ᠲᠠᠴᠠ᠎ᠶ᠋ᠢ ᠪᠦᠷᠢᠨᠱᠢᠬᠦᠯᠬᠦ᠌ ᠬᠡᠷᠡᠭ᠌ᠲᠡᠢ》᠃ ᠲᠸᠩ ᠵᠢᠶ ᠭᠦᠸᠧ᠂ ᠨᠠᠮ ᠤᠨ ᠳᠣᠲᠣᠭᠠᠳᠤ ᠶ᠋ᠢᠨ ᠬᠠᠤᠯᠢ ᠲᠣᠭ᠍ᠲᠠᠭᠠᠯ᠎ᠢ ᠤᠯᠤᠰ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠲᠠᠶ ᠵᠣᠯᠭᠠᠭᠤᠯᠤᠨ ᠵᠣᠬᠢᠴᠠᠭᠤᠯᠬᠤ ᠲᠣᠭ᠍ᠲᠠᠴᠠ᠎ᠶ᠋ᠢ ᠪᠦᠷᠢᠨᠱᠢᠬᠥᠯᠤᠨ᠂ ᠬᠠᠤᠯᠢ ᠲᠣᠭ᠍ᠲᠠᠭᠠᠯᠲᠠ᠎ᠶ᠋ᠢᠨ ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ᠂ ᠬᠤᠭᠤᠴᠠᠭᠠᠲᠤ ᠴᠢᠨᠠᠷ᠎ᠢ ᠳᠡᠭᠡᠭ᠌ᠰᠢᠯᠡᠭᠦᠯᠵᠦ᠍᠂ ᠨᠠᠩ ᠱᠢᠨᠵᠢᠯᠡᠬᠦ᠌ ᠤᠬᠠᠭᠠᠨᠴᠢ ᠪᠥᠭᠡᠳ ᠪᠦᠷᠢᠨ ᠲᠡᠭᠦᠯᠳᠡᠷ᠂ ᠨᠢᠭᠡᠳᠦᠯᠲᠡᠶ ᠪᠥᠭᠡᠳ ᠡᠷᠬᠡ ᠰᠦᠷ᠎ᠲᠡᠶ ᠬᠠᠤᠯᠢ ᠴᠠᠭᠠᠵᠠ᠎ᠶ᠋ᠢᠨ ᠵᠢᠷᠤᠮᠵᠢᠯ᠎ᠤᠨ ᠱᠢᠰᠲ᠋ᠧᠮ᠎ᠢ ᠪᠠᠢᠭᠤᠯᠤᠨ᠎ᠠ ᠭᠡᠵᠤ ᠢᠯᠡᠳᠭᠡᠪᠡ᠃
ᠬᠠᠤᠯᠢ ᠴᠠᠭᠠᠵᠠ᠎ᠶ᠋ᠢᠨ ᠶᠠᠮᠤᠨ᠎ᠤ ᠳᠡᠳ᠋ ᠰᠠᠢᠳ ᠦ᠋ ᠽᠸᠩ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢᠨ ᠲᠦᠷᠢᠮ᠎ᠢ ᠲᠣᠭ᠍ᠲᠠᠭᠠᠵᠤ᠂ ᠬᠠᠤᠯᠢ ᠲᠣᠭ᠍ᠲᠠᠭᠠᠯ᠎ᠤᠨ ᠲᠦᠷᠢᠮ᠎ᠦᠨ ᠬᠠᠲᠠᠭᠤ ᠴᠢᠨᠠᠷ᠎ᠢᠶᠠᠷ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠬᠠᠷᠱᠢᠯᠠᠵᠤ ᠪᠠᠢᠭ᠎ᠠ ᠬᠠᠷᠰᠢ ᠰᠠᠭᠠᠳ᠎ᠢ ᠠᠷᠢᠯᠭᠠᠨ᠎ᠠ᠃ ᠡᠭᠦᠨ᠎ᠦ ᠵᠡᠷᠭᠡ ᠪᠡᠷ ᠵᠣᠬᠢᠶᠠᠮᠠᠯ ᠣᠶᠤᠨ ᠴᠢᠳᠠᠪᠤᠷᠢ᠎ᠶ᠋ᠢᠨ ᠡᠷᠡᠭᠦᠯ᠎ᠢᠶᠡᠷ ᠬᠥᠭ᠌ᠵᠢᠬᠦ᠌ ᠶᠡᠷᠦᠩᠬᠡᠢᠯᠡᠭ᠌ᠰᠡᠨ ᠴᠢᠨᠠᠷᠲᠠᠶ ᠬᠠᠤᠯᠢ ᠲᠣᠭ᠍ᠲᠠᠭᠠᠯᠲᠠ᠂ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠬᠠᠤᠯᠢ ᠲᠣᠭ᠍ᠲᠠᠭᠠᠯᠲᠠ ᠵᠡᠷᠭᠡ᠎ᠶ᠋ᠢ ᠲᠦᠷᠭᠡᠳᠭᠡᠨ ᠠᠬᠢᠭᠤᠯᠤᠨ᠎ᠠ ᠭᠡᠵᠤ ᠲᠠᠨᠢᠯᠴᠠᠭᠤᠯᠪᠠ᠃
ᠴᠢᠨᠠᠷ ᠰᠠᠢᠲᠠᠶ ᠬᠠᠤᠯᠢ ᠴᠠᠭᠠᠵᠠ᠎ᠶ᠋ᠢᠨ ᠦᠶ᠋ᠯᠡᠴᠢᠯᠡᠭᠡ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠨ᠎ᠠ
ᠬᠠᠤᠯᠢ᠎ᠪᠠᠷ ᠵᠠᠰᠠᠬᠤ ᠪᠣᠯ ᠬᠠᠮᠤᠭ᠎ᠤᠨ ᠰᠠᠢ᠌ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠮᠥᠨ᠃
ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠳᠡᠳ᠋ ᠰᠠᠢᠳ ᠶᠠᠩ ᠸᠧᠶ ᠯᠢᠨ᠂ 2025 ᠣᠨ᠎ᠡᠴᠡ ᠨᠠᠭᠠᠰᠢ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ ᠪᠥᠬᠥ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢ ᠵᠣᠬᠢᠶᠠᠨ ᠪᠠᠢᠭᠤᠯᠵᠤ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ ᠲᠤᠰᠭᠠᠶ ᠠᠵᠢᠯᠯᠠᠭ᠎ᠠ ᠥᠷᠨᠢᠭᠦᠯᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢᠨ ᠠᠰᠠᠭᠤᠳᠠᠯ᠎ᠢ ᠨᠡᠢᠲᠡ 5.7 ᠲᠦᠮᠡ ᠪᠠᠢᠴᠠᠭᠠᠨ ᠵᠠᠯᠠᠷᠠᠭᠤᠯᠵᠤ᠂ ᠪᠠᠢᠴᠠᠭᠠᠨ ᠪᠢᠲᠡᠭᠦᠮᠵᠢᠯᠡᠭ᠌ᠰᠡᠨ ᠡᠳ᠋ ᠬᠤᠬᠰᠢᠯ ᠤ᠋ᠨ ᠥᠷᠲᠡᠭ᠎ᠢ ᠨᠡᠢᠲᠡ 13.8 ᠳ᠋ᠦᠩᠱᠢᠭᠤᠷ ᠲᠥᠭᠥᠷᠢᠭ ᠬᠦᠴᠦᠨ ᠥᠬᠡᠶ ᠪᠣᠯᠭᠠᠵᠤ᠂ ᠪᠠᠷᠢᠴᠠᠭᠠᠨ ᠳ᠋ᠤ ᠦᠯᠡᠳᠡᠭᠡᠭᠰᠡᠨ ᠪᠠᠯᠠ ᠮᠥᠩᠭᠥ᠎ᠶ᠋ᠢ 22.2 ᠳ᠋ᠦᠩᠱᠢᠭᠤᠷ ᠲᠥᠭᠥᠷᠢᠭ ᠪᠤᠴᠠᠭᠠᠨ ᠥᠭ᠌ᠴᠦ᠂ 19.9 ᠲᠦᠮᠡᠨ ᠲᠠᠩᠰᠠᠨ ᠡᠷᠦᠬᠡ᠎ᠶ᠋ᠢ ᠬᠠᠤᠯᠢ ᠶᠣᠰᠣᠭᠠᠷ ᠬᠤᠪᠢᠷᠠᠭᠤᠯᠬᠤ ᠪᠤᠶᠤ ᠬᠦᠴᠦᠨ ᠥᠬᠡᠶ ᠪᠣᠯᠭᠠᠵᠤ᠂ 89.8 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢ ᠰᠤᠯᠠᠯᠠᠵᠠᠢ ᠭᠡᠵᠤ ᠲᠠᠨᠢᠯᠴᠠᠭᠤᠯᠪᠠ᠃
ᠶᠠᠩ ᠸᠧᠶ ᠯᠢᠨ᠂ ᠲᠠᠷᠠᠭᠠᠴᠢ᠎ᠶ᠋ᠢᠨ ᠠᠯᠬᠤᠮ᠎ᠳᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠠᠵᠤ ᠠᠬᠤᠢᠯᠠᠯ᠎ᠳᠤ ᠬᠣᠯᠪᠣᠭ᠍ᠳᠠᠬᠤ ᠵᠠᠰᠠᠭ ᠵᠠᠬᠢᠷᠭᠠᠨ᠎ᠤ ᠪᠠᠢᠴᠠᠭᠠᠯᠲᠠ᠎ᠶ᠋ᠢ ᠴᠢᠩᠭ᠎ᠠ ᠵᠢᠷᠤᠮᠵᠢᠭᠤᠯᠵᠤ᠂ 《ᠵᠠᠰᠠᠭ ᠵᠠᠬᠢᠷᠭᠠᠨ᠎ᠤ ᠪᠠᠢᠴᠠᠭᠠᠯᠲᠠ᠎ᠶ᠋ᠢᠨ ᠨᠢᠭᠡ ᠶᠠᠪᠤᠳᠠᠯ》 ᠢ᠋ ᠲᠦᠪᠯᠡᠷᠡᠭᠦᠯᠬᠦ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠱᠠᠲᠤ ᠲᠥᠷᠥᠯ ᠬᠤᠪᠢᠶᠠᠨ ᠪᠠᠢᠴᠠᠭᠠᠬᠤ᠂ ᠨᠠᠷᠢᠨ ᠲᠠᠩᠰᠠᠴᠢᠯᠠᠭᠰᠠᠨ ᠪᠠᠢᠴᠠᠭᠠᠬᠤ ᠲᠦᠷᠢᠮ᠎ᠢ ᠪᠠᠢᠭᠤᠯᠤᠨ ᠲᠡᠭᠦᠯᠳᠡᠷᠵᠢᠭᠦᠯᠵᠦ᠍᠂ ᠠᠵᠤ ᠠᠬᠤᠢᠯᠠᠯ᠎ᠤᠨ ᠬᠡᠪ᠎ᠦᠨ ᠦᠶ᠋ᠯᠡᠳᠪᠦᠷᠢᠯᠡᠯ ᠡᠵᠡᠩᠨᠡᠯᠲᠡ᠎ᠳᠦ ᠦᠵᠡᠭᠦᠯᠬᠦ᠌ ᠨᠥᠯᠥᠭᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠨ᠎ᠠ ᠭᠡᠪᠡ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ《ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠦᠨ᠎ᠡ》᠂《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠤᠨ᠎ᠠ》 ᠭᠡᠵᠦ᠍ ᠳᠤᠷᠠᠳᠴᠠᠢ᠃
ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠱᠢᠭᠦᠨ ᠲᠠᠰᠤᠯᠬᠤ ᠵᠥᠪᠯᠡᠯ᠎ᠦᠨ ᠳᠡᠳ᠋ ᠶᠠᠮᠤᠨ᠎ᠤ ᠲᠠᠰ᠎ᠤᠨ ᠲᠤᠰᠭᠠᠶ ᠲᠤᠱᠢᠶᠠᠯᠲᠤ ᠭᠡᠱᠢᠭᠦᠨ ᠯᠢᠦ ᠬᠦᠶ ᠱᠢᠶᠠᠩ᠂ ᠲᠣᠭᠠᠴᠢᠯᠠᠭ᠍ᠰᠠᠨ ᠠᠵᠤ ᠠᠬᠤᠶ᠎ᠶ᠋ᠢᠨ ᠱᠢᠨ᠎ᠡ ᠡᠵᠡᠩᠨᠡᠯᠲᠡ᠎ᠶ᠋ᠢᠨ ᠪᠠᠢᠳᠠᠯ᠎ᠳᠤ ᠴᠢᠭ᠌ᠯᠡᠭᠦᠯᠦᠨ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠣᠬᠢᠶᠠᠮᠠᠯ ᠣᠶᠤᠨ ᠴᠢᠳᠠᠪᠤᠷᠢ᠂ ᠲᠤᠭ᠎ᠠ ᠪᠠᠷᠢᠮᠳᠠ ᠵᠢᠨ ᠥᠮᠴᠢᠯᠡᠯ᠎ᠤᠨ ᠡᠷᠬᠡ᠎ᠶ᠋ᠢᠨ ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠳᠤ ᠬᠣᠯᠪᠣᠭ᠍ᠳᠠᠬᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠰᠤᠳᠤᠯᠤᠨ ᠲᠣᠭ᠍ᠲᠠᠭᠠᠪᠠ᠃ ᠲᠤᠭ᠎ᠠ ᠪᠠᠷᠢᠮᠳᠠ᠎ᠶ᠋ᠢᠨ ᠡᠷᠬᠡ᠎ᠶ᠋ᠢᠨ ᠬᠠᠷᠢᠶᠠᠯᠠᠯ᠂ ᠲᠤᠭ᠎ᠠ ᠪᠠᠷᠢᠮᠳᠠ ᠵᠢᠨ ᠠᠷᠠᠯᠵᠢᠶ᠎ᠠ᠂ AI ᠡᠭᠦᠰᠦᠮᠡᠯ ᠪᠣᠳᠠᠰ ᠵᠡᠷᠭᠡ ᠲᠠᠯ᠎ᠠ᠎ᠶ᠋ᠢᠨ ᠲᠠᠰᠤᠯᠤᠨ ᠲᠣᠭ᠍ᠲᠠᠭᠠᠬᠤ ᠲᠦᠷᠢᠮ᠎ᠢ ᠲᠡᠭᠦᠯᠳᠡᠷᠵᠢᠭᠦᠯᠵᠦ᠍᠂ ᠲᠤᠭ᠎ᠠ ᠪᠠᠷᠢᠮᠳᠠ ᠵᠢᠨ ᠡᠯᠧᠮᠧᠨ᠋ᠲ᠎ᠦᠨ ᠰᠠᠭᠤᠷᠢ ᠲᠦᠷᠢᠮ᠎ᠦᠨ ᠱᠢᠰᠲ᠋ᠧᠮ᠎ᠢ ᠲᠡᠭᠦᠯᠳᠡᠷᠵᠢᠭᠦᠯᠬᠦ᠌᠎ᠳᠦ ᠬᠦᠴᠦᠨ ᠨᠡᠮᠡᠷᠢᠯᠡᠵᠦ᠍᠂ ᠲᠣᠭᠠᠴᠢᠯᠠᠭ᠍ᠰᠠᠨ ᠮᠡᠷᠭᠡᠵᠢᠯ ᠪᠣᠯᠤᠨ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ ᠭᠡᠵᠦ ᠢᠯᠡᠳᠭᠡᠪᠡ᠃
ᠪᠠᠢᠴᠠᠭᠠᠬᠤ ᠪᠠᠢᠭᠤᠯᠭ᠎ᠠ᠎ᠶ᠋ᠢᠨ ᠬᠠᠤᠯᠢ ᠴᠠᠭᠠᠵᠠ᠎ᠶ᠋ᠢᠨ ᠬᠢᠨᠠᠯᠲᠠ ᠪᠣᠯ ᠬᠠᠤᠯᠢ᠎ᠪᠠᠷ ᠵᠠᠰᠠᠬᠤ ᠬᠢᠨᠠᠯᠲᠠ᠎ᠶ᠋ᠢᠨ ᠱᠢᠰᠲ᠋ᠧᠮ᠎ᠦᠨ ᠴᠢᠬᠤᠯᠠ ᠪᠦᠷᠢᠯᠳᠦᠬᠦᠨ ᠬᠡᠰᠡᠭ ᠮᠥᠨ᠃ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠳᠡᠳ᠋ ᠪᠠᠢᠴᠠᠭᠠᠬᠤ ᠳᠠᠷᠤᠭ᠎ᠠ ᠮᠢᠶᠣᠣ ᠱᠧᠩ ᠮᠢᠩ᠂ ᠪᠠᠢᠴᠠᠭᠠᠬᠤ ᠪᠠᠢᠭᠤᠯᠭ᠎ᠠ ᠬᠡᠷᠡᠭ ᠪᠣᠯᠭᠠᠨ ᠳᠠᠩᠰᠠᠯᠠᠬᠤ᠂ ᠲᠠᠨᠭᠨᠠᠨ ᠪᠠᠢᠴᠠᠭᠠᠬᠤ᠂ ᠱᠢᠭᠦᠨ ᠲᠠᠰᠤᠯᠬᠤ᠂ ᠭᠦᠶ᠋ᠴᠡᠳᠭᠡᠬᠦ᠌ ᠵᠡᠷᠭᠡ ᠠᠵᠢᠯᠯᠠᠭ᠎ᠠ᠎ᠳᠤ ᠲᠠᠯᠪᠢᠬᠤ ᠬᠢᠨᠠᠯᠲᠠ᠎ᠪᠠᠨ ᠪᠥᠬᠥ᠌ ᠲᠠᠯ᠎ᠠ᠎ᠪᠠᠷ ᠴᠢᠩᠭᠠᠳᠭᠠᠵᠤ᠂ ᠬᠦᠴᠦᠨ᠎ᠲᠡᠶ ᠪᠣᠯᠤᠭ᠍ᠰᠠᠨ ᠲᠡᠰᠦᠯᠦᠨ ᠲᠣᠭ᠍ᠲᠠᠭᠠᠯᠲᠠ᠎ᠳᠤ ᠲᠠᠯᠪᠢᠬᠤ ᠬᠢᠨᠠᠯᠲᠠ᠎ᠪᠠᠨ ᠬᠦᠴᠦᠯᠡᠨ ᠴᠢᠩᠭᠠᠳᠭᠠᠵᠤ᠂ ᠠᠷᠠᠳ ᠢᠷᠭᠡᠨ᠎ᠦ ᠪᠡᠶ᠎ᠡ᠎ᠶ᠋ᠢᠨ ᠡᠷᠬᠡ᠎ᠳᠦ ᠬᠣᠯᠪᠣᠭ᠍ᠳᠠᠭ᠍ᠰᠠᠨ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ ᠪᠠ 《 ᠪᠠᠢᠴᠠᠭᠠᠨ ᠪᠢᠲᠡᠭᠦᠮᠵᠢᠯᠡᠬᠦ᠌᠂ ᠪᠠᠷᠢᠴᠠᠭᠠᠨ᠎ᠳᠦ ᠦᠯᠡᠳᠡᠭᠡᠬᠦ᠂ ᠴᠡᠪᠳᠡᠭᠯᠡᠬᠦ᠌》 ᠵᠡᠷᠭᠡ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ᠂ ᠡᠷᠡᠭᠦᠦ ᠱᠢᠢᠳᠭᠡᠯ᠎ᠢ ᠲᠤᠱᠢᠶᠠᠨ ᠭᠦᠶ᠋ᠴᠡᠳᠭᠡᠭᠦᠯᠬᠦ᠌᠂ ᠢᠷᠭᠡᠨ᠎ᠦ ᠬᠡᠷᠡᠭ᠎ᠦᠨ ᠲᠠᠰᠤᠯᠤᠯᠲᠠ ᠲᠣᠭ᠍ᠲᠠᠭᠠᠯᠲᠠ᠎ᠶ᠋ᠢ ᠭᠦᠶ᠋ᠴᠡᠳᠭᠡᠬᠦ᠌ ᠵᠡᠷᠭᠡ ᠵᠠᠷᠭᠤ᠎ᠶ᠋ᠢᠨ ᠠᠵᠢᠯᠯᠠᠭ᠎ᠠ᠎ᠳᠤ ᠲᠠᠯᠪᠢᠬᠤ ᠬᠢᠨᠠᠯᠲᠠ᠎ᠪᠠᠨ ᠴᠢᠩᠭᠠᠳᠭᠠᠵᠤ᠂ ᠬᠢᠨᠠᠯᠲᠠ ᠲᠠᠯᠪᠢᠬᠤ ᠬᠠᠨᠳᠤᠯᠭᠠᠲᠤ ᠴᠢᠨᠠᠷ᠎ᠢᠶᠠᠨ ᠴᠢᠩᠭᠠᠳᠭᠠᠨ᠎ᠠ ᠭᠡᠵᠦ ᠢᠯᠡᠳᠭᠡᠪᠡ᠃
ᠡᠭᠦᠨ᠎ᠦ ᠵᠡᠷᠭᠡ ᠪᠡᠷ᠂ ᠮᠢᠶᠣᠣ ᠱᠧᠩ ᠮᠢᠩ᠂ ᠪᠠᠢᠴᠠᠭᠠᠬᠤ ᠳᠡᠩᠨᠡᠨ ᠪᠠᠢᠴᠠᠭᠠᠬᠤ᠎ᠶ᠋ᠢ ᠬᠠᠤᠯᠢ ᠶᠣᠰᠣᠭᠠᠷ ᠥᠷᠨᠢᠭᠦᠯᠵᠦ᠍᠂ ᠬᠠᠤᠯᠢ ᠪᠠᠷᠢᠬᠤ ᠠᠵᠢᠯᠲᠠᠨ᠎ᠤ ᠡᠷᠬᠡ ᠲᠤᠱᠢᠶᠠᠯ᠎ᠢᠶᠠᠨ ᠠᠱᠢᠭ᠍ᠯᠠᠨ ᠬᠤᠪᠢ᠎ᠶ᠋ᠢᠨ ᠨᠠᠢᠷ ᠢᠶᠠᠷ ᠬᠠᠤᠯᠢ ᠶᠣᠰᠣ᠎ᠶ᠋ᠢ ᠭᠠᠵᠢᠭᠤᠳᠠᠭᠤᠯᠤᠭ᠍ᠰᠠᠨ᠂ ᠬᠠᠤᠯᠢ ᠪᠤᠰᠤ᠎ᠪᠠᠷ ᠬᠣᠷᠢᠭ᠍ᠰᠠᠨ᠂ ᠡᠷᠡᠭᠦᠳᠡᠨ ᠱᠢᠬᠠᠵᠤ ᠥᠴᠢᠭ᠌ᠯᠡᠭᠦᠯᠦᠭ᠌ᠰᠡᠨ ᠵᠡᠷᠭᠡ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠪᠠᠢᠴᠠᠭᠠᠨ ᠱᠢᠶ᠋ᠳᠪᠦᠷᠢᠯᠡᠵᠦ᠍᠂ ᠬᠠᠤᠯᠢ ᠪᠠᠷᠢᠬᠤ᠎ᠶ᠋ᠢᠨ ᠢᠯᠵᠢᠷᠠᠯ᠎ᠢ ᠴᠢᠩᠭ᠎ᠠ ᠱᠢᠢᠳᠭᠡᠨ᠎ᠡ ᠭᠡᠵᠦ ᠢᠯᠡᠳᠭᠡᠪᠡ᠃
