ᠸᠠᠩ ᠸᠧᠢ ᠵᠦᠩ 《ᠠᠷᠠᠳ᠎ᠤᠨ ᠵᠢᠱ᠌ᠢᠶᠡᠴᠢ》 ᠲᠦᠬᠦᠶ᠋ᠢᠮ᠎ᠡ᠎ᠶᠢ ᠡᠷᠬᠢᠨ ᠦᠵᠡᠵᠦ᠍ ᠲᠣᠬᠣᠨᠢᠭᠤᠯᠤᠭᠰᠠᠨ ᠪᠦᠭᠡᠳ ᠳᠥᠷᠪᠡᠳ ᠬᠣᠰᠢᠭᠤᠨ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠪᠠᠶ᠋ᠢᠴᠠᠭᠠᠨ ᠰᠤᠳᠤᠯᠪᠠ
2026-06-30 09:44:13
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ ᠪᠣᠯᠬᠤ ᠲᠠᠰᠢᠷᠠᠮ᠎ᠢᠶᠠᠷ᠂ 6 ᠰᠠᠷ᠎ᠠ᠎ᠶᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠳᠥᠷᠪᠡᠳ ᠬᠣᠰᠢᠭᠤᠨ᠎ᠳᠤ ᠭᠦᠨᠵᠡᠭᠡᠶ᠋ᠢᠷᠡᠵᠦ᠍᠂ 《ᠠᠷᠠᠳ᠎ᠤᠨ ᠵᠢᠱ᠌ᠢᠶᠡᠴᠢ》 ᠲᠦᠬᠦᠶ᠋ᠢᠮ᠎ᠡ᠎ᠶᠢ ᠡᠷᠭᠢᠨ ᠦᠵᠡᠵᠤ ᠲᠣᠬᠣᠨᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠮᠦᠨ᠎ᠡ᠎ᠡᠴᠡ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠪᠣᠯᠤᠨ ᠨᠠᠮ᠎ᠤᠨ ᠠᠵᠢᠯ᠎ᠤᠨ ᠠᠵᠢᠯᠲᠠᠳ᠎ᠲᠤ᠌ ᠴᠢᠩ ᠰᠡᠳᠬᠢᠯ᠎ᠦᠨ ᠮᠡᠨᠳᠦᠴᠢᠯᠡᠯ ᠪᠠ ᠪᠠᠶᠠᠷ᠎ᠤᠨ ᠡᠳᠦᠷ᠎ᠦᠨ ᠵᠥᠩᠨᠡᠯ ᠳᠡᠪᠰᠢᠭᠦᠯᠦᠭᠰᠡᠨ ᠪᠥᠭᠡᠳ ᠬᠥᠳᠡᠭᠡ ᠲᠣᠰᠬᠣᠨ᠎ᠢ ᠪᠦᠬᠦ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠲᠣᠭᠣᠷᠢᠨ᠎ᠳᠤ ᠪᠠᠶ᠋ᠢᠴᠠᠭᠠᠨ ᠰᠤᠳᠤᠯᠤᠯᠲᠠ ᠥᠷᠨᠢᠭᠦᠯᠪᠡ᠃


QQ截图20260630094842.png


6 ᠰᠠᠷ᠎ᠠ᠎ᠶᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠳᠥᠷᠪᠡᠳ ᠬᠣᠰᠢᠭᠤᠨ᠎ᠳᠤ 《ᠠᠷᠠᠳ᠎ᠤᠨ ᠵᠢᠱ᠌ᠢᠶᠡᠴᠢ》 ᠲᠦᠬᠦᠶ᠋ᠢᠮ᠎ᠡ᠎ᠶᠢ ᠡᠷᠭᠢᠨ ᠦᠵᠡᠵᠤ ᠲᠣᠬᠣᠨᠢᠭᠤᠯᠪᠠ᠃

ᠰᠤᠷᠪᠤᠯᠵᠢᠯᠠᠬᠴᠢ   ᠮᠠ ᠵᠢᠶᠠᠨ ᠪᠢᠩ  ᠰᠡᠬᠦᠳᠡᠷᠯᠡᠪᠡ


ᠲᠦᠬᠦᠶ᠋ᠢᠮ᠎ᠡ ᠪᠣᠯ ᠨᠠᠮ᠎ᠳᠤ ᠣᠷᠣᠭᠠᠳ ᠲᠠᠪᠢᠨ ᠵᠢᠯ ᠪᠣᠯᠤᠭᠰᠠᠨ ᠠᠬᠠᠮᠠᠳ ᠨᠠᠮ᠎ᠤᠨ ᠭᠡᠰᠢᠭᠦᠨ ᠮᠦᠨ᠃ 《ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠣᠯ᠎ᠳᠤ ᠢᠷᠡᠭᠰᠡᠨ》 ᠴᠠᠭ ᠦᠶ᠎ᠡ᠎ᠳᠦ᠂ 19 ᠨᠠᠰᠤᠲᠠᠶ ᠲᠦᠬᠦᠶ᠋ᠢᠮ᠎ᠡ 28 ᠥᠨᠥᠴᠢᠨ ᠬᠡᠦᠬᠡᠳ᠎ᠢ ᠥᠰᠬᠡᠨ ᠬᠥᠮᠦᠵᠢᠭᠦᠯᠬᠦ᠌ ᠡᠭᠦᠷᠭᠡ᠎ᠶᠢ ᠰᠠᠨᠠᠭᠠᠴᠢᠯᠠᠭ᠎ᠠ᠎ᠡᠴᠡ᠎ᠪᠠᠨ ᠡᠭᠦᠷᠭᠡᠯᠡᠵᠦ᠍᠂ ᠬᠠᠮᠤᠭ᠎ᠤᠨ ᠰᠠᠶ᠋ᠢᠬᠠᠨ ᠨᠠᠰᠤ᠎ᠪᠠᠨ 《ᠤᠯᠤᠰ᠎ᠤᠨ ᠬᠡᠦᠬᠡᠳ》᠎ᠲᠦ᠍ ᠵᠣᠷᠢᠭᠤᠯᠪᠠ᠃ ᠸᠠᠩ ᠸᠧᠢ ᠵᠦᠩ ᠲᠦᠬᠦᠶ᠋ᠢᠮ᠎ᠡ᠎ᠶᠢᠨ ᠭᠡᠷ ᠲᠤ᠌ ᠬᠦᠷᠴᠦ᠍᠂ ᠨᠠᠰᠤᠲᠠᠨ᠎ᠲᠠᠶ ᠳᠣᠲᠣᠨᠣ᠎ᠪᠠᠷ ᠶᠠᠷᠢᠯᠴᠠᠵᠤ᠂ ᠲᠡᠭᠦᠨ᠎ᠦ ᠪᠡᠶ᠎ᠡ᠎ᠶᠢᠨ ᠪᠠᠶ᠋ᠢᠳᠠᠯ ᠪᠣᠯᠤᠨ ᠠᠮᠢᠳᠤᠷᠠᠯ᠎ᠤᠨ ᠪᠠᠶ᠋ᠢᠳᠠᠯ᠎ᠢ ᠬᠠᠯᠠᠮᠵᠢᠯᠠᠨ ᠠᠰᠠᠭᠤᠵᠤ᠂ ᠲᠡᠭᠦᠨ᠎ᠦ ᠡᠷᠡᠭᠦᠯ ᠲᠡᠩᠭᠡᠯᠡᠬᠦᠨ ᠪᠠᠶᠠᠷ ᠪᠠᠶᠠᠰᠤᠯ᠎ᠲᠠᠶ ᠪᠠᠶ᠋ᠢᠬᠤ᠎ᠶᠢ ᠵᠥᠩᠨᠡᠪᠡ᠃ ᠸᠠᠩ ᠸᠧᠢ ᠵᠦᠩ᠂ ᠲᠠ ᠬᠠᠭᠠᠰ ᠵᠠᠭᠤᠨ᠎ᠤ ᠴᠢᠩ ᠦᠨᠡᠨᠴᠢ ᠰᠡᠳᠬᠢᠯᠭᠡ᠎ᠪᠡᠷ ᠵᠢᠡᠨ ᠳᠤᠮᠳᠠᠳᠤ᠎ᠶᠢᠨ ᠦᠨᠳᠦᠰᠦᠲᠡᠨ᠎ᠦ ᠶᠡᠬᠡ ᠭᠡᠷ ᠪᠦᠯᠢ᠎ᠳᠡᠬᠢ ᠦᠨᠳᠦᠰᠦᠲᠡᠨ᠎ᠨᠦᠭᠦᠳ᠎ᠦᠨ ᠠᠬ᠎ᠠ ᠳᠡᠭᠦᠦ᠎ᠨᠡᠷ ᠳᠣᠲᠣᠨᠣ ᠰᠠᠢᠬᠠᠨ ᠶᠠᠪᠤᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠢ᠋ ᠠᠮᠢᠳᠤᠯᠢᠭ ᠵᠢᠡᠷ ᠲᠠᠢᠯᠪᠤᠷᠢᠯᠠᠵᠤ᠂ ᠡᠪ ᠬᠠᠮᠲᠤᠴᠤᠳ᠎ᠤᠨ ᠠᠷᠠᠳ ᠲᠦᠮᠡᠨ᠎ᠳᠦ ᠦᠢᠯᠡᠴᠢᠯᠡᠭᠰᠡᠨ ᠦᠯᠢᠭᠡᠷ ᠳᠠᠭᠤᠷᠢᠶᠠᠯ ᠪᠤᠯᠵᠤ᠂ ᠪᠢᠳᠡ ᠰᠠᠶ᠋ᠢᠲᠤᠷ ᠰᠤᠷᠤᠯᠴᠠᠭᠤᠰᠢᠳᠠᠢ ᠶᠤᠮ᠃ ᠪᠥᠬᠥ᠌ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠠᠬᠠᠮᠠᠳ ᠨᠢᠭᠡ ᠦᠶ᠎ᠡ᠎ᠶᠢᠨ ᠡᠪ ᠬᠠᠮᠲᠤᠴᠤᠳ᠎ᠤᠨ ᠬᠠᠷᠠᠮ ᠥᠬᠡᠶ ᠵᠢᠳᠭᠦᠯ ᠪᠣᠯᠤᠨ ᠲᠣᠪᠣᠶ᠋ᠢᠮ᠎ᠠ ᠬᠤᠪᠢ ᠨᠡᠮᠡᠷᠢ᠎ᠶᠢ ᠢᠮᠠᠭᠲᠠ ᠪᠠᠲᠤ᠌ ᠴᠡᠭᠡᠵᠢᠯᠡᠵᠦ᠍᠂ ᠰᠢᠯᠢᠳᠡᠭ ᠤᠯᠠᠮᠵᠢᠯᠠᠯ᠎ᠢᠶᠠᠨ ᠵᠠᠯᠭᠠᠮᠵᠢᠯᠠᠨ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠦᠷᠭᠦᠯᠵᠢᠯᠡᠨ ᠭᠦᠨᠵᠡᠭᠡᠶ ᠰᠤᠷᠤᠯᠴᠠᠨ ᠨᠠᠷᠢᠨ ᠣᠶ᠋ᠢᠯᠠᠭᠠᠵᠤ ᠪᠠᠲᠤ ᠦᠢᠯᠡᠳᠦᠯᠭᠡᠵᠢᠭᠦᠯᠵᠦ᠍᠂ ᠵᠠᠰᠠᠭ ᠤ᠋ᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠲᠦᠷᠭᠡᠨ ᠦᠷ᠎ᠡ ᠪᠦᠲᠦᠮᠵᠢ᠎ᠲᠠᠢ ᠪᠡᠷ ᠨᠠᠶ᠋ᠢᠳᠠᠪᠤᠷᠢᠵᠢᠭᠤᠯᠤᠨ᠂ ᠴᠢᠨᠠᠷ ᠰᠠᠶ᠋ᠢᠲᠠᠶ ᠬᠥᠭᠵᠢᠯᠲᠡ᠎ᠶᠢ ᠯᠠᠪᠳᠠᠭᠤᠨ ᠪᠠᠲᠤᠲᠠᠶ ᠠᠬᠢᠭᠤᠯᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠥᠲᠥᠭᠡᠨ ᠪᠠᠶ᠋ᠢᠭᠤᠯᠤᠯᠲᠠ᠎ᠳᠤ ᠰᠢᠨ᠎ᠡ ᠵᠢᠳᠬᠦᠯ ᠴᠢᠷᠮᠠᠶ᠋ᠢᠯᠭ᠎ᠠ ᠭᠠᠷᠭᠠᠨ᠂ ᠰᠢᠨ᠎ᠡ ᠠᠮᠵᠢᠯᠲᠠ ᠪᠦᠲᠦᠮᠵᠢ ᠭᠠᠷᠭᠠᠬᠤ᠎ᠪᠠᠷ ᠴᠢᠷᠮᠠᠶ᠋ᠢᠬᠤ ᠬᠡᠷᠡᠭᠲᠡᠶ ᠭᠡᠪᠡ᠃

ᠸᠠᠩ ᠸᠧᠢ ᠵᠦᠩ ᠬᠥᠳᠡᠭᠡ ᠲᠣᠰᠬᠣᠨ᠎ᠢ ᠪᠦᠬᠦ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠠᠶ᠋ᠢᠳᠠᠯ᠎ᠢ ᠮᠠᠰᠢ ᠬᠠᠯᠠᠮᠵᠢᠯᠠᠵᠤ ᠪᠠᠶ᠋ᠢᠯ᠎ᠠ᠃ ᠲᠡᠷᠡ ᠰᠠᠢ ᠨᠦᠸᠸ ᠦᠷ᠎ᠡ᠎ᠶᠢᠨ ᠬᠤᠨᠢ ᠢᠮᠠᠭᠠᠨ ᠤ᠋ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ᠂ ᠵᠦᠩ ᠵᠢᠶᠠ ᠲᠠᠷᠢᠶᠠᠯᠠᠩ᠎ᠤᠨ ᠠᠮᠢᠳᠤ ᠪᠣᠳᠠᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ᠎ᠳᠤ ᠬᠦᠷᠴᠦ᠍᠂ ᠠᠵᠤ ᠠᠬᠤᠶ᠋ᠢᠯᠠᠯ᠎ᠤᠨ ᠬᠠᠷᠢᠭᠤᠴᠠᠯᠭᠠᠲᠠᠨ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠳᠠᠨ᠎ᠲᠠᠶ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠮᠢᠬᠠᠨ ᠤ᠋ ᠬᠤᠨᠢ ᠪᠣᠯᠤᠨ ᠲᠥᠮᠥᠰᠥ᠎ᠶᠢᠨ ᠮᠡᠷᠭᠡᠵᠢᠯ᠎ᠢ ᠰᠤᠳᠤᠯᠤᠨ ᠨᠡᠭᠡᠭᠡᠬᠦ᠌᠂ ᠦᠢᠯᠡᠳᠪᠦᠷᠢᠯᠡᠯ ᠡᠵᠡᠩᠨᠡᠯᠲᠡ᠂ ᠲᠠᠷᠢᠶᠠᠴᠢᠨ ᠲᠠᠢ ᠬᠣᠯᠪᠣᠭᠠᠯᠠᠨ ᠲᠠᠷᠢᠶᠠᠴᠢᠳ ᠢ᠋ ᠳᠠᠶ᠋ᠢᠴᠢᠯᠠᠭᠰᠠᠨ ᠵᠡᠷᠭᠡ ᠪᠠᠶ᠋ᠢᠳᠠᠯ᠎ᠢ ᠨᠠᠷᠢᠨ ᠠᠰᠠᠭᠤᠵᠤ᠂ ᠠᠵᠤ ᠠᠬᠤᠶ᠋ᠢᠯᠠᠯ᠎ᠢ ᠥᠪᠡᠷᠮᠢᠴᠡ ᠳᠠᠪᠠᠭᠤᠯᠢᠭ᠎ᠢᠶᠠᠨ ᠪᠠᠳᠠᠷᠠᠭᠤᠯᠵᠤ᠂ ᠵᠠᠬ᠎ᠠ ᠳᠡᠯᠭᠡᠭᠦᠷ᠎ᠦᠨ ᠬᠡᠷᠡᠭᠴᠡᠭᠡ᠎ᠲᠡᠶ ᠣᠨᠣᠴᠠᠲᠠᠢ ᠵᠣᠯᠭᠠᠭᠤᠯᠵᠤ᠂ ᠲᠤᠰᠬᠠᠶ᠋ᠢᠵᠢᠭᠰᠠᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠶᠢ ᠴᠢᠩᠭᠠᠳᠬᠠᠵᠤ᠂ ᠨᠢᠭᠡ ᠲᠠᠯ᠎ᠠ᠎ᠪᠠᠷ ᠰᠠᠢ᠌ᠨ ᠡᠭᠦᠯᠳᠡᠷ᠎ᠢ ᠰᠤᠳᠤᠯᠤᠨ ᠦᠷᠡᠵᠢᠭᠦᠯᠬᠦ᠎ᠶᠢ ᠠᠳᠬᠤᠵᠤ᠂  ᠰᠤᠳᠤᠯᠤᠨ ᠨᠡᠭᠡᠭᠡᠬᠦ᠌ ᠲᠤᠷᠰᠢᠯᠲᠠ᠎ᠶᠢᠨ ᠲᠠᠰᠤᠭ᠎ᠢ ᠴᠢᠨᠠᠷ ᠰᠠᠶ᠋ᠢᠲᠠᠢ ᠪᠠᠶ᠋ᠢᠭᠤᠯᠵᠤ᠂ ᠨᠦᠬᠦᠭᠡ ᠲᠠᠯ᠎ᠠ᠎ᠪᠠᠷ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ᠎ᠶᠢ ᠠᠳᠬᠤᠵᠤ᠂ ᠪᠦᠲᠦᠭᠡᠭᠳᠡᠬᠦᠨ᠎ᠦ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠭᠤᠯᠤᠭᠳᠠᠴᠠ ᠪᠣᠯᠤᠨ ᠨᠡᠮᠡᠯᠲᠡ ᠦᠷᠳᠡᠭ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠍᠂ ᠭᠤᠤᠯ ᠠᠵᠢᠯ ᠵᠢᠡᠨ ᠦᠷᠭᠦᠯᠵᠢᠯᠡᠨ ᠪᠤᠵᠠᠭᠠᠢᠷᠠᠭᠤᠯᠤᠨ ᠨᠠᠷᠢᠯᠢᠭᠵᠢᠭᠤᠯᠬᠤ ᠬᠡᠷᠡᠭᠳᠠᠢ ᠭᠡᠵᠤ ᠵᠤᠷᠢᠭᠵᠢᠭᠤᠯᠵᠠᠢ᠃ ᠠᠵᠤ ᠠᠬᠤᠶ᠋ᠢᠯᠠᠯ᠎ᠢ ᠪᠥᠬᠥ᠌ ᠶᠠᠪᠤᠴᠠ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠪᠠᠨ ᠴᠢᠩᠭᠠᠳᠬᠠᠵᠤ᠂ ᠴᠢᠩᠭ᠎ᠠ ᠨᠢᠮᠪᠠᠢ ᠵᠢᠷᠤᠮᠵᠢᠯ᠎ᠲᠠᠶ ᠠᠵᠢᠯᠯᠠᠵᠤ᠂ ᠠᠮᠤᠷ ᠲᠦᠪᠰᠢᠨ᠎ᠦ ᠬᠥᠮᠦᠵᠢᠯ᠎ᠢ ᠴᠢᠩᠭᠠᠳᠬᠠᠵᠤ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠦᠨᠡᠨ ᠬᠦ᠌ ᠪᠠᠲᠤ᠌ ᠰᠠᠬᠢᠬᠤ ᠬᠡᠷᠡᠭᠲᠡᠶ ᠭᠡᠵᠦ᠍ ᠵᠠᠬᠢᠪᠠ᠃

