ᠥᠪᠥᠷ ᠮᠣᠩᠭᠣᠯ ᠳ᠋ᠦ 6 ᠤᠯᠤᠰ ᠤ᠋ᠨ ᠳᠡᠰ᠎ᠤᠨ ᠠᠵᠤ ᠦᠶ᠋ᠯᠡᠳᠪᠦᠷᠢ ᠶ᠋ᠢᠨ ᠵᠢᠭᠤᠯᠴᠢᠯᠠᠯ ᠤ᠋ᠨ ᠵᠢᠱ᠌ᠢᠶ᠎ᠡ ᠦᠵᠡᠭᠦᠯᠬᠦ᠌ ᠰᠠᠭᠤᠷᠢᠨ ᠲᠠᠢ ᠪᠠᠢᠵᠦ ᠪᠦᠬᠦ ᠤᠯᠤᠰ ᠲᠦ᠍ ᠲᠦᠷᠦᠬᠦᠯᠡᠪᠡ
《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡᠳ᠋ᠤ᠂ ᠵᠢᠭᠤᠯᠴᠢᠯᠠᠯ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠴᠢᠨᠠᠷ ᠰᠠᠢᠲᠠᠢ ᠵᠢᠭᠤᠯᠴᠢᠯᠠᠯ᠎ᠤᠨ ᠦᠢᠯᠡᠳᠬᠦᠨ᠎ᠦ ᠬᠠᠩᠭᠠᠯᠭ᠎ᠠ᠎ᠶ᠋ᠢ ᠪᠠᠶᠠᠯᠢᠭ᠍ᠵᠢᠭᠤᠯᠵᠤ᠂ ᠵᠢᠭᠤᠯᠴᠢᠯᠠᠯ᠎ᠤᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ ᠭᠡᠵᠦ᠍ ᠳᠤᠷᠠᠳᠪᠠ᠃ ᠣᠳᠣᠬᠠᠨ᠎ᠳᠤ᠂ ᠵᠢᠭᠤᠯᠴᠢᠯᠠᠯ᠎ᠤᠨ ᠦᠶ᠋ᠯᠡᠰ ᠪᠣᠯᠤᠨ ᠪᠤᠰᠤᠳ ᠠᠵᠤ ᠦᠶ᠋ᠯᠡᠰ ᠠᠵᠢᠯ ᠲᠥᠷᠥᠯ ᠠᠯᠤᠰᠯᠠᠨ ᠠᠭᠤᠰᠤᠯᠴᠠᠵᠤ᠂ ᠬᠠᠮᠵᠢᠯᠴᠠᠨ ᠬᠥᠭ᠌ᠵᠢᠵᠦ᠍᠂ ᠠᠭᠤᠯᠠ ᠤᠰᠤ ᠳᠠᠯ᠎ᠠ ᠭᠤᠪᠢ᠎ᠵᠢᠨ ᠭᠤᠶᠤᠮᠰᠤᠭ ᠦᠵᠡᠮᠵᠢ ᠪᠠᠢᠬᠤ ᠪᠠᠷ ᠪᠠᠷᠠᠬᠤ ᠥᠬᠡᠶ᠂ ᠦᠶ᠋ᠯᠡᠳᠪᠦᠷᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠭᠤᠷᠢᠨ᠎ᠨᠢ ᠴᠦ᠍ ᠵᠢᠭᠤᠯᠴᠢᠯᠠᠯ᠎ᠤᠨ ᠥᠪᠡᠷᠮᠢᠴᠡ ᠦᠵᠡᠮᠵᠢ ᠪᠣᠯᠵᠤ᠂ ᠪᠦᠬᠦ ᠤᠷᠤᠨ᠎ᠤ ᠠᠵᠤ ᠠᠬᠤᠢ ᠨᠡᠢᠬᠡᠮ᠎ᠤᠨ ᠪᠤᠬᠢᠷᠳᠤᠯ ᠦᠬᠡᠢ ᠴᠢᠨᠠᠷ ᠰᠠᠢᠳᠠᠢ ᠬᠦᠭᠵᠢᠯᠳᠡ᠎ᠶᠢᠨ ᠠᠮᠵᠢᠯᠳᠠ ᠲᠠᠢ ᠲᠤᠷᠰᠢᠯᠭ᠎ᠠ ᠪᠤᠯᠵᠦ ᠪᠠᠢᠨ᠎ᠠ᠃
2025 ᠤᠨ ᠡᠴᠡ ᠨᠠᠭᠠᠰᠢ᠂ ᠠᠵᠤ ᠦᠢᠯᠠᠳᠪᠤᠷᠢ ᠵᠢᠨ ᠵᠢᠭᠤᠯᠴᠢᠯᠠᠯ ᠬᠠᠯᠠᠮᠰᠢᠯ ᠪᠤᠯᠵᠤ᠂ ᠤᠯᠠᠮ᠎ᠠᠴᠠ ᠤᠯᠠᠨ ᠵᠢᠭᠤᠯᠴᠢᠯᠠᠬᠰᠠᠳ ᠦᠢᠯᠡᠳᠪᠦᠷᠢ᠎ᠶ᠋ᠢᠨ ᠲᠠᠰᠤᠭ᠎ᠲᠤ ᠣᠷᠣᠵᠤ᠂ ᠦᠢᠯᠡᠳᠪᠦᠷᠢᠯᠡᠯ᠎ᠦᠨ ᠪᠠᠢᠳᠠᠯ᠎ᠢ ᠪᠠᠶᠠᠴᠢᠯᠠᠨ ᠣᠢᠯᠠᠭᠠᠬᠤ ᠪᠤᠯᠤᠬᠰᠠᠨ ᠪᠠᠢᠨ᠎ᠠ᠃ ᠥᠪᠥᠷ ᠮᠣᠩᠭᠣᠯ ᠳ᠋ᠦ ᠣᠲᠣ ᠤᠯᠤᠰ ᠤ᠋ᠨ ᠳᠡᠰ᠎ᠤᠨ ᠠᠵᠤ ᠦᠶ᠋ᠯᠡᠳᠪᠦᠷᠢ ᠶ᠋ᠢᠨ ᠵᠢᠭᠤᠯᠴᠢᠯᠠᠯ ᠤ᠋ᠨ ᠵᠢᠱ᠌ᠢᠶ᠎ᠡ ᠦᠵᠡᠭᠦᠯᠬᠦ᠌ ᠰᠠᠭᠤᠷᠢᠨ 6 ᠪᠠᠢᠵᠤ᠂ ᠶᠡᠷᠤᠡᠭᠭᠡᠢ ᠲᠤᠭ᠎ᠠ ᠪᠡᠷ ᠪᠦᠬᠦ ᠤᠯᠤᠰ ᠲᠸ᠋ ᠲᠦᠷᠤᠬᠦᠯᠡᠵᠤ ᠪᠤᠢ᠃ ᠡᠬᠦᠨ᠎ᠳᠤ ᠣᠶᠤᠨᠳᠦ ᠦᠶ᠋ᠯᠡᠳᠭᠡᠯ᠂ ᠰᠣᠶᠣᠯ ᠤ᠋ᠨ ᠪᠦᠲᠦᠭᠡᠯᠴᠢ ᠰᠡᠳᠭᠢᠮᠵᠢ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠡᠭᠦᠳᠦᠯᠲᠡ ᠵᠡᠷᠭᠡ ᠣᠯᠠᠨ ᠲᠥᠷᠥᠯ ᠬᠡᠯᠪᠡᠷᠢ ᠶ᠋ᠢᠨ ᠠᠵᠤ ᠦᠶ᠋ᠯᠡᠳᠪᠦᠷᠢ ᠶ᠋ᠢᠨ ᠵᠢᠭᠤᠯᠴᠢᠯᠠᠯ ᠤ᠋ᠨ ᠡᠬᠢ ᠪᠠᠶᠠᠯᠢᠭ ᠤ᠋ᠨ ᠱᠢᠰᠲ᠋ᠧᠮ ᠢ᠋ ᠪᠦᠷᠢᠯᠳᠦᠭᠦᠯᠵᠦ᠂ ᠡᠯ᠎ᠡ ᠵᠢᠱ᠌ᠢᠶ᠎ᠡ ᠦᠵᠡᠭᠦᠯᠬᠦ᠌ ᠴᠡᠭ ᠨᠢ ᠥᠪᠡᠷᠮᠢᠴᠡ ᠲᠡᠦᠬᠡ ᠶ᠋ᠢᠨ ᠠᠭᠤᠯᠤᠭ᠍ᠳᠠᠬᠤᠨ᠂ ᠠᠵᠤ ᠦᠶ᠋ᠯᠡᠰ ᠤ᠋ᠨ ᠣᠨᠴᠠᠯᠢᠭ ᠪᠠ ᠬᠤᠷᠰᠢᠯᠴᠠᠬᠰᠠᠨ ᠪᠡᠶᠡᠴᠢ ᠦᠢᠯᠡᠭᠠᠯᠲᠠ ᠵᠡᠷᠭᠡ ᠪᠡᠷ ᠵᠢᠡᠨ ᠵᠢᠭᠤᠯᠴᠢᠯᠠᠭᠰᠠᠳ ᠲᠦ᠍ ᠡᠯᠪᠡᠭ ᠪᠠᠶᠠᠯᠢᠭ ᠵᠢᠭᠤᠯᠴᠢᠯᠠᠯ ᠤ᠋ᠨ ᠰᠣᠩᠭᠣᠯᠲᠠ ᠬᠠᠩᠭᠠᠵᠤ ᠪᠠᠢᠨ᠎ᠠ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠲᠠᠲᠠᠬᠤ ᠬᠦᠴᠦᠨ᠎ᠢ ᠨᠡᠮᠡᠭ᠌ᠳᠡᠭᠦᠯᠪᠡ
ᠬᠦᠬᠡᠬᠤᠳᠠ ᠵᠢᠨ ᠬᠤᠳᠠ ᠵᠢᠨ ᠲᠦᠪ ᠡᠴᠡ 30 ᠺᠢᠯᠤᠮᠸᠲᠷ ᠵᠠᠢᠳᠠᠢ ᠪᠠᠢᠷᠢᠯᠠᠳᠠᠭ ᠤᠯᠤᠰ᠎ᠤᠨ 4A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠤᠯᠬᠤ ᠢᠯᠢ ᠢ᠋ᠢᠨ ᠤᠳᠤᠬᠢᠴᠢᠯᠠᠬᠰᠠᠨ ᠤᠶᠤᠨᠲᠤ ᠡᠷᠡᠭᠦᠯ ᠮᠠᠨᠲᠤ ᠢ᠋ᠢᠨ ᠬᠦᠨᠳᠡᠢ᠎ᠶᠢᠨ ᠡᠷᠪᠡᠬᠡᠶ ᠢ᠋ᠢᠨ ᠬᠡᠯᠪᠡᠷᠢᠲᠤ ᠪᠠᠷᠢᠯᠭ᠎ᠠ ᠬᠦᠷᠦᠭᠰᠡᠨ ᠪᠦᠬᠦᠨ᠎ᠤ ᠰᠡᠳᠬᠢᠯ᠎ᠳᠦ ᠳᠠᠭᠠᠯᠠᠭᠳᠠᠳᠠᠭ᠃
ᠡᠬᠦᠳᠡ ᠪᠡᠷ ᠲᠤᠳᠤᠬᠰᠢᠯᠠᠪᠠᠯ ᠢᠯᠢ ᠵᠢᠨ ᠦᠯᠵᠡᠢᠳᠤ ᠭᠡᠦᠭᠡᠯᠳᠡᠢ ᠢ ᠨᠦᠸᠸ ᠳᠡᠯᠭᠡᠴᠡᠨ ᠳᠡᠭᠡᠷ᠎ᠠ ᠮᠡᠨᠳᠦᠴᠢᠯᠡᠵᠦ ᠵᠤᠭᠰᠤᠨ᠎ᠠ᠃ ᠠᠷᠢᠭᠤᠳᠬᠠᠬᠤ ᠲᠠᠰᠤᠭ᠎ᠢ ᠳᠠᠮᠵᠢᠨ ᠲᠤᠳᠤᠭᠰᠢᠯᠠᠪᠠᠯ ᠳᠡᠯᠡᠬᠡᠶ ᠢ᠋ᠢᠨ ᠲᠡᠷᠢᠭᠦᠨ ᠤ᠋ ᠲᠣᠭᠠᠴᠢᠯᠠᠭ᠍ᠰᠠᠨ ᠮᠡᠷᠭᠡᠵᠢᠯ ᠢ᠋ ᠬᠡᠷᠡᠭ᠌ᠯᠡᠭᠰᠡᠨ 3D ᠳᠡᠯᠭᠡᠴᠡ ᠡᠴᠡ ᠢᠯᠢ ᠢ᠋ᠢᠨ ᠲᠦᠬᠦᠭᠡᠢ ᠰᠦ ᠢ᠋ᠢᠨ ᠦᠢᠯᠡᠳᠪᠦᠷᠢᠯᠡᠯ ᠤ᠋ᠨ ᠪᠦᠬᠦ ᠶᠠᠪᠤᠴᠠ ᠵᠢ ᠲᠤᠳᠤ ᠬᠠᠷᠠᠵᠦ ᠪᠤᠯᠬᠤ ᠪᠦᠭᠡᠳ ᠳᠡᠯᠭᠡᠴᠡᠨ ᠳᠡᠭᠡᠷᠡᠬᠢ ᠪᠡᠶᠡᠴᠢᠯᠡᠨ ᠣᠢᠯᠠᠭᠠᠬᠤ ᠲᠤᠭᠯᠠᠭᠠᠮ᠎ᠢᠶᠡᠷ ᠵᠢᠭᠤᠯᠴᠢᠯᠠᠭᠴᠢ᠎ᠵᠢ ᠲᠦᠬᠦᠭᠡᠢ ᠰᠦ ᠢ᠋ᠢᠨ ᠦᠢᠯᠡᠳᠪᠦᠷᠢᠯᠡᠯ ᠤ᠋ᠨ ᠶᠠᠪᠤᠴᠠ ᠳ᠋ᠤ ᠤᠷᠤᠯᠴᠠᠭᠤᠯᠵᠤ᠂ ᠮᠠᠰᠢ ᠬᠦᠭᠵᠢᠯᠲᠡᠢ ᠬᠡᠯᠪᠡᠷᠢ ᠪᠡᠷ ᠦᠢᠯᠡᠳᠪᠦᠷᠢᠯᠡᠯ ᠤ᠋ᠨ ᠮᠡᠳᠡᠯᠭᠡ ᠢ᠋ᠢ ᠲᠦᠭᠡᠮᠡᠯᠵᠢᠭᠦᠯᠵᠤ ᠪᠠᠢᠯ᠎ᠠ᠃
