ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠬᠣᠯᠪᠣᠭᠳᠠᠯ ᠪᠦᠬᠦᠢ ᠨᠢᠭᠡᠴᠢ᠎ᠲᠠᠢ 《6·1》 ᠤ᠋ ᠬᠡᠦᠬᠡᠳ᠎ᠦᠨ ᠪᠠᠶᠠᠷ᠎ᠤᠨ ᠲᠣᠬᠣᠨᠢᠭᠤᠯᠬᠤ ᠠᠵᠢᠯᠯᠠᠭ᠎ᠠ ᠥᠷᠨᠢᠭᠦᠯᠪᠡ
2026-06-03 09:53:23
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

《6 ·1》 ᠤ᠋ ᠬᠡᠦᠬᠡᠳ᠎ᠦᠨ ᠪᠠᠶᠠᠷ᠎ᠢ ᠪᠡᠯᠭᠡᠯᠡᠨ᠂ ᠬᠤᠢᠴᠢ ᠦᠶ᠎ᠡ ᠢ᠋ᠢᠨ ᠬᠢᠨ᠎ᠤ ᠡᠷᠡᠭᠦᠯ᠎ᠢᠶᠡᠷ ᠦᠰᠦᠨ ᠪᠣᠢᠵᠢᠬᠤ᠎ᠶᠢ ᠬᠠᠯᠠᠮᠵᠢᠯᠠᠬᠤ ᠢ᠋ᠢᠨ ᠲᠦᠯᠦᠭᠡ᠂ ᠲᠦᠷᠦᠭᠦᠭᠡᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠪᠣᠯᠣᠨ ᠥᠪᠡᠷᠲᠡᠭᠡᠨ ᠵᠠᠰᠠᠬᠤ ᠣᠷᠣᠨ᠎ᠤ ᠬᠤᠢᠴᠢ ᠦᠶ᠎ᠡ ᠢ᠋ᠢᠨ ᠬᠢᠨ᠎ᠢ ᠬᠠᠯᠠᠮᠵᠢᠯᠠᠬᠤ ᠠᠵᠢᠯ᠎ᠤᠨ ᠵᠦᠪᠯᠡᠯ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠂ ᠬᠦᠬᠡᠬᠤᠳᠠ᠎ᠶᠢᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠬᠤᠷᠢᠶ᠎ᠠ ᠢ᠋ᠢᠨ ᠠᠯᠪᠠᠨ ᠭᠡᠷ ᠵᠡᠷᠭᠡ ᠨᠢᠭᠡᠴᠢ ᠢ᠋ᠢᠨ ᠬᠢᠨ ᠲᠣᠬᠣᠨᠢᠭᠤᠯᠬᠤ ᠳᠤᠭᠤᠢᠯᠠᠩ ᠪᠠᠢᠭᠤᠯᠵᠤ᠂ ᠤᠷᠢᠳ ᠬᠣᠵᠢᠳ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠵᠡᠭᠦᠨ ᠤᠰᠤᠲᠤ ᠪᠠᠭ᠎ᠠ ᠰᠤᠷᠭᠠᠭᠤᠯᠢ᠂ ᠢᠤᠢ᠍ᠢᠴᠢᠦᠸᠠᠨ ᠲᠣᠭᠣᠷᠢᠭ᠋᠎ᠤᠨ ᠱᠦᠨ ᠹᠸᠩ ᠠᠵᠢᠯᠴᠢᠨ᠎ᠤ ᠡᠪᠯᠡᠯ᠎ᠦᠨ ᠤᠯᠠᠭ᠎ᠠ ᠦᠷᠳᠡᠭᠡ᠎ᠳᠦ ᠬᠦᠷᠴᠦ᠂ ᠰᠤᠷᠭᠠᠭᠤᠯᠢ᠎ᠳᠤ ᠪᠠᠢᠭ᠎ᠠ ᠰᠤᠷᠤᠭ᠍ᠴᠢᠳ ᠵᠢᠴᠢ ᠰᠢᠨ᠎ᠡ ᠠᠵᠢᠯ ᠣᠯᠭᠤᠯᠲᠠ ᠢ᠋ᠢᠨ ᠬᠡᠯᠪᠡᠷᠢ᠎ᠶᠢᠨ ᠬᠥᠳᠡᠯᠮᠦᠷᠢᠴᠢᠳ᠎ᠦᠨ ᠦᠷ᠎ᠡ ᠬᠡᠦᠬᠡᠳ᠎ᠲᠦ ᠪᠠᠶᠠᠷ᠎ᠤᠨ ᠡᠳᠦᠷ᠎ᠦᠨ ᠵᠥᠩᠨᠡᠯ ᠬᠦᠷᠭᠡᠵᠦ ᠲᠤᠬᠤᠨᠢᠭᠤᠯᠪᠠ᠃