ᠸᠠᠩ ᠸᠧᠢ ᠵᠦᠩ᠂ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢᠨ ᠭᠣᠣᠯᠳᠠᠯᠭ᠎ᠠ᠎ᠶᠢᠨ ᠳᠣᠲᠣᠷᠠᠬᠢ ᠭᠣᠣᠯᠳᠠᠯᠭ᠎ᠠ ᠪᠣᠯᠤᠨ᠎ᠠ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠬᠥᠳᠡᠭᠡ ᠲᠣᠰᠬᠣᠨ᠎ᠤ ᠤᠨᠴᠠᠯᠢᠬᠳᠤ ᠠᠵᠤ ᠦᠢᠯᠡᠰ᠎ᠢ ᠬᠥᠭᠵᠢᠭᠦᠯᠵᠦ᠍᠂ ᠬᠠᠨᠳᠤᠯᠭᠠᠲᠤ᠌ ᠴᠢᠨᠠᠷᠲᠠᠢ᠎ᠪᠠᠷ ᠠᠷᠠᠯᠵᠢᠶᠠᠴᠢᠨ ᠤᠷᠢᠬᠤ᠎ᠶᠢ ᠢᠳᠡᠪᠬᠢᠲᠡᠢ ᠥᠷᠨᠢᠭᠦᠯᠵᠦ᠍᠂ ᠲᠠᠭᠠᠭᠤᠯᠤᠬᠴᠢ ᠠᠵᠤ ᠠᠬᠤᠶ᠋ᠢᠯᠠᠯ᠎ᠢ ᠶᠡᠬᠡ᠎ᠪᠡᠷ ᠣᠷᠣᠭᠤᠯᠤᠨ ᠠᠪᠴᠢᠷᠠᠵᠤ ᠪᠤᠢᠵᠢᠭᠤᠯᠤᠨ᠂ ᠲᠠᠷᠢᠶᠠᠴᠢᠨ ᠪᠣᠯᠤᠨ ᠠᠵᠤ ᠠᠬᠤᠶ᠋ᠢᠯᠠᠯ᠎ᠤᠨ ᠠᠰᠢᠭ ᠲᠤᠰᠠ᠎ᠶᠢᠨ ᠬᠣᠯᠪᠣᠭᠠᠨ᠎ᠤ ᠲᠣᠭᠲᠠᠴᠠ᠎ᠶᠢ ᠲᠡᠭᠦᠯᠳᠡᠷᠵᠢᠭᠦᠯᠵᠦ᠍᠂ ᠮᠠᠯᠴᠢᠨ ᠲᠠᠷᠢᠶᠠᠴᠢᠨ᠎ᠤ ᠣᠷᠣᠯᠭ᠎ᠠ᠎ᠵᠢ ᠨᠡᠮᠡᠭᠳᠡᠭᠦᠯᠵᠦ᠍ ᠪᠠᠶᠠᠵᠢᠭᠤᠯᠬᠤ᠎ᠶᠢ ᠨᠡᠩ ᠰᠠᠶ᠋ᠢᠲᠤᠷ ᠠᠬᠢᠭᠤᠯᠬᠤ ᠬᠡᠷᠡᠭᠲᠡᠢ᠃ 《ᠦᠷ᠎ᠡ ᠵᠢᠨ ᠢᠯᠳᠡᠰᠦ》᠎ᠵᠢᠨ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠍᠂ ᠳᠠᠭᠠᠭᠤᠯᠤᠭᠴᠢ ᠠᠵᠤ ᠠᠬᠤᠶ᠋ᠢᠯᠠᠯ᠎ᠨᠢ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ ᠤ᠋ ᠬᠦᠷᠢᠶᠡᠯᠡᠩ ᠭᠠᠵᠠᠷ᠎ᠲᠠᠶ ᠬᠠᠮᠲᠤᠷᠠᠨ ᠰᠠᠶ᠋ᠢᠨ ᠦᠷ᠎ᠡ ᠡᠭᠦᠯᠳᠡᠷ᠎ᠦᠨ ᠪᠣᠭᠣᠮᠲᠠ ᠰᠢᠪᠲᠤᠯᠬᠤ ᠠᠵᠢᠯ ᠥᠷᠨᠢᠭᠦᠯᠬᠦ᠌᠎ᠶᠢ ᠳᠡᠮᠵᠢᠵᠦ᠍᠂ ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯ᠎ᠢ ᠢᠳᠡᠪᠬᠢᠲᠡᠶ᠎ᠪᠡᠷ ᠬᠡᠷᠡᠭᠯᠡᠨ ᠰᠠᠶ᠋ᠢᠨ ᠡᠭᠦᠯᠳᠡᠷ ᠪᠣᠶ᠋ᠢᠵᠢᠭᠤᠯᠬᠤ᠎ᠶᠢ ᠬᠡᠷᠡᠭᠵᠢᠭᠦᠯᠵᠦ᠍᠂ ᠦᠷ᠎ᠡ᠎ᠶᠢᠨ ᠦᠢᠯᠡᠰ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠦᠪᠡᠷ ᠢ᠋ ᠪᠠᠨ ᠬᠦᠴᠦᠷᠬᠡᠭᠵᠢᠭᠦᠯᠬᠦ ᠵᠢ ᠪᠡᠶᠡᠯᠡᠭᠦᠯᠬᠦ᠌᠎ᠳᠦ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠬᠤᠳᠠ ᠬᠥᠳᠡᠭᠡ᠎ᠶᠢᠨ ᠬᠥᠭᠵᠢᠯᠲᠡ ᠪᠦᠳᠦᠭᠡᠨ ᠪᠠᠶ᠋ᠢᠭᠤᠯᠤᠯᠲᠠ᠎ᠶᠢᠨ ᠵᠢᠮ᠎ᠡ ᠶᠣᠰᠣ᠎ᠶᠢ ᠵᠢᠷᠤᠮᠯᠠᠵᠤ᠂ ᠦᠨᠡᠨ᠎ᠡᠴᠡ ᠵᠥᠪ᠎ᠢ ᠡᠷᠢᠬᠦ᠌᠎ᠶᠢ ᠪᠠᠷᠢᠮᠲᠠᠯᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠣᠷᠣᠰᠢᠨ ᠰᠠᠭᠤᠷᠢᠰᠢᠬᠤ ᠳ᠋ᠤ ᠳᠤᠬᠢᠷᠠᠮᠵᠢᠳᠠᠢ ᠦᠢᠯᠡᠰ ᠪᠤᠰᠬᠠᠬᠤ᠎ᠳᠤ ᠲᠣᠬᠢᠷᠠᠮᠵᠢᠲᠠᠢ ᠡᠶ᠎ᠠ ᠵᠤᠬᠢᠴᠠᠩᠭᠤᠢ ᠦᠵᠡᠰᠬᠦᠯᠡᠩᠲᠦ᠍ ᠰᠠᠶ᠋ᠢᠬᠠᠨ ᠬᠥᠳᠡᠭᠡ ᠲᠣᠰᠬᠣᠨ᠎ᠤ ᠪᠦᠳᠦᠭᠡᠨ ᠪᠠᠶ᠋ᠢᠭᠤᠯᠤᠯᠲᠠ᠎ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠥᠬᠥᠭᠡᠷᠦᠮᠵᠢ ᠪᠠ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠳᠤᠲᠠᠭᠤᠳᠠᠯ᠎ᠢ ᠬᠦᠴᠦᠯᠡᠨ ᠨᠥᠬᠥᠪᠥᠷᠢᠯᠡᠵᠦ᠍᠂ ᠬᠥᠳᠡᠭᠡ ᠲᠣᠰᠬᠣᠨ᠎ᠤ ᠵᠠᠰᠠᠯᠲᠠ ᠪᠠ ᠪᠣᠯᠪᠠᠰᠤᠨ ᠬᠥᠳᠡᠭᠡ ᠲᠣᠰᠬᠣᠨ᠎ᠤ ᠰᠤᠷᠲᠠᠯ᠎ᠤᠨ ᠪᠠᠶ᠋ᠢᠭᠤᠯᠤᠯᠲᠠ᠎ᠶᠢᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ᠌ ᠬᠡᠷᠡᠭᠲᠡᠢ ᠭᠡᠵᠤ ᠴᠢᠬᠤᠯᠠᠴᠢᠯᠠᠵᠠᠢ᠃

ᠢᠦᠢ ᠯᠢ ᠰᠢᠨ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号