ᠰᠢᠯ ᠴᠤᠡᠭᠬᠤᠨ ᠤ᠋ ᠴᠠᠭᠠᠨ᠎ᠠ᠂ ᠳᠡᠯᠡᠬᠡᠢ᠎ᠳᠡᠬᠢ ᠬᠤᠷᠳᠤᠴᠠ ᠪᠡᠷ ᠬᠠᠮᠤᠭ ᠤ᠋ᠨ ᠲᠦᠷᠭᠡᠨ᠂ ᠠᠦ᠋ᠲ᠋ᠣᠴᠢᠯᠠᠭ᠍ᠰᠠᠨ ᠪᠠ ᠤᠶᠤᠨᠴᠢᠯᠠᠭ᠍ᠰᠠᠨ ᠬᠢᠷᠢ ᠬᠡᠮᠵᠢᠶ᠎ᠡ ᠪᠡᠷ ᠬᠠᠮᠤᠭ ᠤ᠋ᠨ ᠥᠨᠳᠥᠷ ᠦᠶ᠋ᠯᠡᠳᠪᠦᠷᠢᠯᠡᠯ ᠤ᠋ᠨ ᠱᠤᠭᠤᠮ ᠵᠤᠭᠰᠤᠯ ᠦᠬᠡᠢ ᠠᠵᠢᠯᠯᠠᠵᠦ᠂ ᠴᠠᠭ ᠪᠦᠷᠢ 40000 ᠬᠠᠢᠷᠴᠠᠭ ᠰᠦ ᠪᠣᠭᠣᠳᠠᠯᠯᠠᠵᠤ᠂ ᠡᠳᠤᠷ ᠲᠸ᠋ 6500 ᠲᠤᠨ ᠲᠦᠬᠦᠭᠡᠢ ᠰᠦ ᠵᠢ ᠠᠷᠢᠭᠤᠳᠬᠠᠨ ᠰᠠᠪᠠᠯᠠᠵᠦ ᠪᠠᠢᠯ᠎ᠠ ᠁᠃《ᠤᠤᠯ ᠨᠢ ᠢᠯᠢ ᠰᠦ ᠵᠢᠨ ᠦᠢᠯᠡᠳᠪᠦᠷᠢ ᠡᠢᠮᠦ᠍ ᠭᠤᠶᠤ ᠪᠠᠢᠵᠠᠢ᠂ ᠮᠠᠨ᠎ᠤ ᠬᠦᠤ ᠪᠥᠬᠥ᠌ ᠶᠠᠪᠤᠴᠠ᠎ᠵᠢ ᠬᠠᠷᠠᠭᠠᠳ ᠶᠠᠭᠤ ᠪᠦᠬᠦᠨ᠎ᠢ ᠨᠢ ᠭᠠᠢᠬᠠᠵᠤ᠂ ᠦᠨᠢᠶᠡᠨ ᠰᠦ ᠶ᠋ᠢ ᠬᠡᠷᠬᠢᠨ ᠦᠶ᠋ᠯᠡᠳᠪᠦᠷᠢᠯᠡᠵᠦ᠍ ᠭᠠᠷᠭᠠᠬᠤ᠎ᠶ᠋ᠢ ᠨᠢᠳᠦ᠍᠎ᠪᠡᠷ᠎ᠢᠶᠡᠨ ᠦᠵᠡᠭ᠌ᠰᠡᠨ ᠪᠦᠭᠡᠳ ᠥᠪᠡᠷ᠎ᠢᠶᠡᠨ ᠡᠭᠡᠳᠡᠭ᠌ᠰᠡᠨ ᠰᠦ᠂ ᠰᠠᠪᠤᠩ ᠬᠢᠵᠦ᠍ ᠰᠤᠷᠤᠬᠰᠠᠨ ᠨᠢ ᠡᠩ᠎ᠦᠨ ᠦᠵᠡᠮᠵᠢ᠎ᠶ᠋ᠢᠨ ᠣᠷᠣᠨ᠎ᠳᠤ ᠤᠴᠢᠭᠠᠳ ᠵᠦᠬᠡᠷ ᠬᠠᠷᠠᠭᠠᠳ ᠦᠩᠭᠡᠷᠡᠭᠰᠡᠨ᠎ᠲᠠᠶ ᠠᠳᠠᠯᠢ ᠥᠬᠡᠶ᠂ ᠨᠠᠭᠠᠳᠭᠤ ᠲᠤᠮᠳᠠ ᠮᠡᠳᠡᠯᠭᠡ ᠰᠤᠷᠴᠢᠬᠠᠨ᠎ᠠ》ᠬᠡᠵᠤ ᠵᠢᠭᠤᠯᠴᠢᠯᠠᠬᠴᠢ ᠠᠭᠤᠳᠠᠮ ᠪᠠᠶᠠᠷᠳᠠᠢᠬᠠᠨ ᠶᠠᠷᠢᠨ᠎ᠠ᠃
ᠢᠯᠢ ᠢ᠋ᠢᠨ ᠤᠳᠤᠬᠢᠴᠢᠯᠠᠬᠰᠠᠨ ᠤᠶᠤᠨᠲᠤ ᠡᠷᠡᠭᠦᠯ ᠮᠠᠨᠲᠤ ᠢ᠋ᠢᠨ ᠬᠦᠨᠳᠡᠢ ᠨᠢ ᠦᠪᠤᠷ ᠮᠤᠡᠭᠭᠤᠯ᠎ᠤᠨ ᠰᠦ ᠵᠢᠨ ᠦᠢᠯᠡᠰ᠎ᠤᠨ ᠪᠦᠬᠦ ᠬᠡᠯᠬᠢᠶ᠎ᠠ ᠵᠢ ᠭᠠᠳᠠᠬᠰᠢ ᠤᠬᠠᠭᠤᠯᠬᠤ ᠲᠠᠪᠴᠠᠡᠭ ᠪᠤᠯᠤᠬᠰᠠᠨ ᠵᠢᠡᠷ ᠪᠠᠷᠠᠬᠤ ᠥᠬᠡᠶ᠂ ᠤᠯᠠᠮᠵᠢᠯᠠᠯᠲᠤ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠢ ᠬᠥᠭ᠌ᠵᠢᠭᠦᠯᠬᠦ᠌᠎ᠳᠦ ᠲᠣᠯᠢ ᠪᠣᠯᠭᠠᠵᠤ ᠪᠣᠯᠬᠤ ᠠᠷᠭ᠎ᠠ ᠲᠤᠷᠰᠢᠯᠭ᠎ᠠ ᠪᠤᠯᠵᠦ᠂ ᠦᠪᠦᠷ ᠮᠤᠨᠭᠭᠤᠯ᠎ᠤᠨ ᠵᠢᠭᠤᠯᠴᠢᠯᠠᠯ᠎ᠤᠨ ᠬᠠᠯᠠᠮᠱᠢᠯ ᠦᠵᠡᠮᠵᠢ᠎ᠶ᠋ᠢᠨ ᠣᠷᠣᠨ᠎ᠤ ᠨᠢᠭᠡ ᠪᠤᠯᠵᠠᠢ᠃
2023 ᠣᠨ᠎ᠤ 6 ᠰᠠᠷ᠎ᠠ᠎ᠳᠤ᠂ ᠢᠯᠢ ᠵᠢᠨ ᠤᠳᠤᠬᠢᠴᠢᠯᠠᠬᠰᠠᠨ ᠣᠶᠤᠨᠳᠤ ᠡᠷᠡᠭᠦᠯ ᠮᠡᠨᠳᠦ᠍᠎ᠶ᠋ᠢᠨ ᠬᠥᠨᠳᠡᠶ᠎ᠶ᠋ᠢᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠲᠥᠷᠥᠯ ᠵᠦᠶ᠋ᠯ ᠵᠢᠩᠬᠢᠨᠢ᠎ᠪᠡᠷ ᠠᠵᠢᠯ᠎ᠢᠶᠠᠨ ᠡᠬᠢᠯᠡᠭᠦᠯᠪᠡ᠃ ᠲᠥᠷᠥᠯ ᠵᠦᠶ᠋ᠯ᠎ᠦᠨ ᠲᠥᠯᠥᠪᠵᠢᠭᠦᠯᠭᠡ᠎ᠶ᠋ᠢᠨ ᠭᠤᠤᠯ ᠬᠥᠭ᠌ᠵᠢᠯᠲᠡ᠎ᠶ᠋ᠢᠨ ᠣᠷᠣᠨ 38 ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠴᠡᠯᠡᠭᠡᠷ ᠲᠠᠯ᠎ᠠ᠎ᠶ᠋ᠢᠨ ᠠᠮᠢ ᠠᠬᠤᠶ᠎ᠶ᠋ᠢᠨ ᠣᠶᠤᠨᠴᠢ ᠮᠠᠯᠵᠢᠯ᠎ᠤᠨ ᠲᠠᠯᠠᠪᠠᠶ᠂ ᠣᠶᠤᠨᠴᠢ ᠦᠶ᠋ᠯᠡᠳᠭᠡᠯ᠎ᠦᠨ ᠪᠡᠶᠡᠴᠢᠯᠡᠨ ᠣᠢᠯᠠᠭᠠᠬᠤ ᠲᠥᠪ᠂ ᠲᠦᠬᠦᠭᠡᠢ ᠰᠦ ᠢ᠋ᠢᠨ ᠪᠥᠬᠥ᠌ ᠪᠥᠮᠪᠥᠷᠴᠡᠭ ᠤ᠋ᠨ ᠤᠶᠤᠨᠲᠤ ᠬᠡᠪ ᠳᠠᠭᠤᠷᠢᠶᠠᠯ ᠤ᠋ᠨ ᠰᠠᠭᠤᠷᠢᠨ ᠵᠡᠷᠭᠡ᠎ᠪᠡᠷ ᠪᠦᠷᠢᠯᠳᠦᠵᠦ᠍᠂ ᠡᠳᠦᠷ ᠪᠦᠷᠢ᠎ᠶ᠋ᠢᠨ ᠦᠶ᠋ᠯᠡᠳᠪᠦᠷᠢᠯᠡᠭ᠌ᠰᠡᠨ ᠰᠦ ᠨᠢ 1000 ᠲᠦᠮᠡᠨ ᠬᠥᠮᠦᠨ ᠠᠮᠠ᠎ᠲᠠᠶ ᠬᠣᠲᠠ᠎ᠶ᠋ᠢᠨ ᠡᠳᠦᠷ ᠲᠤᠲᠤᠮ᠎ᠤᠨ ᠤᠤᠭᠤᠬᠤ ᠰᠦ ᠶ᠋ᠢᠨ ᠬᠡᠷᠡᠭ᠌ᠴᠡᠭᠡ᠎ᠶ᠋ᠢ ᠪᠠᠲᠤᠯᠠᠵᠤ ᠴᠢᠳᠠᠨ᠎ᠠ᠃