ᠠᠮᠤᠭᠤᠯᠠᠩᠳᠤ ᠳᠤᠮᠳᠠᠳᠤ ᠤᠯᠤᠰ᠎ᠤᠨ ᠦᠨᠳᠦᠰᠦ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠦᠨ᠎ᠡ
ᠶᠡᠷᠦᠩᠬᠡᠢᠯᠡᠨ ᠵᠠᠰᠠᠬᠤ ᠲᠥᠪ ᠪᠣᠯ ᠠᠮᠤᠭᠤᠯᠠᠩᠳᠤ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠴᠢᠬᠤᠯᠠ ᠲᠠᠪᠴᠠᠩ ᠮᠥᠨ᠂ ᠱᠢᠨ᠎ᠡ ᠴᠠᠭ ᠦᠶ᠎ᠡ᠎ᠶ᠋ᠢᠨ《ᠹᠸᠩᠴᠢᠶᠤᠤ᠎ᠶ᠋ᠢᠨ ᠲᠤᠷᠱᠢᠯᠭ᠎ᠠ》᠎ᠶ᠋ᠢ ᠪᠠᠷᠢᠮᠲᠠᠯᠠᠨ ᠬᠥᠭ᠌ᠵᠢᠭᠦᠯᠬᠦ᠌ ᠴᠢᠬᠤᠯᠠ ᠠᠴᠢᠶᠠᠯᠠᠪᠤᠷᠢ ᠮᠥᠨ᠃
ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ ᠣᠳᠣᠬᠠᠨ᠎ᠳᠤ ᠪᠦᠬᠦ᠌ ᠤᠯᠤᠰ᠎ᠲᠤ ᠨᠢᠭᠡᠨᠲᠡ 2849 ᠱᠢᠶᠠᠨ᠎ᠤ ᠲᠡᠰ᠎ᠤᠨ ᠶᠡᠷᠦᠩᠬᠡᠢᠯᠡᠨ ᠵᠠᠰᠠᠬᠤ ᠲᠥᠪ᠎ᠢ ᠪᠠᠢᠭᠤᠯᠵᠤ᠂ ᠱᠢᠶᠠᠨ᠎ᠤ ᠲᠡᠰ᠎ᠤᠨ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠢ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠭᠦᠯᠵᠦ᠍᠂ 2025 ᠣᠨ᠎ᠳᠤ 976.4 ᠲᠦᠮᠡᠨ ᠵᠥᠷᠢᠴᠡᠯ ᠵᠠᠭᠤᠷᠠᠯᠳᠤᠭᠠᠨ᠎ᠢ ᠬᠠᠤᠯᠢ ᠶᠣᠰᠣᠭᠠᠷ ᠱᠢᠢᠳᠪᠦᠷᠢᠯᠡᠬᠦ᠌᠎ᠶ᠋ᠢ ᠠᠬᠢᠭᠤᠯᠵᠤ᠂ 《ᠤᠴᠢᠷ᠎ᠲᠠᠶ ᠪᠣᠯ ᠶᠡᠷᠦᠩᠬᠡᠢᠯᠡᠨ ᠵᠠᠰᠠᠬᠤ ᠲᠥᠪ᠎ᠢ ᠡᠷᠢᠬᠦ᠌》 ᠨᠢ ᠠᠯᠬᠤᠮ ᠠᠯᠬᠤᠮ᠎ᠢᠶᠠᠷ ᠪᠦᠬᠦ᠌ ᠨᠡᠢᠭᠡᠮ᠎ᠦᠨ ᠬᠠᠮᠲᠤ᠎ᠶ᠋ᠢᠨ ᠲᠠᠨᠢᠯᠲᠠ ᠪᠤᠯᠵᠤ ᠪᠠᠢᠨ᠎ᠠ᠃
《ᠲᠠᠷᠠᠭᠠᠴᠢ᠎ᠶ᠋ᠢᠨ ᠠᠯᠬᠤᠮ᠎ᠳᠤ᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ᠍᠂ ᠶᠡᠷᠦᠩᠬᠡᠢᠯᠡᠨ ᠵᠠᠰᠠᠬᠤ ᠲᠥᠪ᠎ᠢ ᠵᠥᠷᠢᠴᠡᠯ ᠵᠠᠭᠤᠷᠠᠯᠳᠤᠭᠠᠨ᠎ᠢ ᠬᠠᠤᠯᠢ ᠶᠣᠰᠣᠭᠠᠷ ᠪᠣᠳᠠᠲᠠᠶ ᠱᠢᠶ᠋ᠳᠪᠦᠷᠢᠯᠡᠬᠦ᠌ ᠴᠢᠬᠤᠯᠠ ᠰᠠᠭᠤᠷᠢ ᠲᠠᠪᠴᠠᠩ ᠪᠣᠯᠭᠠᠵᠤ᠂ ᠠᠷᠠᠳ ᠣᠯᠠᠨ᠎ᠤ ᠬᠦᠰᠡᠯ ᠱᠠᠭᠠᠷᠳᠠᠯᠭ᠎ᠠ ᠨᠢᠭᠡᠪᠦᠷᠢ᠎ᠶ᠋ᠢ ᠱᠢᠶ᠋ᠳᠪᠦᠷᠢᠯᠡᠬᠦ᠌ ᠬᠥᠮᠦᠨ᠎ᠲᠡᠶ᠂ ᠬᠠᠤᠯᠢ ᠶᠣᠰᠣᠭᠠᠷ ᠱᠢᠶ᠋ᠳᠪᠦᠷᠢᠯᠡᠬᠦ᠌ ᠶ᠋ᠢ ᠦᠨᠡᠨ ᠬᠦ᠌ ᠪᠠᠲᠤᠯᠠᠨ᠎ᠠ》 ᠭᠡᠵᠦ᠍ ᠲᠸᠩ ᠵᠢᠶ ᠭᠦᠸᠧ ᠬᠡᠯᠡᠪᠡ᠃
