《ᠪᠡᠶ᠎ᠡ᠎ᠶᠢᠨ ᠲᠠᠮᠢᠷ᠎ᠤᠨ ᠬᠥᠩᠭᠡᠨ ᠮᠣᠷᠢᠲᠤ ᠴᠡᠷᠢᠭ》 ᠬᠢᠩᠭᠠᠨ ᠠᠢᠮᠠᠭ᠎ᠲᠤ ᠰᠠᠢᠨ ᠳᠤᠷ᠎ᠠ᠎ᠶ᠋ᠢᠨ ᠦᠶ᠋ᠯᠡᠴᠢᠯᠡᠭᠡ ᠦᠷᠨᠢᠭᠦᠯᠪᠡ
2026-06-30 10:58:17
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠡᠪᠯᠡᠯ᠎ᠡᠴᠡ ᠵᠣᠬᠢᠶᠠᠨ ᠪᠠᠢᠭᠤᠯᠤᠭ᠍ᠰᠠᠨ《ᠪᠡᠶ᠎ᠡ᠎ᠶ᠋ᠢᠨ ᠲᠠᠮᠢᠷ᠎ᠤᠨ ᠬᠥᠩᠭᠡᠨ ᠮᠣᠷᠢᠲᠤ ᠴᠡᠷᠢᠭ》 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠬᠤᠪᠢᠶᠠᠷᠢ ᠠᠩᠭᠢ ᠲᠦᠷᠦᠭᠦᠬᠡᠨ ᠬᠢᠩᠭᠠᠨ ᠠᠢᠮᠠᠭ᠎ᠲᠤ ᠬᠦᠷᠴᠦ᠍᠂ ᠬᠣᠶᠠᠷ ᠲᠠᠯᠠᠪᠠᠶ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠲᠦᠱᠢᠭ᠌ᠯᠡᠨ ᠪᠡᠶ᠎ᠡ᠎ᠶ᠋ᠢᠨ ᠲᠠᠮᠢᠷ᠎ᠤᠨ ᠴᠢᠨᠠᠷ ᠰᠠᠢᠲᠠᠶ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠬᠦᠷᠭᠡᠭᠦ᠎ᠶ᠋ᠢ ᠳᠥᠯᠭᠢᠨ ᠠᠬᠢᠭᠤᠯᠪᠠ᠃ 

ᠠᠩᠬᠠᠨ᠎ᠤ ᠲᠠᠯᠠᠪᠤᠷ ᠠᠵᠢᠯᠯᠠᠭ᠎ᠠ᠎ᠶ᠋ᠢ ᠬᠢᠨᠭᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠲᠦᠯᠡᠭᠡᠠᠮᠤᠳᠤ ᠪᠠᠯᠭᠠᠰᠤᠨ᠎ᠤ ᠨᠠᠰᠤᠲᠠᠨ᠎ᠢ ᠠᠰᠠᠷᠠᠬᠤ ᠬᠦᠷᠢᠶᠡᠯᠡᠩ᠎ᠳᠦ ᠥᠷᠨᠢᠭᠦᠯᠵᠦ᠍᠂ ᠬᠥᠳᠡᠭᠡ ᠲᠣᠰᠭᠣᠨ᠎ᠤ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠵᠢᠨ ᠪᠣᠳᠠᠲᠤ ᠬᠡᠷᠡᠭ᠌ᠴᠡᠭᠡ᠎ᠲᠡᠶ ᠤᠶᠠᠯᠳᠤᠭᠤᠯᠤᠨ᠂ ᠰᠠᠢᠨ ᠳᠤᠷᠠᠴᠤᠳ ᠨᠠᠰᠤᠲᠠᠢᠴᠤᠳ᠎ᠤᠨ ᠡᠷᠡᠭᠦᠯ ᠮᠡᠨᠳᠦ᠍᠎ᠶ᠋ᠢ ᠬᠠᠮᠠᠭᠠᠯᠠᠬᠤ᠂ ᠬᠥᠳᠡᠯᠭᠡᠭᠡᠨ᠎ᠦ ᠭᠡᠮᠲᠦᠯ᠎ᠢ ᠰᠡᠷᠭᠡᠢᠯᠡᠬᠦ᠌ ᠮᠡᠳᠡᠯᠭᠡ᠎ᠶ᠋ᠢ ᠲᠦᠭᠡᠮᠡᠯᠵᠢᠭᠦᠯᠬᠦ᠌᠎ᠶ᠋ᠢᠨ ᠬᠠᠮᠲᠤ ᠲᠤᠬᠠᠶ᠎ᠶ᠋ᠢᠨ ᠲᠠᠯᠠᠪᠠᠶ᠎ᠳᠤ ᠪᠡᠶ᠎ᠡ ᠴᠢᠬᠢᠷᠠᠭᠵᠢᠭᠤᠯᠬᠤ ᠲᠠᠮᠢᠷ ᠵᠢᠭᠠᠵᠤ ᠥᠭ᠌ᠪᠡ᠃ ᠬᠣᠶᠠᠳᠤᠭᠠᠷ ᠲᠠᠯᠠᠪᠤᠷ ᠠᠵᠢᠯᠯᠠᠭ᠎ᠠ᠎ᠨᠢ ᠲᠦᠯᠡᠭᠡᠠᠮᠤᠳᠤ ᠳᠤᠮᠳᠠᠳᠤ ᠰᠤᠷᠭᠠᠭᠤᠯᠢ᠎ᠳᠤ ᠬᠦᠷᠴᠦ᠂ ᠰᠤᠷᠭᠠᠭᠤᠯᠢ᠎ᠳᠤ ᠪᠠᠢᠭ᠎ᠠ ᠪᠠᠭ᠍ᠰᠢ ᠰᠤᠷᠤᠭ᠍ᠴᠢᠳ᠎ᠲᠤ ᠬᠠᠨᠳᠤᠭᠤᠯᠤᠨ ᠪᠡᠶ᠎ᠡ᠎ᠶ᠋ᠢᠨ ᠲᠠᠮᠢᠷ᠎ᠤᠨ ᠲᠤᠰᠭᠠᠶ ᠬᠠᠪᠰᠤᠷᠤᠨ ᠵᠢᠯᠣᠭᠣᠳᠣᠯᠭ᠎ᠠ ᠬᠢᠵᠦ᠍᠂ ᠬᠥᠳᠡᠯᠭᠡᠭᠡᠨ᠎ᠦ ᠤᠷ᠎ᠠ ᠮᠡᠷᠭᠡᠵᠢᠯ ᠬᠢᠭᠡᠳ ᠪᠡᠶ᠎ᠡ᠎ᠶ᠋ᠢᠨ ᠲᠠᠮᠢᠷ᠎ᠤᠨ ᠮᠡᠳᠡᠯᠭᠡ᠎ᠶ᠋ᠢ ᠨᠠᠷᠢᠨ ᠨᠢᠮᠪᠠᠶ ᠲᠠᠢᠯᠪᠤᠷᠢᠯᠠᠵᠤ᠂ ᠦᠨᠳᠦᠰᠦᠨ ᠱᠠᠲᠤᠨ᠎ᠤ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠪᠴᠢᠲᠠᠶ ᠳᠣᠭᠢᠷᠠᠭᠤᠯᠪᠠ᠃ ᠲᠤᠬᠠᠢ᠎ᠶ᠋ᠢᠨ ᠲᠠᠯᠠᠪᠠᠢ᠎ᠳᠤ ᠪᠠᠰᠠ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ ᠎ᠢ ᠤᠬᠠᠭᠤᠯᠤᠨ ᠲᠠᠢᠯᠪᠤᠷᠢᠯᠠᠬᠤ ᠪᠠ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠪᠡᠶᠡᠴᠢᠯᠡᠨ ᠣᠢᠯᠠᠭᠠᠬᠤ ᠭᠣᠭ᠍ᠴᠣᠭ᠎ᠠ ᠲᠤᠬᠢᠷᠠᠭᠤᠯᠵᠤ᠂ ᠪᠠᠭ᠍ᠰᠢ ᠰᠤᠷᠤᠭ᠍ᠴᠢᠳ᠎ᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ ᠎ᠤᠨ ᠷᠢᠳᠢ ᠱᠢᠳᠢ᠎ᠶ᠋ᠢ ᠮᠡᠳᠡᠷᠡᠭᠦᠯᠵᠦ᠍᠂ ᠬᠠᠷᠢᠯᠴᠠᠨ ᠣᠢᠯᠠᠭᠠᠯᠴᠠᠬᠤ ᠳᠤᠮᠳᠠ ᠰᠣᠯᠢᠯᠴᠠᠭ᠎ᠠ ᠎ᠪᠠᠨ ᠨᠡᠮᠡᠭ᠌ᠳᠡᠭᠦᠯᠵᠦ᠍᠂ ᠨᠥᠬᠥᠷᠯᠡᠯ᠎ᠢᠶᠡᠨ ᠵᠤᠵᠠᠭᠠᠳᠭᠠᠬᠤ ᠎ᠵᠢ ᠠᠬᠢᠭᠤᠯᠪᠠ᠃



ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号