《ᠠᠯᠢ ᠡᠷᠳᠡ 2005 ᠣᠨ᠎ᠳᠤ ᠦᠶ᠋ᠯᠡᠳᠪᠦᠷᠢ᠎ᠪᠡᠨ ᠭᠠᠳᠠᠬᠰᠢ ᠨᠡᠭᠡᠭᠡᠯᠳᠡ ᠬᠢᠭᠰᠡᠨ ᠡᠴᠡ ᠨᠠᠭᠠᠰᠢ᠂ ᠮᠠᠨ᠎ᠤ ᠢᠯᠢ᠎ᠶ᠋ᠢᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ〈ᠦᠶ᠋ᠯᠡᠳᠪᠦᠷᠢᠯᠡᠯ᠎ᠦᠨ ᠱᠤᠭᠤᠮ᠎ᠢ ᠦᠵᠡᠬᠦ᠌᠂ ᠦᠶ᠋ᠯᠡᠳᠬᠦᠨ᠎ᠢ ᠦᠵᠡᠬᠦ᠌〉1.0 ᠤ᠋ᠨ ᠴᠠᠭ ᠦᠶ᠎ᠡ᠎ᠶ᠋ᠢ ᠥᠩᠭᠡᠷᠡᠭᠦᠯᠵᠦ᠍᠂ 〈ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠨᠢ ᠪᠠᠶᠠᠯᠢᠭ᠂ ᠴᠢᠳᠠᠮᠵᠢ᠎ᠨᠢ ᠲᠣᠳᠣᠷᠬᠠᠶ〉2.0 ᠤ᠋ᠨ ᠱᠠᠲᠤ ᠦᠶ᠎ᠡ᠎ᠳᠤ ᠬᠦᠷᠴᠤ᠂ ᠳᠠᠬᠢᠭᠠᠳ〈ᠬᠡᠷᠡᠭ᠌ᠯᠡᠭᠡᠨ᠎ᠦ ᠠᠦ᠋ᠲ᠋ᠣᠴᠢᠯᠠᠯᠲᠠ᠂ ᠮᠡᠳᠡᠭᠡ ᠵᠠᠩᠭᠢᠵᠢᠯᠲᠠ᠎ᠶ᠋ᠢᠨ ᠮᠡᠷᠭᠡᠵᠢᠯ᠎ᠤᠨ ᠲᠡᠰ ᠲᠡᠪᠰᠢᠭᠰᠡᠨ〉 3.0᠎ᠳ᠋ᠤ ᠲᠡᠪᠰᠢᠵᠤ᠂ ᠥᠨᠥᠳᠦᠷ ᠪᠣᠯᠬᠤ᠎ᠳᠤ ᠢᠯᠢ ᠢ᠋ᠢᠨ ᠤᠳᠤᠬᠢᠴᠢᠯᠠᠬᠰᠠᠨ ᠤᠶᠤᠨᠲᠤ ᠡᠷᠡᠭᠦᠯ ᠮᠠᠨᠲᠤ ᠢ᠋ᠢᠨ ᠬᠦᠨᠳᠡᠢ᠎ᠪᠠᠷ ᠲᠥᠯᠥᠭᠡᠯᠡᠭᠦᠯᠦᠭ᠌ᠰᠡᠨ᠂ ᠲᠣᠭᠠᠴᠢᠯᠠᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠢᠭᠡᠳ ᠪᠡᠶᠡᠴᠢᠯᠡᠨ ᠦᠢᠯᠠᠭᠠᠬᠤ ᠵᠢ ᠠᠭᠤᠰᠤᠯᠴᠠᠭᠤᠯᠤᠬᠰᠠᠨ 4.0 ᠤ᠋ᠨ ᠴᠠᠭ ᠦᠶ᠎ᠠ᠎ᠳᠤ ᠤᠷᠤᠵᠤ᠂ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠱᠢᠨ᠎ᠡ ᠬᠡᠪ ᠳᠠᠭᠤᠷᠢᠶᠠᠯ᠎ᠢ ᠴᠤᠬᠴᠠᠯᠠᠵᠤ ᠪᠠᠢᠨ᠎ᠠ》 ᠭᠡᠵᠤ ᠢᠯᠢ ᠢ᠋ᠢᠨ ᠤᠳᠤᠬᠢᠴᠢᠯᠠᠬᠰᠠᠨ ᠤᠶᠤᠨᠲᠤ ᠡᠷᠡᠭᠦᠯ ᠮᠠᠨᠲᠤ ᠢ᠋ᠢᠨ ᠬᠦᠨᠳᠡᠢ ᠵᠢᠨ ᠬᠤᠳᠠᠯᠳᠤᠭᠠᠨ᠎ᠤ ᠶᠠᠪᠤᠳᠠᠯ᠎ᠤᠨ ᠲᠤᠰᠠᠯᠠᠭ᠍ᠴᠢ ᠳᠠᠭᠠᠭᠠᠮᠠᠯ ᠮᠠ ᠱᠢᠨ ᠲᠠᠨᠢᠯᠴᠠᠭᠤᠯᠤᠨ᠎ᠠ᠃
ᠨᠡᠭᠡᠭᠡᠯᠲᠡᠲᠦ ᠦᠶ᠋ᠯᠡᠳᠪᠦᠷᠢᠯᠡᠯ᠎ᠦᠨ ᠱᠤᠭᠤᠮ᠎ᠢᠶᠠᠷ ᠳᠠᠮᠵᠢᠭᠤᠯᠤᠨ᠂ ᠵᠢᠭᠤᠯᠴᠢᠯᠠᠭ᠍ᠰᠠᠳ᠎ᠲᠤ ᠦᠶ᠋ᠯᠡᠳᠬᠦᠨ ᠦᠶ᠋ᠯᠡᠳᠬᠦ᠌ ᠶᠠᠪᠤᠴᠠ᠎ᠶ᠋ᠢ ᠣᠢᠷ᠎ᠠ ᠵᠠᠶ᠎ᠠᠴᠠ ᠣᠢᠯᠠᠭᠠᠭᠤᠯᠵᠤ᠂ ᠨᠠᠷᠠᠲᠤ ᠲᠡᠮᠳᠡᠭ᠌ᠲᠦ᠍᠎ᠶ᠋ᠢ ᠮᠡᠳᠡᠷᠡᠬᠦ᠌ ᠬᠡᠮᠵᠢᠶ᠎ᠡ᠎ᠶ᠋ᠢ ᠨᠡᠮᠡᠭ᠌ᠳᠡᠭᠦᠯᠬᠦ᠌ ᠪᠣᠯ ᠢᠯᠢ᠎ᠶ᠋ᠢᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠢ ᠬᠥᠭ᠌ᠵᠢᠭᠦᠯᠦᠭ᠌ᠰᠡᠨ ᠠᠩᠬᠠᠨ᠎ᠤ ᠵᠤᠷᠢᠯᠳᠠ ᠮᠥᠨ᠃ ᠦᠢᠯᠠᠭᠠᠬᠰᠠᠨ ᠵᠢᠡᠷ᠂ 2024 ᠣᠨ᠎ᠳᠤ᠂ ᠢᠯᠢ ᠵᠢᠨ ᠤᠳᠤᠬᠢᠴᠢᠯᠠᠬᠰᠠᠨ ᠣᠶᠤᠨᠳᠤ ᠡᠷᠡᠭᠦᠯ ᠮᠡᠨᠳᠦ᠍᠎ᠶ᠋ᠢᠨ ᠬᠦᠨᠳᠡᠢ ᠨᠢ 100 ᠲᠦᠮᠡᠨ ᠬᠥᠮᠦᠨ ᠤᠳᠠᠭ᠎ᠠ᠎ᠶᠢᠨ ᠵᠢᠭᠤᠯᠴᠢᠯᠠᠬᠴᠢ᠎ᠵᠢ ᠭᠥᠯᠢᠶᠡᠨ ᠠᠪᠴᠠᠶ; ᠣᠲᠣ ᠪᠣᠯᠲᠠᠯ᠎ᠠ᠂ ᠢᠯᠢ ᠪᠥᠬᠥ᠌ ᠤᠯᠤᠰ᠎ᠤᠨ ᠬᠡᠪᠴᠢᠶᠡᠨ᠎ᠳᠦ ᠨᠡᠢᠲᠡ 34 ᠦᠶ᠋ᠯᠡᠳᠪᠦᠷᠢᠯᠡᠯ᠎ᠦᠨ ᠰᠠᠭᠤᠷᠢᠨ ᠪᠠᠢᠭᠤᠯᠵᠦ᠂ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠦᠵᠡᠮᠵᠢ᠎ᠶ᠋ᠢᠨ ᠭᠠᠵᠠᠷ ᠭᠠᠷᠭᠠᠨ᠂ 3.1 ᠳ᠋ᠦᠩᠱᠢᠭᠤᠷ ᠬᠥᠮᠦᠨ ᠤᠳᠠᠭ᠎ᠠ᠎ᠶᠢᠨ ᠵᠢᠭᠤᠯᠴᠢᠯᠠᠭᠴᠢ᠎ᠵᠢ ᠭᠥᠯᠢᠶᠡᠨ ᠠᠪᠴᠤ ᠪᠠᠢᠨ᠎ᠠ᠃
ᠡᠬᠢ ᠪᠠᠶᠠᠯᠢᠭ᠎ᠤᠨ ᠦᠪᠡᠷᠮᠢᠴᠡ ᠳᠠᠪᠠᠭᠤᠯᠢᠭ᠎ᠠᠴᠠ ᠰᠠᠭᠤᠷᠢᠯᠠᠭᠰᠠᠨ ᠠᠵᠤ ᠦᠶ᠋ᠯᠡᠳᠪᠦᠷᠢ᠎ᠶ᠋ᠢᠨ ᠰᠣᠶᠣᠯ᠎ᠲᠠᠶ ᠬᠠᠷᠢᠴᠠᠭᠤᠯᠪᠠᠯ᠂ ᠱᠢᠨᠵᠢᠯᠡᠬᠦ᠌ ᠤᠬᠠᠭᠠᠨ ᠮᠡᠷᠭᠡᠵᠢᠯ᠎ᠦᠨ ᠭᠠᠢᠬᠠᠮᠰᠢᠭ᠎ᠨᠢ ᠨᠠᠩ ᠣᠯᠠᠨ ᠵᠠᠯᠠᠭᠤᠴᠤᠳ᠎ᠢ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠳᠤ ᠪᠠᠬᠠᠲᠠᠶ ᠪᠣᠯᠭᠠᠭᠰᠠᠨ᠎ᠤ ᠪᠠᠰᠠ ᠨᠢᠭᠡ ᠦᠯᠢᠬᠡᠷ ᠵᠢᠱ᠌ᠢᠶ᠎ᠠ ᠨᠢ ᠤᠯᠠᠭᠠᠨᠬᠠᠳᠠ ᠬᠤᠳᠠ ᠵᠢᠨ ᠳ᠋ᠦᠩ ᠯᠢ ᠢᠮᠠᠭᠠᠨ ᠨᠣᠤᠯᠤᠭᠤᠷ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠯᠡᠩ ᠪᠤᠯᠤᠨ᠎ᠠ᠃
ᠤᠯᠠᠭᠠᠨᠬᠠᠳᠠ ᠬᠤᠳᠠ᠎ᠳᠤ᠂ ᠠᠵᠤ ᠦᠢᠯᠡᠳᠪᠦᠷᠢ᠎ᠶ᠋ᠢᠨ ᠵᠢᠭᠤᠯᠴᠢᠯᠠᠯ ᠠᠳᠠᠯᠢᠬᠠᠨ ᠬᠥᠭ᠌ᠵᠢᠶᠡᠨ ᠲᠡᠶ ᠶᠠᠪᠤᠭ᠍ᠳᠠᠵᠤ᠂ ᠴᠥᠭᠡᠨ ᠪᠤᠰᠤ ᠭᠡᠷ᠎ᠦᠨ ᠠᠬᠠᠮᠠᠳ ᠬᠡᠦᠬᠡᠳ᠎ᠢᠶᠡᠨ ᠳᠠᠭᠠᠭᠤᠯᠤᠨ ᠳ᠋ᠦᠩ ᠯᠢ ᠢᠮᠠᠭᠠᠨ ᠨᠣᠤᠯᠤᠭᠤᠷ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠯᠡᠩ᠎ᠳᠦ ᠬᠦᠷᠴᠦ᠍᠂ ᠠᠵᠤ ᠦᠢᠯᠡᠳᠪᠦᠷᠢ᠎ᠶᠢᠨ ᠭᠠᠢᠬᠠᠮᠰᠢᠭ᠎ᠢ ᠮᠡᠳᠡᠷᠡᠨ᠎ᠠ᠃《ᠦᠢᠯᠡᠳᠪᠦᠷᠢ᠎ᠪᠡᠷ ᠲᠣᠭᠣᠷᠢᠨ ᠦᠵᠡᠬᠦ᠌ ᠪᠡᠷ ᠲᠠᠮᠵᠢᠵᠤ ᠬᠡᠤᠭᠡᠳ ᠲᠸ᠋ ᠪᠢᠳᠡᠨ᠎ᠤ ᠡᠮᠤᠰᠴᠤ ᠪᠠᠢᠭ᠎ᠠ ᠬᠤᠪᠴᠠᠰᠤ ᠬᠤᠨᠠᠷ᠎ᠢ ᠬᠡᠷᠬᠢᠨ ᠦᠢᠯᠡᠳᠪᠤᠷᠢᠯᠡᠵᠤ ᠪᠠᠢᠭ᠎ᠠ ᠵᠢ ᠦᠢᠯᠠᠭᠠᠭᠤᠯᠤᠭᠰᠠᠨ》 ᠭᠡᠵᠦ᠍ ᠵᠢᠭᠤᠯᠴᠢᠯᠠᠬᠴᠢ ᠵᠧᠦ ᠵᠧᠦ ᠬᠡᠯᠡᠨ᠎ᠠ᠃