ᠯᠢᠦ ᠬᠦᠶ ᠱᠢᠶᠠᠩ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠨᠢ ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠂ ᠪᠥᠬᠥ᠌ ᠤᠯᠤᠰ᠎ᠤᠨ ᠴᠢᠨᠠᠷᠲᠠᠶ ᠠᠵᠢᠯ ᠲᠥᠷᠥᠯ᠎ᠦᠨ ᠨᠡᠢᠭᠡᠮᠯᠢᠭ᠎ᠲᠡᠶ ᠣᠯᠠᠨ ᠡᠱᠢᠲᠦ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭᠤᠯᠬᠤ ᠪᠠᠢᠭᠤᠯᠤᠯᠲᠠ᠎ᠳᠤ ᠭᠦᠨᠵᠡᠭᠡᠶ ᠠᠭᠤᠰᠤᠨ ᠣᠷᠣᠵᠤ᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠱᠢᠶ᠋ᠳᠪᠦᠷᠢᠯᠡᠬᠦ᠌᠂ ᠦᠨᠡᠨ ᠪᠣᠳᠠᠲᠠᠶ᠎ᠪᠠᠷ ᠱᠢᠶ᠋ᠳᠪᠦᠷᠢᠯᠡᠬᠦ᠌᠎ᠶ᠋ᠢ ᠠᠬᠢᠭᠤᠯᠵᠤ᠂ ᠨᠡᠢᠭᠡᠮ᠎ᠦᠨ ᠲᠣᠭ᠍ᠲᠠᠭᠤᠨ ᠪᠠᠢᠳᠠᠯ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠨ᠎ᠠ ᠭᠡᠵᠦ ᠲᠠᠨᠢᠯᠴᠠᠭᠤᠯᠪᠠ᠃
《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠳᠤ ᠬᠠᠤᠯᠢ᠎ᠪᠠᠷ ᠵᠠᠰᠠᠬᠤ ᠨᠡᠢᠭᠡᠮ᠎ᠦᠨ ᠪᠠᠢᠭᠤᠯᠤᠯᠲᠠ ᠶ᠋ᠢ ᠭᠦᠨᠵᠡᠭᠡᠢ ᠠᠬᠢᠭᠤᠯᠬᠤ᠂ ᠬᠠᠤᠯᠢᠴᠢ ᠵᠡᠷᠭᠡ ᠬᠠᠤᠯᠢ ᠴᠠᠭᠠᠵᠠ᠎ᠶ᠋ᠢᠨ ᠦᠢᠯᠡᠴᠢᠯᠡᠭᠡᠨ᠎ᠦ ᠡᠨᠭ᠌ᠨᠡᠭᠡ ᠵᠢ ᠲᠦᠷᠭᠡᠳᠭᠡᠨ ᠬᠥᠭ᠌ᠵᠢᠭᠦᠯᠬᠦ᠌ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃
ᠦ᠋ ᠽᠧᠩ᠂ ᠬᠠᠤᠯᠢ ᠴᠠᠭᠠᠵᠠ ᠶ᠋ᠢᠨ ᠶᠠᠮᠤᠨ ᠬᠠᠤᠯᠢᠴᠢ᠎ᠶ᠋ᠢᠨ ᠡᠩᠨᠡᠭᠡᠨ᠎ᠦ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠬᠠᠤᠯᠢᠴᠢ᠎ᠶ᠋ᠢᠨ ᠠᠵᠢᠯ ᠡᠷᠭᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠂ ᠪᠥᠬᠥ᠌ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠳᠤᠮᠳᠠᠬᠢ ᠬᠠᠤᠯᠢᠴᠢ᠎ᠶ᠋ᠢᠨ ᠡᠩᠨᠡᠭᠡ᠎ᠶ᠋ᠢᠨ ᠡᠭᠦᠷᠭᠡ ᠴᠢᠳᠠᠪᠤᠷᠢ᠎ᠶ᠋ᠢᠨ ᠦᠶ᠋ᠯᠡᠳᠦᠯ᠎ᠢ ᠦᠨᠡᠨ ᠬᠦ᠌ ᠪᠠᠳᠠᠷᠠᠭᠤᠯᠤᠨ᠎ᠠ᠃ ᠬᠠᠤᠯᠢᠴᠢ᠎ᠶ᠋ᠢᠨ ᠡᠷᠬᠡ᠎ᠶ᠋ᠢᠨ ᠪᠠᠲᠤᠯᠠᠭ᠎ᠠ᠎ᠶ᠋ᠢᠨ 《ᠲᠦᠷᠢᠮ᠎ᠦᠨ ᠲᠤᠤᠷ》 ᠢ᠋ ᠨᠢᠭ᠍ᠲᠠ ᠰᠦᠯᠵᠢᠵᠦ᠍᠂ ᠬᠠᠤᠯᠢᠴᠢ᠎ᠶ᠋ᠢᠨ ᠠᠵᠢᠯ ᠡᠷᠭᠢᠯᠡᠬᠦ᠌᠎ᠶ᠋ᠢ ᠨᠠᠩ ᠢᠷᠠᠭᠤ ᠠᠯᠳᠠᠷᠲᠤ ᠲᠥᠷᠥᠭ᠌ᠳᠡᠯ᠎ᠲᠡᠶ᠂ ᠬᠦᠷᠲᠡᠮᠵᠢ᠎ᠶ᠋ᠢᠨ ᠲᠥᠷᠥᠭ᠌ᠳᠡᠯ᠎ᠲᠡᠶ ᠪᠣᠯᠭᠠᠨ᠎ᠠ᠃ ᠡᠭᠦᠨ᠎ᠦ ᠵᠡᠷᠭᠡ ᠪᠡᠷ᠂ ᠬᠠᠤᠯᠢᠴᠢ᠎ᠶ᠋ᠢᠨ ᠠᠵᠢᠯ ᠡᠷᠭᠢᠯᠡᠬᠦ᠌ ᠵᠢᠷᠤᠮᠵᠢᠯ᠎ᠢ ᠪᠦᠷᠢᠨᠱᠢᠭᠦᠯᠵᠦ᠍᠂ ᠠᠵᠢᠯ ᠡᠷᠭᠢᠯᠡᠬᠦ᠌ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ ᠲᠣᠭ᠍ᠲᠠᠭᠠᠯ᠎ᠡᠴᠡ ᠵᠥᠷᠢᠴᠡᠭ᠌ᠰᠡᠨ ᠠᠵᠢᠯᠯᠠᠭ᠎ᠠ᠎ᠶ᠋ᠢ ᠵᠠᠯᠬᠠᠭᠠᠨ ᠴᠡᠭᠡᠷᠯᠡᠭᠦᠯᠬᠦ᠌ ᠡᠷᠴᠢᠮ᠎ᠢ ᠴᠢᠩᠭᠠᠷᠠᠭᠤᠯᠵᠤ᠂ ᠥᠷᠭᠡᠨ ᠣᠯᠠᠨ ᠬᠠᠤᠯᠢᠴᠢ᠎ᠶ᠋ᠢᠨ ᠬᠠᠤᠯᠢ ᠲᠣᠭ᠍ᠲᠠᠭᠠᠯ ᠶᠣᠰᠣᠭᠠᠷ ᠦᠨᠡᠨᠴᠢ ᠢᠲᠡᠭᠡᠮᠵᠢᠲᠡᠶ᠎ᠪᠡᠷ ᠠᠵᠢᠯ ᠡᠷᠭᠢᠯᠡᠬᠦ᠌᠎ᠶ᠋ᠢ ᠬᠥᠲᠥᠯᠥᠨ ᠵᠢᠯᠣᠭᠣᠳᠴᠤ᠌᠂ ᠠᠵᠢᠯ ᠲᠥᠷᠥᠯ᠎ᠦᠨ ᠬᠡᠪ ᠰᠤᠷᠲᠠᠯ᠎ᠢ ᠨᠠᠩ ᠠᠷᠢᠭᠤᠨ ᠴᠢᠬᠡᠴᠢ᠂ ᠲᠥᠪ ᠰᠤᠷᠲᠠᠯ᠎ᠢ ᠨᠠᠩ ᠲᠡᠭᠦᠯᠳᠡᠷ ᠪᠣᠯᠭᠠᠬᠤ᠎ᠶ᠋ᠢ ᠠᠬᠢᠭᠤᠯᠤᠨ᠎ᠠ ᠭᠡᠵᠦ ᠢᠯᠡᠳᠭᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)