ᠥᠪᠥᠷ ᠮᠣᠩᠭᠣᠯ᠎ᠤᠨ ᠶᠡᠬᠡ ᠰᠤᠷᠭᠠᠭᠤᠯᠢ ᠲᠦᠷᠦᠬᠦᠬᠡᠨ 《ᠬᠥᠳᠡᠯᠮᠦᠷᠢ᠎ᠶᠢᠨ ᠵᠢᠱ᠌ᠢᠶᠡᠴᠢ ᠤᠷᠠᠨ ᠳᠠᠷᠬᠠᠨ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ》 ᠠᠵᠢᠯᠯᠠᠭ᠎ᠠ ᠥᠷᠨᠢᠭᠦᠯᠵᠦ᠂ ᠥᠪᠥᠷ ᠮᠣᠩᠭᠣᠯ᠎ᠤᠨ ᠨᠢᠭᠡᠳᠦᠭᠡᠷ ᠮᠠᠰᠢᠨ ᠮᠧᠬᠠᠨᠢᠭ᠋᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠳᠠ ᠴᠧᠩ ᠲᠣᠨᠣᠭᠯᠠᠯ ᠦᠢᠯᠡᠳᠬᠦ ᠺᠣᠮᠫᠠᠨᠢ᠎ᠶᠢᠨ ᠳᠡᠭᠡᠳᠦ ᠵᠡᠷᠭᠡ᠎ᠶᠢᠨ ᠭᠠᠩᠨᠠᠬᠤ ᠮᠡᠷᠭᠡᠵᠢᠯᠲᠡᠨ ᠯᠦ᠍ ᠷᠧᠨ ᠹᠧᠩ᠎ᠢ ᠤᠷᠢᠵᠤ ᠪᠠᠭ᠍ᠰᠢ ᠰᠤᠷᠤᠭ᠍ᠴᠢᠳ᠎ᠤᠨ ᠲᠥᠯᠥᠭᠡᠯᠡᠭᠴᠢ᠎ᠳᠦ ᠲᠤᠰᠬᠠᠢ ᠮᠡᠳᠡᠭᠦᠯᠦᠯᠲᠡ ᠬᠢᠯᠭᠡᠪᠡ᠃
ᠮᠡᠳᠡᠬᠦᠯᠦᠯᠳᠡ ᠳ᠋ᠤ᠂ 《ᠲᠣᠮᠣ᠌ ᠤᠯᠤᠰ᠎ᠤᠨ ᠤᠷᠠᠨ ᠳᠠᠷᠬᠠᠨ》 ᠯᠦ᠍ ᠷᠧᠨ ᠹᠧᠩ ᠬᠥᠳᠡᠯᠮᠦᠷᠢ᠎ᠶᠢᠨ ᠵᠢᠱ᠌ᠢᠶᠡᠴᠢ᠎ᠶᠢᠨ ᠵᠣᠷᠢᠭ᠋ ᠰᠠᠨᠠᠭ᠎ᠠ᠂ ᠬᠥᠳᠡᠯᠮᠦᠷᠢ᠎ᠶᠢᠨ ᠵᠣᠷᠢᠭ᠋ ᠰᠠᠨᠠᠭ᠎ᠠ᠂ ᠤᠷᠠᠨ ᠳᠠᠷᠬᠠᠨ᠎ᠤ ᠵᠣᠷᠢᠭ᠋ ᠰᠠᠨᠠᠭ᠎ᠠ᠎ᠶᠢ ᠬᠡᠷᠬᠢᠨ ᠪᠠᠳᠠᠷᠠᠭᠤᠯᠵᠤ᠂ 《ᠤᠷᠠᠨ ᠳᠠᠷᠬᠠᠨ᠎ᠤ ᠲᠠᠪᠤᠨ ᠴᠢᠳᠠᠪᠤᠷᠢ》 ᠵᠢ ᠦᠢᠯᠡᠳᠦᠯᠬᠡᠵᠢᠬᠦᠯᠬᠦ ᠪᠡᠷ ᠭᠣᠣᠯ ᠰᠢᠵᠢᠮ ᠪᠤᠯᠭᠠᠵᠤ᠂ 40 ᠭᠠᠷᠤᠢ ᠵᠢᠯᠴᠡᠷᠢᠭᠦᠨ ᠠᠵᠤ ᠦᠢᠯᠡᠳᠪᠦᠷᠢ᠎ᠶᠢᠨ ᠭᠠᠩᠨᠠᠬᠤ ᠠᠵᠢᠯ᠎ᠤᠨ ᠪᠠᠢᠷᠢ᠎ᠶᠢ ᠪᠠᠲᠤ ᠰᠠᠬᠢᠵᠤ᠂ ᠰᠢᠮᠳᠠᠨ ᠰᠤᠳᠤᠯᠵᠤ᠂ ᠤᠷ᠎ᠠ ᠮᠡᠷᠭᠡᠵᠢᠯ᠎ᠦᠨ ᠪᠤᠭᠤᠮᠢ᠎ᠶᠢ ᠵᠣᠷᠢᠭ᠍ᠲᠠᠢ᠎ᠪᠠᠷ ᠰᠢᠪᠲᠤᠯᠵᠤ᠂ ᠠᠵᠢᠯ᠎ᠤᠨ ᠪᠠᠢᠷᠢ ᠳ᠋ᠠᠭᠠᠨ ᠰᠢᠨ᠎ᠡ᠎ᠶᠢ ᠡᠭᠦᠳᠦᠨ ᠬᠤᠪᠢ ᠨᠡᠮᠡᠷᠢ ᠦᠵᠡᠭᠦᠯᠬᠦ ᠪᠡᠷ ᠵᠢᠳᠬᠦᠨ ᠴᠢᠷᠮᠠᠢᠭᠰᠠᠨ ᠦᠩᠬᠡᠷᠡᠯᠳᠡ ᠪᠠᠨ ᠪᠠᠭᠰᠢ ᠰᠤᠷᠤᠭᠴᠢ ᠯᠤᠭ᠎ᠠ ᠬᠤᠪᠢᠶᠠᠯᠴᠠᠵᠠᠢ᠃ ᠮᠡᠳᠡᠭᠦᠯᠦᠯᠲᠡ ᠵᠢᠨ ᠳᠠᠷᠠᠭ᠎ᠠ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠵᠠᠯᠠᠭᠤ ᠰᠤᠷᠤᠭ᠍ᠴᠢᠳ 《ᠲᠣᠮᠣ᠌ ᠤᠯᠤᠰ᠎ᠤᠨ ᠤᠷᠠᠨ ᠳᠠᠷᠬᠠᠨ》 ᠭᠡᠬᠦ ᠰᠢᠯᠦᠭ ᠳᠠᠭᠤᠯᠠᠯ᠎ᠢ ᠬᠠᠮᠳᠤ ᠤᠶᠠᠩᠭᠠᠯᠠᠵᠤ᠂ ᠥᠯᠢᠭᠡᠷ ᠳᠠᠭᠤᠷᠢᠶᠠᠯ᠎ᠤᠨ ᠬᠦᠴᠦᠨ᠎ᠢ ᠮᠠᠭᠲᠠᠨ ᠰᠠᠢᠰᠢᠶᠠᠪᠠ᠃
《ᠯᠦ᠍ ᠷᠧᠨ ᠹᠧᠩ ᠶᠡᠬᠡ ᠪᠠᠭ᠍ᠰᠢᠳᠠᠨ᠎ᠤ ᠦᠯᠢᠭᠡᠷ᠎ᠢ ᠰᠣᠨᠣᠰᠤᠭᠠᠳ ᠬᠦᠨᠳᠦᠳᠬᠡᠨ ᠪᠢᠰᠢᠷᠡᠬᠦ ᠰᠡᠳᠬᠢᠯᠭᠡ ᠦᠪᠡᠷ᠎ᠤᠨ ᠡᠷᠬᠡ ᠦᠭᠡᠢ ᠲᠦᠷᠦᠭᠳᠡᠪᠡ᠃ ᠲᠡᠷᠡ ᠪᠡᠷ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ ᠡᠭᠡᠯ ᠪᠤᠰᠤ᠎ᠶᠢᠨ ᠠᠮᠵᠢᠯᠳᠠ ᠵᠢ ᠪᠢᠴᠢᠭᠯᠡᠵᠦ᠂ 〈ᠲᠣᠮᠣ᠌ ᠤᠯᠤᠰ᠎ᠤᠨ ᠤᠷᠠᠨ ᠲᠠᠷᠬᠠᠨ〉 ᠤ᠋ ᠠᠵᠢᠯ᠎ᠤᠨ ᠪᠠᠢᠷᠢ ᠪᠠᠨ ᠪᠠᠲᠤ ᠰᠠᠬᠢᠬᠤ ᠪᠠᠷᠢᠮᠳᠠᠯᠠᠯ ᠵᠢᠴᠢ ᠴᠡᠷᠢᠭ᠎ᠦᠨ ᠠᠵᠤ ᠦᠢᠯᠡᠳᠪᠦᠷᠢ᠎ᠶᠢᠨ ᠦᠢᠯᠡᠰ᠎ᠲᠤ᠌ ᠴᠢᠩ ᠦᠨᠡᠨᠴᠢ ᠬᠠᠢᠷ᠎ᠠ ᠰᠡᠳᠬᠢᠯᠭᠡ ᠪᠣᠯᠣᠨ ᠡᠭᠦᠷᠭᠡᠯᠡᠯ ᠬᠠᠷᠢᠭᠤᠴᠠᠯᠭ᠎ᠠ ᠳᠠᠢ ᠪᠠᠢᠬᠤ ᠵᠢ ᠦᠨᠡᠨᠬᠦ ᠢᠯᠡᠷᠡᠬᠦᠯᠵᠡᠢ᠃ ᠢᠷᠡᠭᠡᠳᠦᠢ᠎ᠳᠦ᠂ ᠪᠢ ᠤᠷᠠᠨ ᠳᠠᠷᠬᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠵᠤ᠂ ᠰᠣᠷᠣᠭᠰᠠᠨ ᠮᠡᠳᠡᠯᠭᠡ ᠪᠣᠯᠣᠨ ᠠᠵᠢᠯ᠎ᠤᠨ ᠪᠠᠢᠷᠢ᠎ᠶᠢᠨ ᠦᠢᠯᠡᠳᠦᠯᠭᠡ᠎ᠲᠠᠢ ᠪᠠᠨ ᠨᠢᠭ᠍ᠲᠠ ᠤᠶᠠᠯᠳᠤᠭᠤᠯᠵᠤ᠂ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠵᠠᠯᠠᠭᠤᠴᠤᠳ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠵᠠᠮ ᠬᠠᠷᠢᠯᠴᠠᠭᠠᠨ᠎ᠤ ᠳᠡᠭᠡᠳᠦ ᠰᠤᠷᠭᠠᠭᠤᠯᠢ᠎ᠶᠢᠨ ᠮᠧᠬᠠᠨᠢᠭ᠋᠎ᠤᠨ ᠢᠨᠵᠧᠨᠧᠷᠢᠩ᠎ᠦᠨ ᠰᠠᠯᠪᠤᠷᠢ᠎ᠶᠢᠨ ᠠᠰᠫᠢᠷᠠᠨᠲ ᠢᠦᠢ ᠰᠤ᠌ ᠰᠤ᠌ ᠶᠠᠷᠢᠪᠠ᠃
《〈ᠬᠥᠳᠡᠯᠮᠦᠷᠢ᠎ᠶᠢᠨ ᠵᠢᠱ᠌ᠢᠶᠡᠴᠢ ᠤᠷᠠᠨ ᠳᠠᠷᠬᠠᠨ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ〉 ᠪᠣᠯ ᠮᠠᠨ᠎ᠤ ᠰᠤᠷᠭᠠᠭᠤᠯᠢ᠎ᠶᠢᠨ ᠬᠥᠳᠡᠯᠮᠦᠷᠢ᠎ᠶᠢᠨ ᠬᠥᠮᠦᠵᠢᠯ᠎ᠦᠨ ᠴᠢᠬᠤᠯᠠ ᠪᠦᠷᠢᠯᠳᠦᠭᠦᠨ ᠬᠡᠰᠡᠭ ᠮᠥᠨ᠃ ᠡᠨᠡ ᠬᠦ᠌ ᠠᠵᠢᠯᠯᠠᠭ᠎ᠠ ᠪᠡᠷ ᠲᠠᠮᠵᠢᠨ ᠰᠤᠷᠤᠭ᠍ᠴᠢᠳ᠎ᠢ ᠬᠦᠳᠦᠯᠦᠨ ᠵᠢᠯᠤᠭᠤᠳᠴᠤ᠂ ᠬᠥᠳᠡᠯᠮᠦᠷᠢ ᠪᠣᠯ ᠬᠠᠮᠤᠭ᠎ᠤᠨ ᠥᠩᠭᠡ ᠭᠡᠷᠡᠯᠲᠡᠢ᠂ ᠬᠥᠳᠡᠯᠮᠦᠷᠢ ᠪᠣᠯ ᠬᠠᠮᠤᠭ᠎ᠤᠨ ᠡᠷᠬᠢᠮ ᠳᠡᠭᠡᠳᠦ᠂ ᠬᠥᠳᠡᠯᠮᠦᠷᠢ ᠪᠣᠯ ᠬᠠᠮᠤᠭ᠎ᠤᠨ ᠠᠭᠤᠤ ᠶᠡᠬᠡ᠂ ᠬᠥᠳᠡᠯᠮᠦᠷᠢ ᠪᠣᠯ ᠬᠠᠮᠤᠭ᠎ᠤᠨ ᠭᠣᠶᠣ᠌ ᠰᠠᠢᠬᠠᠨ ᠭᠡᠬᠦ ᠦᠵᠡᠯᠲᠡ ᠶ᠋ᠢ ᠪᠠᠲᠤ ᠪᠤᠶ ᠪᠤᠯᠭᠠᠵᠤ᠂ ᠤᠷᠠᠨ ᠲᠠᠷᠬᠠᠨ᠎ᠤ ᠵᠣᠷᠢᠭ᠋ ᠰᠠᠨᠠᠭ᠎ᠠ᠎ᠶᠢ ᠲᠤᠰᠬᠠᠢ ᠮᠡᠷᠭᠡᠵᠢᠯ᠎ᠦᠨ ᠰᠤᠷᠤᠯᠴᠠᠯᠭ᠎ᠠ ᠪᠣᠯᠣᠨ ᠠᠮᠢᠳᠤᠷᠠᠬᠤᠢ ᠵᠢᠨ ᠲᠥᠯᠦᠪᠵᠢᠭᠦᠯᠭᠡᠳ᠋ᠡᠭᠡᠨ ᠠᠭᠤᠰᠤᠯᠴᠠᠭᠤᠯᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠵᠢ ᠪᠡᠶᠡᠯᠡᠬᠦᠯᠬᠦ ᠠᠭᠤᠤ ᠶᠡᠬᠡ ᠠᠶᠠᠨ᠎ᠳᠤ ᠵᠠᠯᠠᠭᠤ ᠨᠠᠰᠤᠨ᠎ᠤ ᠬᠡᠷᠡᠯ ᠭᠢᠯᠪᠠᠭ᠎ᠠ᠎ᠪᠠᠨ ᠰᠠᠴᠤᠷᠠᠭᠤᠯᠬᠤ ᠵᠢ ᠬᠦᠰᠡᠵᠦ ᠪᠠᠢᠨ᠎ᠠ》 ᠭᠡᠵᠦ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠰᠤᠷᠤᠭ᠍ᠴᠢᠳ᠎ᠤᠨ ᠠᠵᠢᠯ᠎ᠤᠨ ᠬᠡᠯᠲᠡᠰ᠎ᠦᠨ ᠳᠠᠷᠤᠭ᠎ᠠ ᠦ᠋ ᠱᠤᠸᠠᠨ ᠬ᠍ᠤ ᠬᠡᠯᠡᠪᠡ᠃