ᠳ᠋ᠦᠩ ᠯᠢ ᠢᠮᠠᠭᠠᠨ ᠨᠣᠤᠯᠤᠭᠤᠷ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠯᠡᠩ ᠨᠢ ᠪᠤᠬᠢᠷᠳᠤᠯ ᠦᠬᠡᠢ ᠢᠮᠠᠭᠠᠨ ᠨᠤᠤᠯᠤᠭᠤᠷ᠎ᠤᠨ ᠦᠢᠯᠡᠳᠬᠦᠨ᠎ᠢ ᠬᠦᠭᠵᠢᠬᠦᠯᠬᠦ ᠵᠢ ᠢᠮᠠᠬᠳᠠ ᠪᠠᠷᠢᠮᠳᠠᠯᠠᠵᠤ᠂ ᠤᠷᠴᠢᠨ ᠲᠤᠭᠤᠷᠢᠨ᠎ᠤ ᠬᠠᠮᠠᠭᠠᠯᠠᠯᠳᠠ ᠪᠠ ᠡᠬᠢ ᠪᠠᠶᠠᠯᠢᠭ᠎ᠢ ᠠᠷᠪᠢᠯᠠᠨ ᠭᠠᠮᠨᠠᠬᠤ ᠬᠦᠭᠵᠢᠯᠳᠡ ᠵᠢᠨ ᠤᠢᠯᠠᠭᠠᠭᠳᠠᠬᠤᠨ᠎ᠢ ᠰᠠᠨᠠᠭᠠᠴᠢᠯᠠᠨ᠂ ᠪᠤᠬᠢᠷᠳᠤᠯ ᠦᠬᠡᠢ ᠤᠷᠴᠢᠨ ᠲᠤᠭᠤᠷᠢᠨ᠎ᠤ ᠬᠠᠮᠠᠭᠠᠯᠠᠯᠳᠠ ᠵᠢ ᠪᠦᠬᠦ ᠠᠵᠤ ᠦᠢᠯᠡᠰ᠎ᠤᠨ ᠬᠡᠯᠬᠢᠶ᠎ᠠ ᠵᠢᠨ ᠭᠤᠬᠴᠤᠭ᠎ᠠ ᠨᠢᠭᠡᠪᠤᠷᠢ᠎ᠳᠤ ᠨᠡᠪᠴᠢᠬᠦᠯᠤᠨ᠂ ᠬᠡᠷᠡᠭᠯᠡᠭᠴᠢᠳ ᠲᠸ᠋ ᠨᠢᠭᠡᠨ ᠴᠤ ᠰᠢᠨ᠎ᠠ ᠪᠤᠬᠢᠷᠳᠤᠯ ᠦᠬᠡᠢ ᠵᠢᠭᠤᠯᠴᠢᠯᠠᠯ ᠪᠠ ᠨᠡᠡᠭ ᠴᠢᠨᠡᠷ ᠰᠠᠢᠳᠠᠢ ᠪᠤᠬᠢᠷᠳᠤᠯ ᠦᠬᠡᠢ ᠪᠦᠳᠤᠭᠡᠭᠳᠡᠬᠦᠨᠢ ᠲᠡᠯᠭᠡᠨ ᠦᠵᠡᠬᠦᠯᠵᠤ ᠪᠠᠢᠨ᠎ᠠ᠃ ᠢᠮᠠᠭᠠᠨ ᠨᠤᠤᠯᠤᠭᠤᠷ᠎ᠤᠨ ᠮᠦᠽᠸᠢ ᠂ ᠢᠮᠠᠭᠠᠨ ᠨᠤᠤᠯᠤᠭᠤᠷ᠎ᠤᠨ ᠦᠢᠯᠡᠳᠪᠤᠷᠢ ᠵᠢᠨ ᠲᠠᠰᠤᠭ᠂ ᠦᠵᠡᠮᠵᠢ ᠵᠢᠨ ᠬᠤᠡᠭᠭᠢᠯ᠂ ᠢᠮᠠᠭᠠᠨ ᠨᠤᠤᠯᠤᠭᠤᠷ᠎ᠤᠨ ᠬᠤᠪᠴᠠᠰᠤ ᠵᠠᠰᠠᠯ᠎ᠤᠨ ᠦᠵᠡᠬᠦᠯᠭᠡ ᠵᠢᠨ ᠲᠢᠡᠭᠭᠢᠮ ᠂ ᠰᠤᠶᠤᠯ᠎ᠤᠨ ᠪᠦᠲᠦᠭᠡᠯᠴᠢ ᠦᠢᠯᠡᠳᠬᠦᠨ᠎ᠤ ᠦᠵᠡᠬᠦᠯᠭᠡ ᠵᠢᠨ ᠲᠢᠡᠭᠭᠢᠮ ᠵᠡᠷᠭᠡ ᠲᠠᠪᠤᠨ ᠬᠡᠰᠡᠭ᠎ᠢᠶᠡᠷ ᠳ᠋ᠦᠡᠭ ᠯᠢ ᠢᠮᠠᠭᠠᠨ ᠨᠤᠤᠯᠤᠭᠤᠷ᠎ᠤᠨ ᠬᠦᠭᠵᠢᠯᠳᠡ ᠵᠢᠨ ᠲᠡᠤᠭᠡ ᠂ ᠠᠵᠤ ᠠᠬᠤᠢᠯᠠᠯ᠎ᠤᠨ ᠰᠤᠶᠤᠯ ᠂ ᠢᠮᠠᠭᠠᠨ ᠨᠤᠤᠯᠤᠭᠤᠷ᠎ᠤᠨ ᠦᠢᠯᠡᠳᠪᠤᠷᠢᠯᠡᠯ᠎ᠤᠨ ᠶᠠᠪᠤᠴᠠ ᠪᠠ ᠢᠮᠠᠭᠠᠨ ᠨᠤᠤᠯᠤᠭᠤᠷ᠎ᠤᠨ ᠲᠤᠬᠠᠢ ᠮᠡᠳᠡᠯᠭᠡ ᠵᠢ ᠪᠦᠬᠦ ᠲᠠᠯ᠎ᠠ ᠪᠡᠷ ᠬᠠᠷᠠᠭᠤᠯᠵᠤ ᠪᠤᠢ᠃ 2023 ᠤᠨ᠎ᠳᠤ ᠤᠯᠤᠰ᠎ᠤᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ ᠵᠢᠡᠷ ᠨᠡᠷᠡᠢᠳᠦᠭᠳᠡᠵᠤ ᠂ ᠨᠢᠳᠤᠨᠤᠨ ᠨᠢᠭᠡ ᠵᠢᠯ ᠰᠤᠳᠤᠯᠤᠨ ᠰᠤᠷᠤᠯᠴᠠᠬᠤ ᠪᠦᠯᠬᠦᠮ᠂ ᠬᠤᠳᠠᠯᠳᠤᠭᠠᠨ᠎ᠤ ᠶᠠᠪᠤᠳᠠᠯ᠎ᠤᠨ ᠪᠠᠢᠴᠠᠭᠠᠬᠤ ᠪᠦᠯᠬᠦᠮ᠎ᠢ 230 ᠪᠦᠯᠦᠭ ᠤᠳᠠᠭ᠎ᠠ 1.2 ᠲᠦᠮᠡᠨ ᠬᠦᠮᠤᠨ᠎ᠢ ᠬᠦᠯᠢᠶᠠᠨ ᠠᠪᠴᠠᠢ᠃
ᠳ᠋ᠦᠩ ᠯᠢ ᠢᠮᠠᠭᠠᠨ ᠨᠣᠤᠯᠤᠭᠤᠷ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠯᠡᠩ ᠪᠣᠯ ᠤᠯᠠᠭᠠᠨᠬᠠᠳᠠ ᠬᠤᠳᠠ ᠵᠢᠨ ᠠᠵᠤ ᠦᠢᠯᠡᠳᠪᠦᠷᠢ᠎ᠶ᠋ᠢᠨ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠬᠤᠷᠢᠶᠠᠩᠭᠤᠢ ᠳᠦᠷᠰᠦ ᠪᠣᠯᠤᠨ᠎ᠠ᠃ ᠤᠯᠠᠭᠠᠨᠬᠠᠳᠠ ᠬᠤᠳᠠ ᠵᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠤᠪᠴᠢᠶ᠎ᠠ ᠵᠢᠨ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠤᠯᠠᠭᠠᠨᠬᠠᠳᠠ ᠬᠤᠳᠠ ᠠᠵᠤ ᠦᠶ᠋ᠯᠡᠳᠪᠦᠷᠢ ᠶ᠋ᠢᠨ ᠵᠢᠭᠤᠯᠴᠢᠯᠠᠯ᠎ᠤᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ ᠦᠶ᠋ᠯᠡᠳᠬᠦ᠌ ᠦᠶ᠋ᠯᠡᠰ ᠬᠢᠭᠡᠳ ᠵᠢᠭᠤᠯᠴᠢᠯᠠᠯ᠎ᠤᠨ ᠦᠶ᠋ᠯᠡᠰ᠎ᠢ ᠠᠭᠤᠰᠤᠯᠴᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ ᠂ ᠤᠷᠢᠳ ᠬᠤᠵᠢᠳ《ᠪᠦᠬᠦ ᠤᠷᠤᠨ ᠪᠦᠰᠡ ᠵᠢᠨ ᠵᠢᠭᠤᠯᠴᠢᠯᠠᠯ᠎ᠤᠨ ᠶᠡᠷᠤᠡᠭᠭᠡᠢ ᠲᠦᠯᠤᠪᠵᠢᠬᠦᠯᠭᠡ》᠂《〈ᠠᠷᠪᠠᠨ ᠲᠦᠷᠪᠡᠳᠤᠭᠡᠷ ᠲᠠᠪᠤᠨ ᠵᠢᠯ〉᠎ᠤ᠋ᠨ ᠰᠤᠶᠤᠯ ᠪᠠ ᠵᠢᠭᠤᠯᠴᠢᠯᠠᠯ᠎ᠤᠨ ᠬᠦᠭᠵᠢᠬᠦᠯᠦᠯᠳᠡ ᠵᠢᠨ ᠲᠦᠯᠤᠪᠵᠢᠬᠦᠯᠭᠡ》 ᠵᠢ ᠨᠠᠢᠷᠠᠭᠤᠯᠤᠨ ᠬᠡᠷᠡᠭᠵᠢᠬᠦᠯᠵᠤ᠂ 2023 ᠤᠨᠳ᠋ᠤ ᠲᠤᠰᠬᠠᠢ ᠪᠠᠢᠭᠤᠯᠤᠮᠵᠢ ᠵᠢ ᠤᠷᠢᠵᠤ 《ᠰᠤᠶᠤᠯ ᠵᠢᠭᠤᠯᠴᠢᠯᠠᠯ ᠵᠢᠡᠷ ᠪᠤᠬᠢᠷᠳᠤᠯ ᠦᠬᠡᠢ ᠲᠡᠢᠰᠢ ᠬᠡᠯᠪᠡᠷᠢ ᠪᠡᠨ ᠬᠤᠪᠢᠷᠠᠭᠤᠯᠬᠤ ᠵᠢᠱ᠌ᠢᠶ᠎ᠠ ᠦᠵᠡᠬᠦᠯᠬᠦ ᠤᠷᠤᠨ᠎ᠤ ᠪᠦᠳᠤᠭᠡᠨ ᠪᠠᠢᠭᠤᠯᠤᠯᠳᠠ᠎ᠳᠤ ᠬᠦᠴᠤᠨ ᠤᠯᠭᠤᠬᠤ ᠲᠦᠰᠤᠯ(ᠠᠡᠭᠬᠠᠨ᠎ᠤ ᠨᠤᠤᠷᠠᠭ)》 ᠢ᠋ ᠨᠠᠢᠷᠠᠭᠤᠯᠤᠨ ᠵᠤᠬᠢᠶᠠᠵᠤ᠂《ᠠᠵᠤ ᠦᠢᠯᠡᠳᠪᠤᠷᠢ + ᠵᠢᠭᠤᠯᠴᠢᠯᠠᠯ + ᠲᠠᠷᠢᠶᠠᠯᠠᠡᠭ + ᠰᠤᠳᠤᠯᠤᠨ ᠰᠤᠷᠤᠯᠴᠠᠬᠤ + ᠬᠤᠳᠠ ᠵᠢᠨ ᠪᠦᠳᠤᠭᠡᠨ ᠪᠠᠢᠭᠤᠯᠤᠯᠳᠠ》ᠵᠢᠨ ᠭᠤᠷᠪᠡᠨ ᠠᠯᠬᠤᠮ ᠵᠢᠡᠷ ᠵᠠᠮᠨᠠᠬᠤ ᠬᠦᠭᠵᠢᠯᠳᠡ ᠵᠢᠨ ᠪᠠᠢᠯᠳᠤᠬᠤ ᠪᠤᠳᠤᠯᠭ᠎ᠠ ᠵᠢ ᠲᠤᠳᠤᠷᠬᠠᠢᠯᠠᠵᠤ᠂ ᠠᠭᠤᠰᠤᠯᠴᠠᠨ ᠬᠦᠭᠵᠢᠬᠦ᠎ᠳᠤ ᠲᠤᠳᠤᠷᠬᠠᠢ ᠵᠠᠮ ᠱᠤᠭᠤᠮ᠎ᠢ ᠬᠤᠪᠢᠶᠠᠷᠢᠯᠠᠨ ᠲᠤᠬᠳᠠᠭᠠᠵᠤ᠂ ᠪᠠᠳᠤ ᠴᠢᠡᠭᠭ᠎ᠠ ᠲᠦᠷᠤ ᠵᠢᠨ ᠪᠤᠳᠤᠯᠭ᠎ᠠ ᠵᠢᠨ ᠲᠤᠯᠭᠠᠭᠤᠷᠢᠯᠠᠯ ᠬᠠᠡᠭᠭᠠᠪᠠ᠃
ᠭᠦᠨᠵᠡᠭᠡᠶ ᠠᠭᠤᠰᠤᠯᠴᠠᠯ ᠴᠢᠨᠠᠷ ᠴᠢᠨᠰᠠᠭ᠎ᠠ᠎ᠶ᠋ᠢ ᠰᠠᠢᠵᠢᠷᠠᠭᠤᠯᠪᠠ
ᠠᠵᠤ ᠦᠢᠯᠡᠳᠪᠦᠷᠢ᠎ᠶ᠋ᠢᠨ ᠵᠢᠭᠤᠯᠴᠢᠯᠠᠯ ᠶᠠᠭᠠᠬᠢᠭᠠᠳ ᠬᠠᠯᠠᠮᠰᠢᠯ ᠪᠤᠯᠪᠠ? ᠦᠪᠡᠷᠳᠡᠭᠡᠨ ᠵᠠᠰᠠᠬᠤ ᠤᠷᠤᠨ᠎ᠤ ᠰᠤᠶᠤᠯ ᠪᠡ ᠵᠢᠭᠤᠯᠴᠢᠯᠠᠯ᠎ᠤᠨ ᠬᠦᠭᠵᠢᠯᠳᠠ ᠵᠢᠨ ᠰᠤᠳᠤᠯᠤᠯ᠎ᠤᠨ ᠬᠦᠷᠢᠶᠡᠯᠡᠡᠭ (ᠪᠤᠳᠠᠰ᠎ᠤ᠋ᠨ ᠪᠤᠰᠤ ᠰᠤᠶᠤᠯ᠎ᠤᠨ ᠦᠪ᠎ᠤᠨ ᠬᠠᠮᠠᠭᠠᠯᠠᠯᠳᠠ ᠵᠢᠨ ᠲᠦᠪ) ᠤ᠋ᠨ ᠲᠡᠳ᠋ ᠰᠤᠳᠤᠯᠤᠬᠴᠢ ᠨᠠᠪᠴᠢ ᠵᠢᠨ ᠦᠵᠡᠬᠦ ᠪᠡᠷ᠂ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠬᠡᠯᠪᠡᠷᠢ ᠨᠢ ᠣᠯᠠᠨ ᠶᠠᠩᠵᠤ᠎ᠶ᠋ᠢᠨ ᠂ ᠪᠠᠶᠠᠴᠢᠯᠠᠨ ᠣᠷᠣᠯᠴᠠᠬᠤ ᠲᠥᠷᠥᠭ᠌ᠳᠡᠯ ᠨᠢ ᠴᠢᠩᠭ᠎ᠠ ᠪᠠᠢᠳᠠᠭ ᠪᠣᠯᠬᠣᠷ ᠡᠩ᠎ᠦᠨ ᠦᠶ᠎ᠡ᠎ᠳᠦ ᠨᠢᠳᠦ ᠪᠡᠷ᠎ᠢᠶᠡᠨ ᠬᠠᠷᠠᠵᠦ ᠪᠡᠶ᠎ᠠ ᠪᠡᠷ ᠤᠷᠤᠯᠴᠠᠵᠦ ᠴᠢᠳᠠᠬᠤ ᠦᠬᠡᠢ ᠭᠠᠵᠠᠷ ᠬᠦᠷᠴᠦ ᠮᠡᠳᠡᠯᠭᠡᠮᠡᠷᠭᠡᠵᠢᠯ ᠰᠤᠷᠴᠤ᠌ ᠨᠢᠳᠦ ᠨᠡᠭᠡᠭᠡᠵᠦ ᠪᠣᠯᠤᠨ᠎ᠠ᠃ ᠵᠠᠯᠠᠭᠤ ᠬᠥᠮᠦᠰ ᠢᠯᠠᠩᠭᠤᠶ᠎ᠠ ᠰᠤᠷᠤᠭ᠍ᠴᠢᠳ ᠡᠢᠮᠦᠷᠬᠦᠦ ᠤᠷᠳᠤ ᠤᠳᠠᠭᠠᠨ ᠲᠡᠤᠭᠡ ᠲᠠᠢ ᠨᠡᠷ᠎ᠡ ᠨᠦᠯᠦᠬᠡ ᠶᠡᠬᠡᠳᠡᠢ ᠠᠵᠤ ᠦᠢᠯᠡᠳᠪᠦᠷᠢ᠎ᠳᠤ ᠮᠠᠰᠢ ᠶᠡᠬᠡ ᠰᠣᠨᠢᠷᠬᠠᠯᠲᠠᠶ ᠪᠠᠢᠳᠠᠭ ᠪᠣᠯᠬᠣᠷ ᠤᠯᠠᠨ᠎ᠤ ᠬᠠᠯᠠᠮᠰᠢᠯ ᠪᠤᠯᠬᠤ ᠨᠢ ᠵᠦᠶ ᠶᠣᠰᠣᠨ᠎ᠳᠤ ᠨᠡᠢᠴᠡᠵᠦ᠍ ᠪᠠᠢᠳᠠᠭ ᠭᠡᠵᠡᠢ᠃
ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ ᠪᠣᠯ ᠠᠵᠤ ᠠᠬᠤᠢᠯᠠᠯ᠎ᠤᠨ ᠳᠦᠷᠢ ᠲᠥᠷᠬᠦ᠌᠂ ᠨᠡᠷ᠎ᠠ ᠨᠦᠯᠦᠬᠡ᠎ᠵᠢ ᠦᠷᠭᠡᠳᠬᠡᠵᠦ᠂ ᠲᠦᠷᠦᠯ ᠳᠡᠮᠳᠡᠭ᠎ᠢ ᠴᠤᠭᠴᠠᠯᠠᠬᠤ ᠪᠦᠲᠦᠮᠵᠢᠲᠡᠶ ᠠᠷᠭ᠎ᠠ ᠵᠠᠮ ᠮᠥᠨ᠃ ᠢᠯᠢ ᠢ᠋ᠢᠨ ᠤᠳᠤᠬᠢᠴᠢᠯᠠᠬᠰᠠᠨ ᠤᠶᠤᠨᠲᠤ ᠡᠷᠡᠭᠦᠯ ᠮᠠᠨᠲᠤ ᠢ᠋ᠢᠨ ᠬᠦᠨᠳᠡᠢ ᠵᠢᠨ ᠠᠵᠢᠯᠳᠠᠨ ᠸᠠᠡᠭ ᠵᠢᠶᠠ᠄《ᠵᠢᠭᠤᠯᠴᠢᠯᠠᠬᠰᠠᠳ ᠦᠶ᠋ᠯᠡᠳᠪᠦᠷᠢ᠎ᠳᠦ ᠣᠷᠣᠬᠤ᠎ᠪᠠᠷ ᠳᠡᠮᠵᠢᠨ ᠦᠶ᠋ᠯᠡᠳᠬᠦ᠌ ᠪᠦᠬᠦ ᠶᠠᠪᠤᠴᠠ᠎ᠵᠢ ᠦᠵᠡᠵᠦ᠂ ᠶᠠᠰᠤ ᠴᠢᠨᠠᠷ᠎ᠤᠨ ᠪᠠᠲᠤᠯᠠᠭ᠎ᠠ᠎ᠶ᠋ᠢ ᠦᠨᠡᠨ ᠬᠦ᠌ ᠮᠡᠳᠡᠷᠡᠵᠦ᠂ ᠲᠦᠷᠦᠯ ᠲᠡᠮᠳᠡᠭᠳᠦ ᠪᠦᠳᠦᠭᠡᠭᠳᠡᠬᠦᠨ᠎ᠤ ᠣᠯᠠᠨ ᠨᠡᠢᠲᠡ᠎ᠶ᠋ᠢ ᠢᠲᠡᠭᠡᠭᠦᠯᠬᠦ᠌ ᠬᠦᠴᠦᠨ᠎ᠢ ᠪᠦᠲᠦᠮᠵᠢᠲᠡᠶ ᠳᠡᠭᠡᠭ᠌ᠰᠢᠯᠡᠭᠦᠯᠵᠦ ᠴᠢᠳᠠᠳᠠᠭ》 ᠭᠡᠵᠦ ᠬᠡᠯᠡᠨ᠎ᠠ᠃ ᠵᠤᠭ᠎ᠠ ᠴᠡᠩᠭᠡᠯ᠎ᠢ ᠠᠬᠤᠭᠤᠯᠤᠭ᠍ᠰᠠᠨ ᠱᠢᠨᠵᠢᠯᠡᠬᠦ᠌ ᠤᠬᠠᠭᠠᠨ᠎ᠤ ᠲᠦᠭᠡᠮᠡᠯᠵᠢᠭᠦᠯᠦᠯᠲᠡᠬᠢᠭᠡᠳ ᠪᠡᠶᠡᠴᠢ ᠣᠢᠯᠠᠭᠠᠯᠲᠠ᠎ᠪᠠᠷ ᠳᠠᠮᠵᠢᠭᠤᠯᠤᠨ᠂ ᠠᠵᠤ ᠠᠬᠤᠢᠯᠠᠯ ᠪᠣᠯᠤᠨ ᠬᠡᠷᠡᠭ᠌ᠯᠡᠭ᠌ᠴᠢᠳ᠎ᠢ ᠦᠢᠷᠠᠳᠤᠭᠤᠯᠵᠤ᠂ ᠵᠢᠭᠤᠯᠴᠢᠯᠠᠭ᠍ᠰᠠᠳ᠎ᠢ ᠲᠠᠲᠠᠵᠤ ᠲᠦᠷᠦᠯ ᠲᠡᠮᠳᠡᠭ᠌ᠲᠦ᠍᠎ᠶ᠋ᠢᠨ ᠦᠨᠡᠨᠴᠢ ᠱᠢᠳᠤᠷᠭᠤ ᠬᠡᠷᠡᠭ᠌ᠯᠡᠭ᠌ᠴᠢ ᠪᠣᠯᠭᠠᠨ᠂ ᠣᠷᠳᠣ ᠬᠤᠭᠤᠴᠠᠭᠠᠨ᠎ᠤ ᠬᠡᠷᠡᠭ᠌ᠯᠡᠭᠡ ᠵᠢ ᠪᠠᠳᠤᠯᠠᠵᠤ ᠴᠢᠳᠠᠬᠤ ᠨᠢ ᠡᠭᠦᠳᠡᠨ ᠪᠢᠯᠧᠲ᠎ᠦᠨ ᠠᠱᠢᠭ ᠣᠷᠣᠯᠭ᠎ᠠ᠎ᠠᠴᠠ ᠬᠣᠯᠠ ᠳᠠᠪᠠᠵᠤ᠂ ᠠᠵᠤ ᠠᠬᠤᠢᠯᠠᠯ᠎ᠳᠤ ᠦᠷᠬᠦᠯᠵᠢᠯᠡᠭᠰᠡᠨ ᠲᠤᠭᠳᠠᠮᠠᠯ ᠠᠰᠢᠭ ᠤᠷᠤᠯᠭ᠎ᠠ ᠡᠬᠦᠳᠴᠦ ᠦᠭᠳᠡᠭ᠃
ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠨᠢ ᠠᠵᠤ ᠦᠶ᠋ᠯᠡᠰ᠎ᠦᠨ ᠠᠭᠤᠰᠤᠯᠴᠠᠯ᠎ᠢ ᠠᠬᠢᠭᠤᠯᠬᠤ᠂ ᠬᠡᠷᠡᠭ᠌ᠯᠡᠭᠡᠨ᠎ᠦ ᠱᠢᠨ᠎ᠡ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠬᠦ᠌ ᠬᠦᠴᠦᠲᠡᠶ ᠭᠠᠷᠳᠠᠴᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠠᠵᠤ ᠦᠶ᠋ᠯᠡᠳᠪᠦᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠬᠤ᠂ ᠣᠷᠣᠨ ᠪᠦᠰᠡ᠎ᠶ᠋ᠢᠨ ᠰᠣᠶᠣᠯ᠎ᠤᠨ ᠨᠡᠷ᠎ᠡ᠎ᠶ᠋ᠢᠨ ᠬᠠᠭᠤᠳᠠᠰᠤ᠎ᠶ᠋ᠢ ᠪᠣᠶ ᠪᠣᠯᠭᠠᠬᠤ ᠴᠢᠬᠤᠯᠠ ᠴᠤᠩᠬᠤᠪᠴᠢ ᠪᠣᠯᠤᠨ᠎ᠠ᠃ 《ᠥᠪᠥᠷ ᠮᠣᠩᠭᠣᠯ᠎ᠤᠨ ᠠᠵᠤ ᠦᠢᠯᠡᠳᠪᠦᠷᠢ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠶ᠋ᠢᠨ〈ᠭᠤᠷᠪᠡᠨ ᠶᠡᠭᠡ ᠹᠷᠣᠨᠲ〉ᠪᠣᠯᠤᠨ〈ᠭᠤᠷᠪᠡᠨ ᠪᠠᠭ᠎ᠠ ᠹᠷᠣᠨᠲ〉 ᠤ᠋ᠨ ᠪᠦᠲᠦᠭᠡᠨ ᠪᠠᠢᠭᠤᠯᠤᠯᠲᠠ᠎ᠳᠤ ᠴᠢᠬᠤᠯᠠ ᠦᠢᠯᠡᠳᠦᠯ ᠦᠵᠡᠭᠦᠯᠵᠡᠢ᠃ᠲᠡᠢᠮᠤ ᠡᠴᠡ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠢ ᠭᠦᠶ᠋ᠴᠡᠳ ᠠᠭᠤᠳᠠᠯᠵᠤ᠂ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠳᠤ ᠲᠦᠱᠢᠭ᠌ᠯᠡᠨ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠲᠥᠷᠥᠯ ᠵᠦᠶ᠋ᠯ᠎ᠢ ᠪᠣᠢᠵᠢᠭᠤᠯᠵᠤ᠂ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠠᠭᠤᠯᠤᠭ᠍ᠳᠠᠬᠤᠨ ᠪᠠ ᠠᠭᠤᠯᠭ᠎ᠠ᠎ᠵᠢ ᠥᠷᠭᠡᠳᠭᠡᠬᠦ᠌ ᠬᠡᠷᠡᠭ᠌ᠲᠡᠶ᠃ ᠡᠭᠦᠨ᠎ᠦ ᠬᠠᠮᠲᠤ᠂ ᠲᠥᠯᠥᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠠᠵᠤ ᠦᠶ᠋ᠯᠡᠳᠪᠦᠷᠢ᠎ᠶ᠋ᠢᠨ ᠪᠠᠭᠤᠷᠢ᠎ᠶ᠋ᠢᠨ ᠴᠡᠴᠡᠷᠯᠢᠭ᠂ ᠠᠵᠤ ᠦᠶ᠋ᠯᠡᠳᠪᠦᠷᠢ᠎ᠶ᠋ᠢᠨ ᠮᠦᠽᠧᠶ᠂ ᠠᠵᠤ ᠦᠶ᠋ᠯᠡᠳᠪᠦᠷᠢ ᠵᠢᠨ ᠰᠣᠶᠣᠯ᠎ᠤᠨ ᠪᠦᠲᠦᠭᠡᠯᠴᠢ ᠠᠵᠤ ᠦᠶ᠋ᠯᠡᠰ᠎ᠦᠨ ᠬᠦᠷᠢᠶᠡᠯᠡᠩ᠎ᠢ ᠪᠠᠢᠭᠤᠯᠵᠤ᠂ ᠪᠥᠬᠥ᠌ ᠤᠯᠤᠰ᠎ᠤᠨ ᠨᠠᠷᠠᠲᠤ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠲᠦᠷᠦᠯ ᠲᠡᠮᠳᠡᠭ᠌ᠲᠦ᠍᠎ᠶ᠋ᠢ ᠪᠣᠢᠵᠢᠭᠤᠯᠵᠤ᠂〈ᠰᠣᠶᠣᠯ ᠵᠢᠭᠤᠯᠴᠢᠯᠠᠯ + ᠠᠵᠤ ᠦᠶ᠋ᠯᠡᠳᠪᠦᠷᠢ〉᠎ᠶ᠋ᠢᠨ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠬᠤ ᠨᠢ ᠵᠦᠢᠳᠡᠢ》ᠭᠡᠵᠦ᠍ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠵᠤ ᠠᠬᠤᠶ ᠰᠤᠳᠤᠯᠬᠤ ᠭᠠᠵᠠᠷ᠎ᠤᠨ ᠳᠡᠳ᠋ ᠳᠠᠷᠤᠭ᠎ᠠ ᠯᠢ ᠶᠢᠩ ᠬᠡᠯᠡᠨ᠎ᠡ᠃
ᠡᠬᠢ ᠪᠠᠶᠠᠯᠢᠭ᠎ᠤᠨ ᠳᠠᠪᠠᠭᠤᠯᠢᠭ ᠣᠯᠠᠨ ᠡᠱᠢᠲᠦ ᠪᠡᠶᠡᠴᠢ ᠣᠢᠯᠠᠭᠠᠯᠲᠠ᠎ᠶ᠋ᠢ ᠴᠤᠭᠴᠠᠯᠠᠪᠠ
《 ᠠᠭᠤᠷᠬᠠᠶ ᠪᠡᠷ ᠲᠣᠭᠣᠷᠢᠨ ᠦᠵᠡᠬᠦ᠌ ᠨᠢ ᠪᠠᠰᠠ ᠡᠢᠮᠦ᠍ ᠰᠣᠨᠢᠷᠬᠠᠯᠲᠠᠶ ᠭᠡᠵᠦ᠍ ᠪᠣᠳᠣᠵᠤ ᠣᠯᠤᠭ᠍ᠰᠠᠨ ᠦᠭᠡᠢ! ᠬᠡᠦᠬᠡᠳ᠎ᠦᠳ ᠠᠭᠤᠷᠬᠠᠢ ᠵᠢᠨ ᠬᠠᠮᠢᠶᠠᠳᠠᠢ ᠮᠡᠳᠡᠯᠭᠡ ᠵᠢ ᠪᠠᠭ᠎ᠠ ᠪᠤᠰᠤ ᠦᠢᠯᠠᠭᠠᠯ᠎ᠠ》 ᠭᠡᠵᠦ᠍ ᠵᠢᠭᠤᠯᠴᠢᠯᠠᠬᠴᠢ ᠰᠢᠨ ᠰᠢᠨ ᠵᠡᠭᠦᠨᠭᠠᠷ᠎ᠤᠨ ᠡᠨᠧᠷᠭᠢ᠎ᠶ᠋ᠢᠨ ᠠᠭᠤᠷᠬᠠᠶ᠎ᠶ᠋ᠢᠨ ᠠᠮᠢ ᠠᠬᠤᠶ᠎ᠶ᠋ᠢᠨ ᠵᠢᠭᠤᠯᠴᠢᠯᠠᠯ᠎ᠤᠨ ᠣᠷᠣᠨ ᠵᠢᠡᠷ ᠲᠤᠭᠤᠷᠢᠬᠰᠠᠨ ᠰᠡᠳᠬᠢᠭᠳᠡᠯ ᠵᠢᠡᠨ ᠪᠠᠶᠠᠷᠳᠠᠢᠬᠠᠨ ᠬᠤᠪᠢᠶᠠᠯᠴᠠᠨ᠎ᠠ᠃
ᠬᠠᠳᠤᠨ ᠭᠤᠤᠯ᠎ᠤᠨ ᠶᠡᠭᠡ ᠲᠤᠬᠤᠢ ᠵᠢᠨ ᠡᠯᠢᠭᠡᠨ᠎ᠳᠤ ᠨᠡᠬᠦᠷᠡᠰᠤᠨ ᠠᠭᠤᠷᠬᠠᠢ ᠡᠴᠡ ᠠᠮᠢ ᠠᠬᠤᠢ ᠵᠢᠨ ᠭᠠᠢᠬᠠᠮᠰᠢᠭᠢ᠋ ᠬᠠᠷᠠᠭᠤᠯᠤᠬᠰᠠᠨ — ᠵᠡᠭᠦᠨᠭᠠᠷ᠎ᠤᠨ ᠡᠨᠧᠷᠭᠢ᠎ᠶ᠋ᠢᠨ ᠠᠭᠤᠷᠬᠠᠶ᠎ᠶ᠋ᠢᠨ ᠠᠮᠢ ᠠᠬᠤᠶ᠎ᠶ᠋ᠢᠨ ᠵᠢᠭᠤᠯᠴᠢᠯᠠᠯ᠎ᠤᠨ ᠣᠷᠣᠨ ᠨᠢᠭᠤᠬᠳᠠᠵᠤ ᠪᠤᠢ ᠃ ᠡᠨᠳᠡ ᠦᠡᠭᠭᠡᠷᠡᠭᠰᠡᠨ᠎ᠳᠤ ᠲᠤᠭᠤᠰᠤ ᠰᠢᠷᠤᠢ ᠪᠤᠵᠢᠬᠢᠨᠠᠭᠰᠠᠨ ᠵᠠᠳᠠᠭᠠᠢ ᠨᠡᠬᠦᠷᠡᠰᠤᠨ ᠠᠭᠤᠷᠬᠠᠢ ᠪᠠᠢᠭᠰᠠᠨ᠎ᠢᠶᠡᠨ ᠤᠳᠤ ᠬᠠᠷᠢᠨ ᠤᠷᠭᠤᠮᠠᠯ᠎ᠤᠨ ᠪᠦᠷᠬᠦᠴᠡ ᠵᠢᠨ ᠨᠤᠷᠮ᠎ᠠ 80% ᠵᠢ ᠲᠠᠪᠠᠬᠰᠠᠨ ᠤᠯᠤᠰ᠎ᠤᠨ 4A ᠳᠡᠰ᠎ᠤᠨ ᠵᠢᠭᠤᠯᠴᠢᠯᠠᠯ᠎ᠤᠨ ᠤᠷᠤᠨ ᠪᠤᠯᠤᠨ ᠬᠤᠪᠢᠷᠠᠬᠰᠠᠨ ᠪᠦᠭᠡᠳ 2023 ᠤᠨ᠎ᠳᠤ ᠤᠯᠤᠰ ᠤ᠋ᠨ ᠠᠵᠤ ᠦᠶ᠋ᠯᠡᠳᠪᠦᠷᠢ ᠶ᠋ᠢᠨ ᠵᠢᠭᠤᠯᠴᠢᠯᠠᠯ ᠤ᠋ᠨ ᠵᠢᠱ᠌ᠢᠶ᠎ᠡ ᠦᠵᠡᠭᠦᠯᠬᠦ᠌ ᠰᠠᠭᠤᠷᠢᠨ ᠵᠢᠡᠷ ᠦᠨᠡᠯᠡᠭᠳᠡᠪᠡ᠃
《ᠮᠠᠨ᠎ᠤ ᠦᠢᠯᠡᠳᠪᠦᠷᠢ ᠤᠯᠤᠰ᠎ᠤᠨ 4A ᠳᠡᠰ᠎ᠤᠨ ᠠᠵᠤ ᠦᠢᠯᠡᠳᠪᠦᠷᠢ᠎ᠶ᠋ᠢᠨ ᠵᠢᠭᠤᠯᠴᠢᠯᠠᠯ᠎ᠤᠨ ᠣᠷᠣᠨ ᠪᠣᠯᠤᠭ᠍ᠰᠠᠨ᠎ᠤ ᠬᠤᠪᠢ᠎ᠳᠤ ᠂ ᠤᠯᠠᠮ᠎ᠠᠴᠠ ᠤᠯᠠᠨ ᠵᠢᠭᠤᠯᠴᠢᠯᠠᠬᠰᠠᠳ᠎ᠤᠨ ᠠᠩᠬᠠᠷᠤᠯ᠎ᠢ ᠲᠠᠲᠠᠵᠤ ᠪᠠᠢᠨ᠎ᠠ》ᠬᠡᠵᠤ ᠥᠪᠥᠷ ᠮᠣᠩᠭᠣᠯ᠎ᠤᠨ ᠪᠣᠷᠣᠲᠣᠬᠣᠶ ᠠᠷᠢᠬᠢᠨ᠎ᠤ ᠦᠶ᠋ᠯᠡᠰ᠎ᠦᠨ ᠪᠦᠯᠦᠭ᠌ᠯᠡᠯ ᠺᠣᠮᠫᠠᠨᠢ᠎ᠶ᠋ᠢᠨ ᠳᠡᠳ᠋ ᠶᠡᠷᠦᠩᠬᠡᠶ ᠵᠠᠬᠢᠷᠤᠯ ᠦ᠋ ᠶᠦᠩ ᠳ᠋ᠦᠩ ᠲᠠᠨᠢᠯᠴᠠᠭᠤᠯᠤᠨ᠎ᠠ᠃ ᠪᠠᠶᠠᠨᠨᠠᠭᠤᠷ ᠬᠣᠲᠠ᠎ᠶ᠋ᠢᠨ ᠬᠠᠩᠭᠢᠨ ᠬᠣᠢᠲᠤ ᠬᠣᠱᠢᠭᠤᠨ᠎ᠤ ᠥᠪᠥᠷ ᠮᠣᠩᠭᠣᠯ᠎ᠤᠨ ᠠᠷᠢᠬᠢᠨ᠎ᠤ ᠰᠣᠶᠣᠯ᠎ᠤᠨ ᠮᠦᠽᠧᠶ ᠨᠢ ᠵᠢᠭᠤᠯᠴᠢᠯᠠᠬᠰᠠᠳ᠎ᠲᠦ ᠬᠠᠷ᠎ᠠ ᠠᠷᠢᠬᠢᠨ᠎ᠤ ᠠᠵᠤ ᠦᠶ᠋ᠯᠡᠳᠪᠦᠷᠢ ᠪᠠ ᠤᠯᠠᠮᠵᠢᠯᠠᠯᠲᠤ ᠠᠷᠢᠬᠢ ᠨᠡᠷᠡᠬᠦ᠌ ᠤᠷ᠎ᠠ ᠮᠡᠷᠭᠡᠵᠢᠯ᠎ᠢ ᠣᠢᠯᠠᠭᠠᠬᠤ ᠴᠢᠬᠤᠯᠠ ᠴᠣᠩᠬᠣᠪᠴᠢ ᠪᠣᠯᠵᠦ᠂ 2025 ᠤᠨ᠎ᠡᠴᠡ ᠨᠠᠭᠠᠰᠢ ᠂ 7200 ᠬᠥᠮᠦᠨ ᠤᠳᠠᠭ᠎ᠠ᠎ᠶᠢᠨ ᠵᠢᠭᠤᠯᠴᠢᠯᠠᠬᠴᠢ ᠵᠢ ᠭᠥᠯᠢᠶᠡᠨ ᠠᠪᠴᠤ᠌᠂ ᠲᠤᠬᠠᠶ᠎ᠶ᠋ᠢᠨ ᠭᠠᠵᠠᠷ᠎ᠤᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠬᠠᠯᠠᠮᠰᠢᠯ ᠭᠠᠵᠠᠷ ᠪᠣᠯᠵᠠᠢ᠃