ᠲᠣᠬᠣᠨᠢᠭᠤᠯᠬᠤ ᠳᠤᠭᠤᠢᠯᠠᠩ᠎ᠤᠨ ᠬᠢᠨ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠵᠡᠭᠦᠨ ᠤᠰᠤᠲᠤ ᠪᠠᠭ᠎ᠠ ᠰᠤᠷᠭᠠᠭᠤᠯᠢ ᠢ᠋ᠢᠨ ᠰᠤᠷᠤᠬᠴᠢᠳ ᠲᠸ᠋ ᠠᠯᠠᠭᠠᠳᠠᠬᠤ ᠪᠥᠮᠪᠥᠭᠡ᠂ ᠪᠢᠴᠢᠭ᠎ᠦᠨ ᠬᠡᠷᠡᠭᠰᠡᠯ᠂ ᠨᠣᠮ ᠪᠢᠴᠢᠭ ᠵᠡᠷᠭᠡ ᠲᠣᠬᠣᠨᠢᠭᠤᠯᠬᠤ ᠪᠣᠳᠠᠰ᠎ᠢ ᠬᠦᠷᠭᠡᠵᠦ᠂ ᠲᠡᠳᠡᠨ᠎ᠦ ᠰᠤᠷᠤᠯᠭ᠎ᠠ ᠠᠮᠢᠳᠤᠷᠠᠯ᠂ ᠳᠤᠷ᠎ᠠ ᠪᠠᠬ᠎ᠠ ᠪᠣᠯᠣᠨ ᠪᠡᠶ᠎ᠡ ᠮᠠᠬᠠᠪᠤᠳ᠎ᠤᠨ ᠪᠠᠢᠳᠠᠯ᠎ᠢ ᠬᠠᠯᠠᠮᠵᠢᠯᠠᠨ ᠠᠰᠠᠭᠤᠪᠠ᠃ ᠲᠣᠰ ᠤᠳᠠᠭᠠᠨ᠎ᠤ ᠲᠣᠬᠣᠨᠢᠭᠤᠯᠬᠤ ᠠᠵᠢᠯᠯᠠᠭ᠎ᠠ ᠨᠢ 111 ᠬᠡᠦᠬᠡᠳ᠎ᠲᠦ ᠬᠠᠯᠠᠮᠵᠢᠯᠠᠯ ᠪᠠ ᠵᠣᠷᠢᠭ᠍ᠵᠢᠭᠤᠯᠤᠯ ᠬᠦᠷᠭᠡᠵᠦ᠂ ᠬᠡᠦᠬᠡᠳ᠎ᠦᠳ᠎ᠲᠦ ᠬᠠᠢᠷ᠎ᠠ ᠬᠠᠯᠠᠮᠵᠢ᠎ᠶᠢᠨ ᠳᠤᠮᠳᠠ ᠬᠠᠯᠠᠭᠤᠨ ᠳᠤᠯᠠᠭᠠᠨ᠂ ᠬᠦᠴᠦᠨ ᠴᠢᠳᠠᠯ ᠬᠦᠷᠲᠡᠭᠡᠵᠦ᠂ ᠪᠡᠯᠡᠭ ᠲᠣᠰᠤᠬᠰᠠᠨ ᠬᠡᠦᠬᠡᠳ᠎ᠦᠳ᠎ᠦᠨ ᠴᠢᠷᠠᠢ᠎ᠳᠤ ᠪᠠᠶᠠᠷ᠎ᠤᠨ ᠢᠨᠢᠶᠡᠮᠰᠦᠭᠯᠡᠯ ᠲᠣᠳᠣᠷᠠᠪᠠ᠃

ᠱᠦᠨ ᠹᠸᠩ ᠠᠵᠢᠯᠴᠢᠨ᠎ᠤ ᠡᠪᠯᠡᠯ᠎ᠦᠨ ᠤᠯᠠᠭ᠎ᠠ ᠥᠷᠲᠡᠭᠡ᠎ᠳᠦ᠂ ᠲᠣᠬᠣᠨᠢᠭᠤᠯᠬᠤ ᠳᠤᠭᠤᠢᠯᠠᠩ᠎ᠤᠨ ᠬᠢᠨ ᠨᠢᠭᠡᠨᠲᠡ ᠠᠵᠢᠯᠴᠢᠨ᠎ᠤ ᠡᠪᠯᠡᠯ᠎ᠳᠤ ᠣᠷᠣᠭᠰᠠᠨ ᠰᠢᠨ᠎ᠡ ᠠᠵᠢᠯ ᠤᠯᠭᠤᠯᠲᠠ ᠢ᠋ᠢᠨ ᠬᠡᠯᠪᠡᠷᠢ ᠢ᠋ᠢᠨ ᠬᠦᠲᠡᠯᠮᠦᠷᠢᠴᠢᠨ᠎ᠦ 150 ᠦᠷ᠎ᠡ ᠬᠡᠦᠬᠡᠳ᠎ᠲᠦ ᠨᠠᠷᠢᠨ ᠨᠢᠮᠪᠠᠢ ᠪᠡᠯᠡᠳᠬᠡᠭᠰᠡᠨ ᠰᠤᠷᠤᠯᠭ᠎ᠠ᠎ᠶᠢᠨ ᠬᠡᠷᠡᠭᠰᠡᠯ ᠪᠠ ᠪᠡᠶ᠎ᠡ᠎ᠶᠢᠨ ᠲᠠᠮᠢᠷ᠎ᠤᠨ ᠬᠡᠷᠡᠭᠰᠡᠯ᠎ᠢ᠋ᠢᠡᠨ ᠬᠦᠷᠭᠡᠪᠡ᠃ ᠲᠤᠰ ᠪᠡᠯᠡᠭ ᠲᠸ᠋ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ ᠠ᠋ᠴᠠ ᠲᠦᠷᠭᠡᠨ ᠬᠦᠷᠭᠡᠭᠴᠢ᠂ ᠵᠠᠬᠢᠶᠠᠯᠠᠭ᠎ᠠ ᠶ᠋ᠢᠨ ᠪᠤᠳᠠᠰ ᠬᠦᠷᠭᠡᠭᠴᠢ᠂ ᠰᠦᠯᠵᠢᠶ᠎ᠡ᠎ᠪᠡᠷ ᠪᠣᠯᠵᠣᠬᠤ ᠲᠡᠷᠭᠡᠨ᠎ᠦ ᠵᠢᠯᠣᠭᠣᠴᠢ ᠵᠡᠷᠭᠡ ᠨᠢᠭᠡᠳᠦᠭᠡᠷ ᠹᠷᠣᠨᠲ᠎ᠤᠨ ᠬᠥᠳᠡᠯᠮᠦᠷᠢᠴᠢᠳ ᠲᠸ᠋ ᠬᠦᠷᠬᠡᠭᠰᠡᠨ ᠬᠠᠢᠷ᠎ᠠ ᠬᠠᠯᠠᠮᠵᠢ ᠵᠢ ᠠᠴᠢᠶᠠᠯᠠᠵᠠᠢ᠃

ᠲᠣᠰ ᠤᠳᠠᠭᠠᠨ᠎ᠤ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠂ ᠬᠥᠬᠡᠬᠣᠲᠠ ᠬᠣᠶᠠᠷ ᠱᠠᠲᠤᠨ᠎ᠤ ᠠᠵᠢᠯᠴᠢᠨ᠎ᠤ ᠡᠪᠯᠡᠯ᠎ᠡᠴᠡ ᠬᠠᠮᠵᠢᠯᠴᠠᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠨᠢ ᠬᠡᠦᠬᠡᠳ᠎ᠢ ᠬᠠᠯᠠᠮᠵᠢᠯᠠᠨ ᠬᠠᠢᠷᠠᠯᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠠᠵᠢᠯᠲᠠᠨ ᠠᠵᠢᠯᠴᠢᠨ᠎ᠤ ᠦᠷ᠎ᠡ ᠬᠡᠦᠬᠡᠳ᠎ᠦᠨ ᠰᠤᠷᠤᠯᠭ᠎ᠠ᠎ᠶᠢ ᠲᠡᠳᠬᠦᠵᠦ ᠬᠠᠪᠰᠤᠷᠤᠨ ᠲᠡᠳᠬᠦᠬᠦ᠂ ᠬᠥᠯᠥᠰᠦᠨ ᠠᠵᠢᠯᠴᠢᠨ᠎ᠤ ᠦᠷ᠎ᠡ ᠬᠡᠦᠬᠡᠳ ᠵᠢᠴᠢ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ᠎ᠦ ᠦᠷ᠎ᠡ ᠬᠡᠦᠬᠡᠳ᠎ᠢ ᠬᠠᠯᠠᠮᠵᠢᠯᠠᠨ ᠲᠣᠬᠣᠨᠢᠭᠤᠯᠬᠤ᠂ ᠬᠠᠢᠷ᠎ᠠ ᠬᠠᠯᠠᠮᠵᠢ ᠢ᠋ᠢᠨ ᠨᠠᠢᠳᠠᠨ ᠬᠠᠮᠢᠶᠠᠷᠤᠭᠤᠯᠵᠤ ᠨᠠᠢᠳᠠᠨ ᠬᠥᠮᠥᠵᠢᠭᠦᠯᠬᠦ᠂ ᠬᠡᠷ᠎ᠤᠨ ᠠᠬᠠᠮᠠᠳ ᠪᠠ ᠦᠷ᠎ᠡ ᠬᠡᠦᠬᠡᠳ᠎ᠤᠨ ᠵᠤᠰᠠᠯᠠᠩ ᠵᠡᠷᠭᠡ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠬᠡᠦᠬᠡᠳ᠎ᠦᠨ ᠰᠡᠳᠬᠢᠯ᠎ᠢ ᠰᠠᠬᠢᠨ ᠬᠠᠮᠠᠭᠠᠯᠠᠵᠤ᠂ ᠬᠠᠢᠷ᠎ᠠ ᠬᠠᠯᠠᠮᠵᠢ᠎ᠪᠠᠷ ᠦᠰᠦᠨ ᠪᠣᠶ᠋ᠢᠵᠢᠯᠲᠠ᠎ᠶᠢ ᠬᠠᠮᠠᠭᠠᠯᠠᠭᠰᠠᠭᠠᠷ ᠢᠷᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号