6 ᠰᠠᠷ᠎ᠠ᠎ᠶ᠋ᠢᠨ 1 ᠤ᠋ ᠡᠳᠦᠷ᠂ ᠴᠠᠩ ᠵᠧᠩ ᠠᠷᠪᠠᠨ ᠬᠣᠶᠠᠳᠤᠭᠠᠷ ᠬᠥᠬᠡᠭ᠌ᠴᠢᠨ ᠠᠯᠤᠰ ᠡᠵᠡᠮᠱᠢᠯᠲᠦ ᠨᠢᠭᠡᠳᠦᠭᠡᠷ ᠬᠥᠯᠭᠡ ᠲᠡᠢᠷᠦᠯᠲᠦ ᠰᠤᠮᠤ ᠶ᠋ᠢ ᠳ᠋ᠦᠩ ᠹᠸᠩ ᠬᠤᠳᠠᠯᠳᠤᠭᠠᠨ᠎ᠤ ᠰᠠᠨᠰᠠᠷ᠎ᠤᠨ ᠠᠶᠠᠯᠠᠯ ᠤᠨ ᠱᠢᠨ᠎ᠡ ᠶ᠋ᠢ ᠡᠭᠦᠳᠬᠦ᠌ ᠲᠤᠷᠱᠢᠯᠲᠠ᠎ᠶ᠋ᠢᠨ ᠣᠷᠣᠨ᠎ᠡᠴᠡ ᠬᠠᠷᠪᠤᠨ ᠭᠠᠷᠭᠠᠵᠤ᠂ ᠠᠴᠢᠶᠠᠯᠠᠭ᠍ᠰᠠᠨ ᠴᠢᠶᠠᠨ ᠹᠠᠨ ᠤᠳᠤᠨ ᠤᠷᠤᠨ᠎ᠤ ᠲᠤᠢᠯ᠎ᠤᠨ ᠲᠣᠭᠣᠷᠢᠯᠲᠠ᠎ᠶ᠋ᠢᠨ ᠵᠠᠮ᠎ᠤᠨ 08 ᠲᠤᠭᠤᠢᠯᠠᠩᠳᠠᠭᠠᠭᠤᠯᠢ ᠣᠲᠣ᠎ᠶ᠋ᠢ ᠵᠢᠱ᠌ᠢᠭ᠌ᠰᠡᠨ ᠲᠣᠭᠣᠷᠢᠯᠲᠠ᠎ᠶ᠋ᠢᠨ ᠵᠠᠮ᠎ᠳᠤ ᠤᠷᠤᠭ᠍ᠰᠢᠲᠠᠶ᠎ᠪᠠᠷ ᠬᠦᠷᠭᠡᠵᠦ᠍᠂ ᠨᠢᠰᠦᠯᠲᠡ᠎ᠶ᠋ᠢᠨ ᠲᠤᠷᠱᠢᠯᠲᠠ᠎ᠶ᠋ᠢᠨ ᠡᠭᠦᠷᠭᠡ ᠲᠡᠭᠦᠰ ᠠᠮᠵᠢᠯᠲᠠ ᠤᠯᠪᠠ᠃
ᠴᠠᠩ ᠵᠧᠩ ᠠᠷᠪᠠᠨ ᠬᠣᠶᠠᠳᠤᠭᠠᠷ ᠬᠥᠬᠡᠭ᠌ᠴᠢᠨ ᠬᠥᠯᠭᠡ ᠲᠡᠢ᠌ᠷᠦᠯᠳᠦ ᠰᠤᠮᠤ ᠪᠣᠯ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠦᠯᠦᠭ᠌ᠯᠡᠯ᠎ᠦᠨ ᠬᠤᠳᠠᠯᠳᠤᠭᠠᠨ ᠤ ᠲᠡᠢ᠌ᠷᠦᠯᠳᠦ ᠰᠤᠮᠤ᠎ᠶ᠋ᠢᠨ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠦᠢᠯᠡᠳᠦᠭ᠌ᠰᠡᠨ ᠱᠢᠨ᠎ᠡ ᠨᠢᠭᠡ ᠦᠶ᠎ᠡ᠎ᠶ᠋ᠢᠨ ᠲᠠᠩ ᠴᠠᠬᠢᠮ᠎ᠤᠨ ᠲᠡᠰ᠎ᠤᠨ ᠲᠦᠷᠪᠡᠨ ᠮᠸᠲᠷ᠎ᠤᠨ ᠲᠡᠰ᠎ᠤᠨ ᠲᠠᠬᠢᠨ ᠳᠠᠪᠲᠠᠨ ᠬᠡᠷᠡᠭ᠌ᠯᠡᠵᠦ᠍ ᠪᠤᠯᠬᠤ ᠬᠥᠯᠭᠡ ᠲᠡᠢ᠌ᠷᠦᠯᠳᠦ ᠰᠤᠮᠤ ᠪᠣᠯᠤᠨ᠎ᠠ᠂ ᠭᠣᠣᠯᠳᠠᠭᠤ ᠮᠠᠨ᠎ᠤ ᠤᠯᠤᠰ ᠤᠨ ᠶᠡᠬᠡ ᠬᠡᠪᠴᠢᠶᠡᠨ᠎ᠦ ᠢᠨᠲ᠋ᠸᠷ ᠰᠦᠯᠵᠢᠶᠡᠨ᠎ᠦ ᠤᠳᠤᠨ ᠣᠷᠣᠨ᠎ᠤ ᠲᠣᠣᠷ ᠢ ᠪᠦᠷᠢᠯᠳᠦᠭᠦᠯᠬᠦ᠌ ᠵᠡᠷᠭᠡ ᠬᠤᠳᠠᠯᠳᠤᠭᠠᠨ᠎ᠤ ᠬᠠᠷᠪᠤᠯᠲᠠ᠎ᠶ᠋ᠢᠨ ᠬᠡᠷᠡᠭ᠌ᠴᠡᠭᠡ᠎ᠳᠦ ᠬᠠᠨᠳᠤᠭᠤᠯᠤᠨ᠎ᠠ᠃
ᠲᠡᠢ᠌ᠷᠦᠯᠳᠦ ᠰᠤᠮᠤ ᠨᠢ ᠬᠣᠶᠠᠷ ᠳᠡᠰ᠎ᠤᠨ ᠪᠦᠲᠦᠴᠡ ᠵᠢᠴᠢ ᠪᠦᠷᠢᠨ ᠱᠢᠩᠭᠡᠨ ᠬᠦᠴᠢᠯᠲᠥ᠋ᠷᠥᠭ᠌ᠴᠢ᠎ᠲᠦ ᠨᠡᠭᠦᠷᠡᠰᠦᠨ ᠲᠤᠰᠤᠨ᠎ᠤ ᠬᠥᠳᠡᠯᠭᠡᠬᠦ᠌ ᠬᠦᠴᠦᠨ᠎ᠦ ᠲᠥᠰᠦᠯ᠎ᠢ ᠬᠡᠷᠡᠭ᠌ᠯᠡᠵᠦ᠍᠂ ᠪᠦᠬᠦ ᠥᠨᠳᠥᠷ ᠨᠢ ᠪᠠᠷᠤᠭ 72 ᠮᠸᠲᠷ᠂ ᠳ᠋ᠢᠶᠠᠮᠧᠲ᠋ᠷ ᠨᠢ 4.37 ᠮᠸᠲᠷ ᠪᠠᠢᠵᠤ᠂ ᠤᠯᠠᠨ ᠲᠣᠭᠣᠷᠢᠯᠲᠠ᠎ᠶ᠋ᠢᠨ ᠵᠠᠮ᠎ᠤᠨ ᠡᠭᠦᠷᠭᠡ᠎ᠳᠤ ᠵᠣᠬᠢᠴᠠᠬᠤ ᠴᠢᠳᠠᠪᠤᠷᠢ᠎ᠲᠠᠶ᠃ ᠲᠣᠰ ᠲᠡᠢᠷᠦᠯᠲᠦ ᠰᠤᠮᠤ ᠨᠢ ᠶᠡᠷᠦᠩᠬᠡᠶ ᠪᠠᠢᠷᠢᠯᠠᠭᠤᠯᠤᠯᠲᠠ᠎ᠪᠠᠨ ᠱᠢᠯᠢᠳᠡᠭ᠌ᠵᠢᠭᠦᠯᠵᠦ᠍᠂ ᠨᠢᠭᠡ ᠴᠣᠭ᠍ᠴᠠᠵᠢᠭᠤᠯᠤᠭ᠍ᠰᠠᠨ ᠰᠡᠭᠦᠯ᠎ᠦᠨ ᠬᠡᠰᠡᠭ᠎ᠦᠨ ᠵᠢᠷᠤᠭ ᠲᠥᠯᠥᠪᠯᠡᠭᠡ ᠵᠡᠷᠭᠡ ᠱᠢᠨ᠎ᠡ᠎ᠶ᠋ᠢ ᠡᠭᠦᠳᠬᠦ᠌ ᠵᠢᠷᠤᠭ ᠲᠥᠯᠥᠪᠯᠡᠭᠡ᠎ᠶ᠋ᠢ ᠬᠡᠷᠡᠭ᠌ᠯᠡᠵᠦ᠍᠂ ᠲᠡᠯᠡᠬᠡᠢ ᠵᠢᠨ ᠪᠥᠮᠪᠥᠷᠴᠡᠭ᠎ᠡᠴᠡ ᠣᠢᠷ᠎ᠠ ᠲᠣᠭᠣᠷᠢᠯᠲᠠ᠎ᠶ᠋ᠢᠨ ᠵᠠᠮ᠎ᠤᠨ ᠠᠴᠢᠶᠠᠯᠠᠬᠤ ᠴᠢᠳᠠᠪᠤᠷᠢ᠎ᠨᠢ 20 ᠲᠣᠨ᠎ᠤ ᠲᠠᠰ᠎ᠲᠤ ᠬᠦᠷᠴᠦ᠍᠂ ᠣᠳᠣᠬᠠᠨ᠎ᠤ ᠮᠠᠨ᠎ᠤ ᠤᠯᠤᠰ᠎ᠤᠨ ᠠᠴᠢᠶᠠᠯᠠᠬᠤ ᠴᠢᠳᠠᠪᠤᠷᠢ ᠪᠡᠷ ᠬᠠᠮᠤᠭ᠎ᠤᠨ ᠶᠡᠬᠡ ᠲᠠᠩ ᠴᠠᠬᠢᠮ᠎ᠤᠨ ᠲᠠᠰ᠎ᠤᠨ ᠲᠡᠢᠷᠦᠯᠲᠦ ᠰᠤᠮᠤ ᠪᠣᠯᠤᠨ᠎ᠠ᠃
ᠬᠡᠯᠪᠡᠷᠢ ᠮᠠᠶᠢᠭ᠎ᠢ ᠰᠤᠳᠤᠯᠤᠨ ᠦᠶ᠋ᠯᠡᠳᠬᠦ᠌ ᠬᠠᠷᠢᠭᠤᠴᠠᠯᠭᠠᠲᠠᠨ᠂ ᠲᠡᠢᠷᠦᠯᠲᠦ ᠰᠤᠮᠤ᠎ᠨᠢ ᠭᠡᠮᠲᠦᠯ᠎ᠢ ᠣᠨᠣᠱᠢᠯᠠᠬᠤ ᠪᠠ ᠳᠠᠬᠢᠨ ᠴᠣᠭ᠍ᠴᠠᠯᠠᠬᠤ ᠴᠢᠳᠠᠮᠵᠢ᠎ᠲᠠᠶ ᠨᠢᠰᠦᠯᠲᠡ᠎ᠶ᠋ᠢ ᠡᠵᠡᠮᠳᠡᠬᠦ᠌ ᠵᠥᠭᠡᠯᠡᠨ ᠲᠣᠨᠣᠭ᠎ᠢ ᠠᠴᠢᠶᠠᠯᠠᠵᠤ᠂ ᠨᠢᠰᠭᠦ ᠶᠠᠪᠤᠴᠠ᠎ᠳᠠᠭᠠᠨ ᠪᠡᠶ᠎ᠡ᠎ᠪᠡᠨ ᠳᠠᠭᠠᠭᠠᠵᠤ ᠬᠡᠪ᠎ᠦᠨ ᠪᠤᠰᠤ ᠪᠠᠢᠳᠠᠯ᠎ᠢ ᠠᠷᠭᠠᠴᠠᠭᠠᠵᠤ᠂ ᠡᠭᠦᠷᠭᠡ᠎ᠶ᠋ᠢᠨ ᠨᠠᠢᠳᠠᠪᠤᠷᠢᠲᠤ ᠴᠢᠨᠠᠷ᠎ᠢ ᠳᠡᠭᠡᠭ᠌ᠰᠢᠯᠡᠭᠦᠯᠵᠦ ᠴᠢᠳᠠᠨ᠎ᠠ᠃ ᠡᠭᠦᠨ᠎ᠦ ᠬᠠᠮᠲᠤ᠂ ᠬᠡᠢ ᠤᠷᠤᠭᠤᠯᠬᠤ ᠮᠠᠶᠢᠭ᠎ᠤᠨ ᠲᠠᠷᠤᠯᠲᠠ ᠬᠠᠳᠠᠭᠠᠯᠠᠬᠤ ᠮᠠᠰᠢᠨ᠎ᠤ ᠮᠡᠷᠭᠡᠵᠢᠯ᠎ᠢ ᠰᠢᠨ᠎ᠡ ᠵᠢ ᠡᠭᠦᠳᠦᠨ ᠬᠡᠷᠡᠭ᠌ᠯᠡᠵᠦ᠍᠂ ᠱᠢᠰᠲ᠋ᠧᠮ᠎ᠦᠨ ᠲᠠᠯ᠎ᠠ᠎ᠡᠴᠡ ᠨᠢᠰᠦᠯᠲᠡ᠎ᠶ᠋ᠢᠨ ᠠᠮᠤᠷ ᠲᠦᠪᠱᠢᠨ᠎ᠢ ᠴᠢᠩᠭᠠᠳᠭᠠᠵᠠᠢ ᠭᠡᠵᠦ ᠲᠠᠨᠢᠯᠴᠠᠭᠤᠯᠪᠠ᠃
ᠰᠤᠳᠤᠯᠤᠨ ᠦᠶ᠋ᠯᠡᠳᠬᠦ᠌ ᠦᠷ᠎ᠡ ᠪᠦᠲᠦᠮᠵᠢ᠎ᠶ᠋ᠢᠨ ᠲᠠᠯ᠎ᠠ᠎ᠪᠠᠷ᠂ ᠪᠦᠯᠬᠦᠮ᠎ᠦᠨ᠎ᠬᠢᠨ 21 ᠰᠠᠷ᠎ᠠ ᠵᠢᠨ ᠬᠤᠭᠤᠴᠠᠭ᠎ᠠ ᠵᠠᠷᠤᠴᠠᠭᠤᠯᠵᠤ ᠪᠠᠢᠭᠠᠳ ᠵᠢᠷᠤᠭ ᠲᠥᠯᠥᠪᠯᠡᠭᠡ᠎ᠡᠴᠡ ᠠᠩᠬ᠎ᠠ ᠨᠢᠰᠭᠦ ᠬᠦᠷᠲᠡᠯᠡᠬᠢ ᠪᠥᠬᠥ᠌ ᠶᠠᠪᠤᠴᠠ᠎ᠶ᠋ᠢᠨ ᠠᠵᠢᠯ᠎ᠢ ᠪᠡᠶᠡᠯᠡᠭᠦᠯᠵᠦ᠂ ᠲᠣᠭᠠᠴᠢᠯᠠᠭ᠍ᠰᠠᠨ ᠬᠠᠮᠵᠢᠯᠴᠠᠭ᠎ᠠ᠎ᠶ᠋ᠢᠨ ᠵᠢᠷᠤᠭ ᠲᠥᠯᠥᠪᠯᠡᠭᠡ᠎ᠪᠡᠷ ᠶᠡᠷᠦᠩᠬᠡᠶ ᠤᠭ᠍ᠰᠠᠷᠠᠯᠲᠠ᠎ᠶ᠋ᠢᠨ ᠱᠢᠯᠭᠠᠯᠲᠠ᠎ᠶ᠋ᠢᠨ ᠦᠶᠡᠯᠡᠯ᠎ᠤᠨ ᠬᠤᠭᠤᠴᠠᠭ᠎ᠠ ᠵᠢ ᠪᠣᠭᠣᠨᠢᠰᠭᠠᠪᠠ᠃ ᠬᠠᠷᠪᠤᠯᠲᠠ᠎ᠶ᠋ᠢᠨ ᠲᠠᠯ᠎ᠠ ᠪᠡᠷ ᠣᠯᠠᠨ ᠵᠦᠢᠯ᠎ᠤᠨ ᠲᠦᠯᠬᠢᠭ᠌ᠴᠢ ᠡᠳ᠋ ᠬᠡᠷᠡᠭᠯᠡᠵᠦ ᠪᠤᠯᠬᠤ ᠪᠠ ᠴᠢᠳᠠᠪᠤᠷᠢ ᠪᠡᠨ ᠲᠦᠷᠭᠡᠨ ᠰᠡᠷᠭᠦᠭᠡᠬᠦ᠌ ᠵᠢ ᠬᠠᠪᠰᠤᠷᠭᠠᠭᠰᠠᠨ ᠥᠪᠡᠰᠦᠪᠡᠨ ᠪᠠᠢᠭᠤᠯᠵᠤ ᠰᠤᠳᠤᠯᠤᠨ ᠲᠤᠷᠱᠢᠬᠤ ᠠᠵᠢᠯ᠎ᠤᠨ ᠪᠠᠢᠷᠢ᠎ᠶ᠋ᠢ ᠬᠡᠷᠡᠭ᠌ᠯᠡᠵᠦ᠍᠂ ᠬᠠᠷᠪᠤᠯᠲᠠ᠎ᠶ᠋ᠢᠨ ᠦᠶᠡᠯᠡᠯ᠎ᠤᠨ ᠬᠤᠭᠤᠴᠠᠭ᠎ᠠ ᠵᠢ ᠪᠦᠲᠦᠮᠵᠢᠲᠡᠶ ᠪᠣᠭᠣᠨᠢᠰᠭᠠᠪᠠ᠃
ᠡᠭᠦᠨ᠎ᠡᠴᠡ ᠭᠠᠳᠠᠨ᠎ᠠ᠂ ᠲᠡᠢᠷᠦᠯᠲᠦ ᠰᠤᠮᠤ ᠨᠢ ᠥᠪᠡᠷ᠎ᠦᠨ ᠥᠷᠲᠡᠭ᠎ᠢ ᠬᠢᠵᠠᠭᠠᠷᠯᠠᠬᠤ ᠲᠠᠯ᠎ᠠ᠎ᠪᠠᠷ᠂ ᠬᠠᠩᠭᠠᠯᠭ᠎ᠠ᠎ᠶ᠋ᠢᠨ ᠬᠡᠯᠬᠢᠶᠡᠨ ᠦ ᠱᠢᠰᠲ᠋ᠧᠮ᠎ᠢ ᠱᠢᠯᠢᠳᠡᠭ᠌ᠵᠢᠭᠦᠯᠬᠦ᠌᠂ ᠮᠠᠰᠢᠨ ᠲᠡᠷᠭᠡᠨ᠎ᠦ ᠪᠠᠷᠢᠮᠵᠢᠶ᠎ᠠ ᠵᠢᠨ ᠲᠠᠰ᠎ᠤᠨ ᠰᠡᠯᠪᠢᠭ ᠢᠬᠡᠷᠡᠭ᠌ᠯᠡᠬᠦ᠌ ᠵᠡᠷᠭᠡ᠎ᠶ᠋ᠢ ᠪᠠᠭ᠍ᠲᠠᠭᠠᠭ᠍ᠰᠠᠨ ᠣᠯᠠᠨ ᠲᠠᠯ᠎ᠠ᠎ᠶ᠋ᠢᠨ ᠰᠥᠪᠡᠭ᠌ᠴᠢᠯᠡᠯᠲᠡ ᠬᠢᠵᠦ᠍᠂ ᠥᠪᠡᠷ ᠦᠨ ᠥᠷᠲᠡᠭ ᠢ ᠪᠠᠭᠤᠷᠠᠭᠤᠯᠬᠤ᠎ᠶ᠋ᠢ ᠠᠬᠢᠭᠤᠯᠪᠠ᠃
ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠦᠯᠦᠭ᠌ᠯᠡᠯ᠎ᠦᠨ ᠬᠤᠳᠠᠯᠳᠤᠭᠠᠨ᠎ᠤ ᠲᠡᠢ᠌ᠷᠦᠯᠳᠦ ᠰᠤᠮᠤ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ᠂ ᠴᠠᠩ ᠵᠧᠩ ᠠᠷᠪᠠᠨ ᠬᠣᠶᠠᠳᠤᠭᠠᠷ ᠬᠥᠬᠡᠭ᠌ᠴᠢᠨ ᠬᠥᠯᠭᠡ ᠲᠡᠢ᠌ᠷᠦᠯᠳᠦ ᠰᠤᠮᠤ ᠠᠮᠵᠢᠯᠲᠠ᠎ᠲᠠᠶ᠎ᠪᠠᠷ ᠠᠰᠢᠭᠯᠠᠯᠲᠠ᠎ᠳᠤ ᠣᠷᠣᠵᠤ᠂ ᠲᠠᠷᠠᠭᠠᠴᠢ᠎ᠶ᠋ᠢᠨ ᠥᠨᠳᠥᠷ ᠲᠠᠪᠲᠠᠮᠵᠢ᠎ᠲᠠᠶ ᠬᠠᠷᠪᠤᠯᠲᠠ ᠪᠠ ᠶᠡᠬᠡ ᠬᠡᠪᠴᠢᠶᠡᠨ᠎ᠦ ᠤᠳᠤᠨ ᠣᠷᠣᠨ᠎ᠤ ᠲᠣᠣᠷ᠎ᠢ ᠪᠦᠷᠢᠯᠳᠦᠭᠦᠯᠬᠦ᠎ᠳᠤ ᠱᠢᠨ᠎ᠡ ᠠᠴᠢᠶᠠᠯᠠᠬᠤ ᠴᠢᠳᠠᠪᠤᠷᠢ᠎ᠶ᠋ᠢᠨ ᠲᠤᠯᠭᠠᠭᠤᠷᠢᠯᠠᠯ ᠬᠠᠩᠭᠠᠵᠤ᠂ ᠺᠣᠮᠫᠠᠨᠢ ᠶᠠᠭ ᠳᠠᠪᠲᠠᠨ ᠬᠡᠷᠡᠭ᠌ᠯᠡᠬᠦ᠌ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠲᠣᠭ᠍ᠲᠠᠭᠤᠨ᠎ᠢᠶᠠᠷ ᠠᠬᠢᠭᠤᠯᠵᠤ᠂ ᠬᠠᠷᠪᠤᠯᠲᠠ᠎ᠶ᠋ᠢᠨ ᠦᠢᠯᠡᠴᠢᠯᠡᠭᠡᠨ᠎ᠦ ᠦᠷ᠎ᠡ ᠪᠦᠲᠦᠮᠵᠢ ᠪᠠ ᠠᠮᠢᠳᠤᠯᠢᠭ ᠴᠢᠨᠠᠷ᠎ᠢ ᠳᠡᠭᠡᠭ᠌ᠰᠢᠯᠡᠭᠦᠯᠵᠦ᠍ ᠪᠠᠢᠨ᠎ᠠ ᠭᠡᠵᠦ᠍ ᠢᠯᠡᠳᠭᠡᠪᠡ᠃
(ᠰᠢᠨᠬᠤᠸᠠ ᠬᠤᠷᠢᠶ᠎ᠠ ᠵᠢᠨ ᠪᠡᠭᠡᠵᠢᠩ᠎ᠤᠨ ᠴᠠᠬᠢᠯᠭᠠᠨ ᠮᠡᠳᠡᠭᠡ)