ᠮᠠᠨ᠎ᠤ ᠤᠯᠤᠰ᠎ᠤᠨ《 ᠠᠩᠬᠠᠳᠤᠭᠠᠷ ᠲᠠᠪᠤᠨ ᠵᠢᠯ》 ᠤ᠋ᠨ ᠲᠦᠯᠤᠪᠵᠢᠬᠦᠯᠭᠡ ᠵᠢᠨ ᠬᠤᠭᠤᠴᠠᠭᠠᠨ᠎ᠳᠤ ᠡᠬᠢᠯᠡᠨ ᠪᠦᠳᠦᠭᠡᠨ ᠪᠠᠢᠭᠤᠯᠤᠭ᠍ᠰᠠᠨ ᠴᠢᠬᠤᠯᠠ ᠠᠵᠤ ᠦᠢᠯᠡᠳᠪᠦᠷᠢ᠎ᠶ᠋ᠢᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠪᠤᠭᠤᠲᠤ ᠬᠤᠳᠠ᠎ᠶ᠋ᠢᠨ ᠠᠵᠤ ᠦᠢᠯᠡᠳᠪᠦᠷᠢ ᠵᠢᠨ ᠰᠣᠶᠣᠯᠦᠷᠨᠢᠨ ᠬᠦᠭᠵᠢᠵᠡᠢ᠃ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ᠎ᠦᠨ ᠦᠢᠯᠡᠳᠪᠦᠷᠢ ᠵᠢᠨ ᠲᠠᠰᠤᠭ ᠲᠦ᠍᠂ 100 ᠮᠸᠲᠷ ᠤᠷᠳᠤ ᠠᠦ᠋ᠲ᠋ᠣᠴᠢᠯᠠᠭ᠍ᠰᠠᠨ ᠦᠢᠯᠡᠳᠪᠦᠷᠢᠯᠡᠯ᠎ᠦᠨ ᠱᠤᠭᠤᠮ ᠳᠡᠭᠡᠷ᠎ᠡ ᠂ ᠭᠡᠷᠡᠯ ᠰᠠᠴᠤᠷᠠᠭ᠍ᠰᠠᠨ ᠵᠠᠭᠠᠳᠠᠰᠤ ᠦᠭᠡᠢ ᠪᠤᠯᠤᠳ ᠬᠣᠭᠣᠯᠠᠢ ᠴᠦᠷᠬᠦᠭᠡᠯᠡᠨ ᠭᠠᠷᠴᠤ ᠂ ᠵᠢᠭᠤᠯᠴᠢᠯᠠᠬᠰᠠᠳ ᠲᠸ᠋ᠮᠠᠨᠤ ᠤᠯᠤᠰ᠎ᠤᠨ ᠬᠦᠨᠳᠤ ᠠᠵᠤ ᠦᠢᠯᠡᠳᠪᠤᠷᠢ ᠵᠢᠨ ᠭᠠᠢᠬᠠᠮᠰᠢᠭ᠎ᠢ ᠦᠵᠡᠭᠦᠯᠤᠨ᠎ᠠ᠃ 《 ᠡᠨᠡ ᠨᠢ ᠵᠢᠭᠤᠯᠴᠢᠯᠠᠭ᠍ᠰᠠᠳ᠎ᠲᠤ〈ᠪᠣᠯᠣᠳ ᠲᠡᠮᠦᠷ᠎ᠢ ᠬᠡᠷᠬᠢᠨ ᠪᠣᠯᠪᠠᠰᠤᠷᠠᠭᠤᠯᠤᠭ᠍ᠰᠠᠨ〉 ᠢ᠋ ᠤᠢᠯᠠᠭᠠᠭᠤᠯᠵᠦ ᠴᠢᠳᠠᠬᠤ ᠪᠡᠷ ᠪᠠᠷᠠᠬᠤ ᠥᠬᠡᠶ ᠨᠠᠩ ᠴᠤ᠌〈ᠤᠯᠤᠰ᠎ᠤᠨ ᠴᠢᠬᠤᠯᠠ ᠵᠡᠪᠰᠡᠭ〉ᠦᠶ᠋ᠯᠡᠳᠬᠦ᠌ ᠰᠠᠭᠤᠷᠢᠨ ᠭᠠᠵᠠᠷ᠎ᠢ ᠡᠬᠡ ᠣᠷᠣᠨᠴᠢ ᠦᠵᠡᠯ᠎ᠦᠨ ᠬᠥᠮᠦᠵᠢᠯ᠎ᠦᠨ ᠠᠮᠢᠳᠤᠯᠢᠭ ᠬᠢᠴᠢᠶᠡᠯ᠎ᠦᠨ ᠲᠠᠩᠬᠢᠮ ᠪᠣᠯᠭᠠᠨ ᠬᠤᠪᠢᠷᠠᠭᠤᠯᠤᠬᠰᠠᠨ》ᠬᠡᠵᠤ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ᠎ᠦᠨ ᠲᠢᠶᠸ ᠬᠤᠸᠠ ᠰᠣᠶᠣᠯ᠎ᠤᠨ ᠠᠵᠤ ᠦᠶ᠋ᠯᠡᠰ᠎ᠦᠨ ᠺᠣᠮᠫᠠᠨᠢ᠎ᠶ᠋ᠢᠨ ᠠᠵᠢᠯᠳᠠᠨ ᠫᠠᠩ ᠯᠸᠢ ᠶᠠᠷᠢᠨ᠎ᠠ᠃
ᠢᠳᠡᠭᠡᠨ ᠤᠮᠳᠠᠭᠠᠨᠦ ᠠᠵᠤ ᠦᠶ᠋ᠯᠡᠳᠪᠦᠷᠢ᠂ ᠤᠯᠠᠮᠵᠢᠯᠠᠯᠲᠤ ᠪᠣᠯᠣᠳ ᠲᠡᠮᠦᠷ᠂ ᠠᠭᠤᠷᠬᠠᠶ᠎ᠶ᠋ᠢᠨ ᠭᠠᠷᠤᠯᠲᠠ᠎ᠶ᠋ᠢᠨ ᠠᠵᠤ ᠠᠬᠤᠢᠯᠠᠯ ᠬᠡᠰᠡᠨ ᠴᠤ᠌ ᠪᠦᠷ ᠰᠢᠨ᠎ᠠ ᠬᠠᠯᠠᠮᠰᠢᠯ ᠪᠤᠯᠵᠤ ᠪᠠᠢᠭ᠎ᠠ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ ᠳᠤᠮᠳᠠ ᠣᠨᠴᠠᠯᠢᠭ᠍ᠲᠤ ᠡᠬᠢ ᠪᠠᠶᠠᠯᠢᠭ᠎ᠢᠶᠠᠷ ᠵᠢᠭᠤᠯᠴᠢᠯᠠᠬᠰᠠᠳ᠎ᠢ ᠳᠠᠳᠠᠵᠦ᠂ ᠪᠤᠬᠢᠷᠳᠤᠯ ᠦᠬᠡᠢ ᠬᠦᠭᠵᠢᠯᠳᠡ᠎ᠶᠢᠨ ᠦᠯᠢᠬᠡᠷ ᠵᠢᠱ᠌ᠢᠶ᠎ᠠ᠎ᠵᠢ ᠡᠬᠦᠳᠦᠨ᠎ᠠ᠃
ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ᠎ᠲᠤ ᠪᠠᠢᠷᠢᠯᠠᠵᠤ ᠪᠠᠢᠭ᠎ᠠ ᠤᠮᠠᠷᠠᠲᠤ᠎ᠶ᠋ᠢᠨ ᠴᠡᠷᠢᠭ᠎ᠦᠨ ᠵᠡᠪᠰᠡᠭ᠎ᠦᠨ ᠬᠤᠳᠠ ᠵᠢᠨ ᠦᠵᠡᠮᠵᠢ᠎ᠶ᠋ᠢᠨ ᠣᠷᠣᠨ᠎ᠳᠤ᠂ ᠡᠭᠡ ᠬᠠᠭᠤᠷᠠᠢ᠂ ᠲᠡᠯᠡᠶ ᠲᠠᠡᠭᠭᠢᠰ᠂ ᠠᠭᠠᠷ ᠠᠶᠠᠯᠠᠯ᠎ᠳᠤ ᠬᠡᠷᠡᠭᠯᠡᠳᠡᠭ ᠡᠯ᠎ᠡ ᠲᠥᠷᠥᠯ᠎ᠦᠨ ᠬᠡᠷᠡᠭᠯᠡᠬᠡᠨ ᠡᠴᠡ ᠭᠠᠷᠤᠭᠰᠠᠨ ᠬᠠᠭᠤᠴᠢᠨ ᠵᠡᠪᠰᠡᠭ ᠲᠤᠨᠤᠬᠯᠠᠯ᠎ᠢ ᠳᠡᠯᠭᠡᠨ ᠦᠵᠡᠭᠦᠯᠦᠨ᠎ᠠ᠃ ᠨᠢᠳᠤᠨᠤᠨ᠎ᠡᠴᠡ ᠨᠠᠭᠠᠰᠢ᠂ ᠦᠵᠡᠮᠵᠢ᠎ᠶ᠋ᠢᠨ ᠣᠷᠣᠨ ᠨᠢᠭᠡᠨᠲᠡ 22.73 ᠲᠦᠮᠡᠨ ᠬᠥᠮᠦᠨ ᠤᠳᠠᠭ᠎ᠠ᠎ᠶ᠋ᠢᠨ ᠵᠢᠭᠤᠯᠴᠢᠯᠠᠬᠴᠢ᠎ᠵᠢ ᠭᠥᠯᠢᠶᠡᠨ ᠠᠪᠴᠠᠶ᠃ ᠳᠤᠮᠳᠠᠳᠤ ᠤᠯᠤᠰ᠎ᠤᠨ ᠴᠡᠷᠢᠭ᠎ᠦᠨ ᠵᠡᠪᠰᠡᠭ᠎ᠦᠨ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠦᠨ ᠤᠮᠠᠷᠠᠲᠤ᠎ᠶ᠋ᠢᠨ ᠬᠦᠨᠳᠦ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠡᠴᠡ ᠲᠥᠯᠥᠪᠵᠢᠭᠦᠯᠵᠦ᠍ ᠪᠠᠢᠭᠤᠯᠤᠭ᠍ᠰᠠᠨ ᠤᠨᠴᠠᠯᠢᠬ᠍ᠳᠤ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠣᠯᠤᠭ᠍ᠰᠠᠨ᠎ᠤ ᠬᠤᠪᠢ᠎ᠳᠤ᠂ ᠤᠮᠠᠷᠠᠲᠤ᠎ᠶ᠋ᠢᠨ ᠴᠡᠷᠢᠭ᠎ᠦᠨ ᠵᠡᠪᠰᠡᠭ᠎ᠦᠨ ᠬᠤᠳᠠ ᠨᠢ ᠨᠢᠭᠡᠨᠲᠡ ᠵᠢᠭᠤᠯᠴᠢᠯᠠᠬᠰᠠᠳ᠎ᠤᠨ ᠴᠡᠷᠢᠭ᠎ᠦᠨ ᠶᠠᠪᠤᠳᠠᠯ᠎ᠤᠨ ᠠᠵᠤ ᠦᠢᠯᠡᠳᠪᠦᠷᠢ᠎ᠶ᠋ᠢ ᠣᠢᠯᠠᠭᠠᠬᠤ᠂ ᠴᠡᠷᠢᠭ᠎ᠦᠨ ᠵᠡᠪᠰᠡᠭ᠎ᠦᠨ ᠲᠤᠬᠠᠢ ᠮᠡᠳᠡᠯᠭᠡ ᠨᠡᠮᠡᠭ᠌ᠳᠡᠭᠦᠯᠬᠦ᠌ ᠰᠠᠢ᠌ᠨ ᠭᠠᠵᠠᠷ ᠪᠣᠯᠵᠠᠢ᠃ 《ᠪᠢ ᠴᠡᠷᠢᠭ᠎ᠦᠨ ᠵᠡᠪᠰᠡᠭ᠎ᠢᠶᠡᠷ ᠭᠤᠤᠯ ᠰᠡᠳᠦᠪ ᠪᠣᠯᠭᠠᠭ᠍ᠰᠠᠨ ᠴᠡᠴᠡᠷᠯᠢᠭ᠎ᠲᠦ ᠠᠩᠬ᠎ᠠ ᠤᠳᠠᠭ᠎ᠠ ᠢᠷᠡᠵᠦ᠍ ᠪᠠᠢᠨ᠎ᠠ᠂ ᠡᠢᠮᠦ᠍ ᠣᠯᠠᠨ ᠨᠢᠰᠭᠡᠯ᠂ ᠲᠠᠩᠺ ᠂ ᠦᠬᠡᠷ ᠫᠤᠤ᠎ᠶ᠋ᠢ ᠦᠵᠡᠭᠡᠳ ᠭᠠᠢᠬᠠᠯ᠎ᠠ᠂ ᠰᠡᠬᠦᠳᠡᠷ ᠴᠸ᠋ ᠤᠯᠠᠨ ᠲᠠᠳᠠᠯ᠎ᠠ 》 ᠭᠡᠵᠦ᠍ ᠱᠢᠶᠠᠮᠧᠨ ᠡᠴᠡ ᠢᠷᠡᠭᠰᠡᠨ ᠵᠢᠭᠤᠯᠴᠢᠯᠠᠬᠴᠢ ᠮᠠᠶ᠋ᠢᠨ ᠱᠢᠶᠦ᠋ᠩ ᠪᠠᠶᠠᠷᠲᠠᠶ ᠬᠡᠯᠡᠨ᠎ᠡ᠃
《ᠨᠡᠭᠦᠷᠡᠰᠦ᠎ᠪᠡᠷ ᠰᠠᠭᠤᠷᠢᠯᠠᠵᠤ᠂ ᠨᠡᠭᠦᠷᠡᠰᠦ᠎ᠪᠡᠷ ᠮᠠᠨᠳᠤᠭ᠍ᠰᠠᠨ》 ᠥᠪᠥᠷ ᠮᠣᠩᠭᠣᠯ᠎ᠤᠨ ᠦᠬᠠᠢ ᠬᠤᠳᠠ ᠨᠢ ᠠᠵᠤ ᠦᠢᠯᠡᠳᠪᠦᠷᠢ᠎ᠶ᠋ᠢᠨ ᠥᠪ᠎ᠦᠨ ᠬᠠᠮᠠᠭᠠᠯᠠᠯᠲᠠ ᠪᠠ ᠠᠱᠢᠭ᠍ᠯᠠᠯᠲᠠ᠎ᠶ᠋ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠠᠵᠤ ᠦᠢᠯᠡᠳᠪᠦᠷᠢ᠎ᠶ᠋ᠢᠨ ᠵᠢᠭᠤᠯᠴᠢᠯᠠᠯ᠎ᠢ ᠢᠳᠡᠪᠬᠢᠲᠡᠢ ᠬᠥᠭ᠌ᠵᠢᠭᠦᠯᠵᠦ᠍ ᠪᠠᠢᠨ᠎ᠠ᠃ 《 ᠨᠡᠭᠦᠷᠡᠰᠦ ᠵᠢᠨ ᠪᠣᠶ ᠪᠣᠯᠤᠬᠰᠠᠨ ᠶᠠᠪᠤᠴᠠ᠂ ᠨᠡᠭᠡᠭᠡᠨ ᠮᠠᠯᠲᠠᠬᠤ ᠡᠴᠡ ᠠᠱᠢᠭ᠍ᠯᠠᠬᠤ ᠶᠠᠪᠤᠴᠠ᠎ᠶ᠋ᠢ ᠱᠢᠰᠲ᠋ᠧᠮ᠎ᠲᠡᠶ ᠣᠢᠯᠠᠭᠠᠵᠤ᠂ ᠦᠬᠠᠢ ᠬᠣᠲᠠ᠎ᠶ᠋ᠢᠨ ᠲᠡᠦᠬᠡ᠎ᠶ᠋ᠢᠨ ᠠᠭᠤᠯᠤᠭ᠍ᠳᠠᠬᠤᠨ᠎ᠢ ᠦᠨᠡᠨ ᠬᠦ᠌ ᠮᠡᠳᠡᠷᠡᠭᠰᠡᠨ》ᠭᠡᠬᠦ ᠲᠦᠷᠦᠭᠳᠡᠯ ᠵᠢᠭᠤᠯᠴᠢᠯᠠᠭᠰᠡᠳ ᠨᠢᠭᠡᠪᠦᠷᠢ᠎ᠶᠢᠨ ᠰᠡᠳᠬᠢᠯ᠎ᠤᠨ ᠦᠬᠡ ᠪᠤᠯᠵᠦ ᠪᠠᠢᠯ᠎ᠠ᠃
ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠵᠤ ᠠᠬᠤᠶ ᠰᠤᠳᠤᠯᠬᠤ ᠭᠠᠵᠠᠷ᠎ᠤᠨ ᠳᠡᠳ᠋ ᠳᠠᠷᠤᠭ᠎ᠠ ᠯᠢ ᠶᠢᠩ ᠢᠯᠡᠷᠬᠡᠢᠯᠡᠬᠦ᠌᠎ᠳᠡᠭᠡᠨ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠡᠬᠢ ᠪᠠᠶᠠᠯᠢᠭ ᠡᠯᠪᠡᠭ᠂ ᠲᠥᠷᠥᠯ ᠵᠦᠶ᠋ᠯ ᠣᠯᠠᠨ ᠶᠠᠩᠵᠤ᠎ᠶ᠋ᠢᠨ ᠪᠠᠢᠵᠤ᠂ ᠬᠢᠯᠠᠰ ᠴᠡᠭ ᠲᠣᠪᠣᠢᠮ᠎ᠠ ᠪᠠᠢᠳᠠᠭ᠃ ᠮᠠᠨ᠎ᠤ ᠤᠷᠤᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢ ᠪᠠᠢᠭᠤᠯᠤᠨ᠂ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠎ᠢ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠳᠤᠮᠳᠠ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠪᠠ᠃

ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ᠎ᠲᠤ ᠪᠠᠢᠷᠢᠯᠠᠵᠤ ᠪᠠᠢᠭ᠎ᠠ ᠤᠮᠠᠷᠠᠲᠤ᠎ᠶ᠋ᠢᠨ ᠴᠡᠷᠢᠭ᠎ᠦᠨ ᠵᠡᠪᠰᠡᠭ᠎ᠦᠨ ᠬᠤᠳᠠ ᠵᠢᠨ ᠦᠵᠡᠮᠵᠢ᠎ᠶ᠋ᠢᠨ ᠣᠷᠣᠨ᠎ᠳᠤ

ᠤᠯᠠᠭᠠᠨᠬᠠᠳᠠ ᠵᠢᠨ ᠳ᠋ᠦᠩ ᠯᠢ ᠢᠮᠠᠭᠠᠨ ᠨᠣᠤᠯᠤᠭᠤᠷ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠦᠨ ᠬᠦᠷᠢᠶᠡᠯᠡᠩ

ᠢᠯᠢ ᠢ᠋ᠢᠨ ᠤᠳᠤᠬᠢᠴᠢᠯᠠᠬᠰᠠᠨ ᠤᠶᠤᠨᠲᠤ ᠡᠷᠡᠭᠦᠯ ᠮᠠᠨᠲᠤ ᠢ᠋ᠢᠨ ᠬᠦᠨᠳᠡᠢ
ᠰᠤᠷᠪᠤᠯᠵᠢᠯᠠᠬᠴᠢ ᠵᠢᠨ ᠡᠪᠦᠷ ᠲᠡᠮᠳᠡᠭᠯᠡᠯ
ᠤᠯᠠᠭᠠᠨᠬᠠᠳᠠ ᠵᠢᠨ ᠳ᠋ᠦᠩ ᠯᠢ ᠢᠮᠠᠭᠠᠨ ᠨᠣᠤᠯᠤᠭᠤᠷ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠦᠨ ᠬᠦᠷᠢᠶᠡᠯᠡᠩ᠎ᠡᠴᠡ ᠤᠷᠳᠤᠰ ᠬᠤᠳᠠ᠎ᠶᠢᠨ ᠵᠡᠭᠦᠨᠭᠠᠷ᠎ᠤᠨ ᠡᠨᠧᠷᠭᠢ᠎ᠶ᠋ᠢᠨ ᠠᠭᠤᠷᠬᠠᠶ᠎ᠶ᠋ᠢᠨ ᠠᠮᠢ ᠠᠬᠤᠶ᠎ᠶ᠋ᠢᠨ ᠵᠢᠭᠤᠯᠴᠢᠯᠠᠯ᠎ᠤᠨ ᠣᠷᠣᠨ᠂ ᠪᠤᠭᠤᠳᠤ ᠵᠢᠨ ᠪᠤᠯᠤᠳ ᠲᠡᠮᠦᠷ ᠪᠣᠯᠤᠨ ᠴᠡᠷᠢᠭ᠎ᠦᠨ ᠵᠡᠪᠰᠡᠭ᠎ᠦᠨ ᠰᠠᠭᠤᠷᠢᠨ ᠡᠴᠡ ᠢᠯᠢ᠂ ᠮᠸᠡᠭ ᠨᠢᠦ ᠬᠤᠶᠠᠷ ᠲᠤᠮᠤ ᠰᠦ ᠵᠢᠨ ᠦᠢᠯᠡᠰ᠎ᠤᠨ ᠰᠠᠭᠤᠷᠢᠨ ᠬᠦᠷᠲᠡᠯ᠎ᠡ᠂ ᠠᠵᠤ ᠦᠢᠯᠡᠳᠪᠦᠷᠢ᠎ᠶ᠋ᠢᠨ ᠵᠢᠭᠤᠯᠴᠢᠯᠠᠯ ᠨᠢ ᠰᠣᠶᠣᠯ ᠵᠢᠭᠤᠯᠴᠢᠯᠠᠯ᠎ᠤᠨ ᠰᠢᠨ᠎ᠠ ᠨᠡᠮᠡᠭᠳᠡᠯ᠂ ᠰᠢᠨ᠎ᠠ ᠠᠵᠢᠯ ᠲᠦᠷᠦᠯ᠂ ᠰᠢᠨ᠎ᠠ ᠬᠦᠳᠡᠯᠭᠡᠬᠦ ᠬᠦᠴᠦ᠂ ᠱᠢᠨ᠎ᠡ ᠲᠦᠷᠢ ᠲᠦᠷᠬᠦ᠂ ᠰᠢᠨ᠎ᠠ ᠡᠬᠢ ᠪᠠᠶᠠᠯᠢᠭ᠂ ᠰᠢᠨ᠎ᠠ ᠨᠡᠷ᠎ᠠ᠎ᠶᠢᠨ ᠬᠠᠭᠤᠳᠠᠰᠤ ᠪᠤᠯᠤᠨ ᠬᠦᠭᠵᠢᠵᠤ ᠪᠠᠢᠨ᠎ᠠ᠃