ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠪᠠ
2026-06-30 09:58:20
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 29 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠥᠭᠵᠢᠯᠲᠡ᠎ᠶᠢᠨ ᠲᠥᠯᠥᠪᠵᠢᠭᠦᠯᠭᠡ᠎ᠶᠢ ᠬᠢᠨᠠᠨ ᠵᠥᠪᠯᠡᠵᠦ᠍᠂ ᠬᠥᠬᠡᠬᠣᠲᠠ ᠪᠤᠭᠤᠲᠤ᠌ ᠣᠷᠳᠣᠰ ᠤᠯᠠᠭᠠᠨᠴᠠᠪ᠎ᠢ ᠨᠢᠭᠡ ᠴᠣᠭᠴᠠᠵᠢᠭᠤᠯᠤᠨ ᠬᠥᠭᠵᠢᠭᠦᠯᠬᠦ᠌ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠡᠷᠡᠭᠵᠢᠭᠦᠯᠬᠦ᠌ ᠲᠥᠰᠦᠯ ᠵᠡᠷᠭᠡ ᠵᠦᠢᠯ᠎ᠢ ᠰᠤᠳᠤᠯᠪᠠ᠃

ᠬᠤᠷᠠᠯ᠎ᠡᠴᠡ᠂ ᠵᠠᠮ ᠬᠠᠷᠢᠯᠴᠠᠭ᠎ᠠ ᠲᠡᠭᠡᠭᠡᠪᠦᠷᠢ ᠪᠣᠯ ᠤᠯᠤᠰ ᠠᠷᠠᠳ᠎ᠤᠨ ᠠᠵᠤ ᠠᠬᠤᠢ᠎ᠶᠢᠨ ᠰᠠᠭᠤᠷᠢ ᠴᠢᠨᠠᠷᠲᠠᠢ᠂ ᠤᠳᠤᠷᠢᠳᠤᠮᠵᠢ᠎ᠶᠢᠨ ᠴᠢᠨᠠᠷᠲᠠᠢ᠂ ᠪᠠᠶ᠋ᠢᠯᠳᠤᠬᠤ ᠪᠤᠳᠤᠯᠭ᠎ᠠ᠎ᠶᠢᠨ ᠴᠢᠨᠠᠷᠲᠠᠢ ᠠᠵᠤ ᠦᠢᠯᠡᠰ ᠪᠣᠯᠤᠨ᠎ᠠ᠂ ᠣᠳᠣᠬᠠᠨ᠎ᠳᠤ ᠮᠠᠨ᠎ᠤ ᠣᠷᠣᠨ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ᠂ ᠵᠠᠮ ᠬᠠᠷᠢᠯᠴᠠᠭᠠᠨ᠎ᠤ ᠬᠦᠢᠰᠦ ᠵᠢᠨ ᠴᠢᠳᠠᠪᠬᠢ ᠲᠡᠰ᠂ ᠶᠡᠷᠦᠩᠬᠡᠶ᠋ᠢᠯᠡᠭᠰᠡᠨ ᠲᠡᠭᠡᠭᠡᠪᠦᠷᠢ᠎ᠶᠢᠨ ᠦᠷ᠎ᠡ ᠪᠦᠲᠦᠮᠵᠢ ᠵᠡᠷᠭᠡ ᠲᠠᠯ᠎ᠠ᠎ᠪᠠᠷ ᠪᠠᠰᠠ ᠳᠤᠲᠠᠭᠤᠳᠠᠯ ᠣᠷᠣᠰᠢᠵᠤ ᠪᠠᠶ᠋ᠢᠨ᠎ᠠ᠃ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠪᠠᠶ᠋ᠢᠷᠢᠰᠢᠭᠤᠯᠤᠯᠲᠠ᠎ᠶᠢ ᠰᠢᠨᠵᠢᠯᠡᠬᠦ᠌ ᠤᠬᠠᠭᠠᠨᠴᠢ ᠪᠠᠷ ᠰᠠᠶ᠋ᠢᠲᠤᠷ ᠲᠥᠯᠥᠪᠵᠢᠭᠦᠯᠵᠦ᠍᠂ ᠠᠵᠤ ᠦᠢᠯᠡᠰ᠎ᠦᠨ ᠬᠥᠭᠵᠢᠯᠲᠡ ᠪᠣᠯᠤᠨ ᠠᠷᠠᠳ᠎ᠤᠨ ᠠᠮᠢᠳᠤᠷᠠᠯ᠎ᠤᠨ ᠬᠡᠷᠡᠭᠴᠡᠭᠡ᠎ᠲᠠᠶ ᠨᠢᠭᠲᠠ ᠤᠶᠠᠯᠳᠤᠭᠤᠯᠵᠤ᠂ ᠵᠠᠰᠠᠮᠠᠯ ᠵᠠᠮ᠂ ᠲᠡᠮᠦᠷ ᠵᠠᠮ᠂ ᠠᠭᠠᠷ᠎ᠤᠨ ᠠᠶᠠᠯᠠᠯ ᠵᠡᠷᠭᠡ ᠲᠥᠬᠥᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠨᠠᠩ ᠰᠠᠶ᠋ᠢᠲᠤᠷ ᠲᠤᠯᠭᠠᠭᠤᠷᠢᠯᠠᠨ ᠳᠠᠶ᠋ᠢᠴᠢᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃

ᠬᠤᠷᠠᠯ᠎ᠡᠴᠡ᠂ ᠬᠥᠬᠡᠬᠣᠲᠠ ᠪᠤᠭᠤᠲᠤ᠌ ᠤᠷᠳᠤᠰ ᠤᠯᠠᠭᠠᠨᠴᠠᠪ᠎ᠤᠨ ᠬᠤᠳᠠ᠎ᠶᠢᠨ ᠪᠦᠯᠦᠭᠵᠢᠯ ᠪᠣᠯ ᠪᠦᠬᠦ᠌ ᠣᠷᠣᠨ᠎ᠤ ᠠᠵᠤ ᠠᠬᠤᠢ᠎ᠶᠢᠨ ᠬᠥᠭᠵᠢᠯᠲᠡ᠎ᠶᠢᠨ ᠴᠢᠬᠤᠯᠠ ᠨᠡᠮᠡᠭᠳᠡᠯ᠎ᠦᠨ ᠲᠤᠶ᠋ᠢᠯ ᠪᠣᠯᠤᠨ᠎ᠠ᠂ ᠰᠠᠭᠤᠷᠢ ᠲᠥᠬᠥᠭᠡᠷᠦᠮᠵᠢ᠂ ᠭᠣᠣᠯᠳᠠᠯᠭ᠎ᠠ᠎ᠲᠠᠶ ᠠᠵᠤ ᠦᠢᠯᠡᠰ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠂ ᠤᠯᠠᠨ ᠨᠡᠶ᠋ᠢᠲᠡ᠎ᠶᠢᠨ ᠦᠢᠯᠡᠴᠢᠯᠡᠭᠡ᠂ ᠨᠡᠭᠡᠭᠡᠯᠲᠡᠲᠦ᠍ ᠬᠠᠮᠲᠤᠷᠠᠯᠴᠠᠭ᠎ᠠ᠂ ᠠᠮᠢ ᠠᠬᠤᠢ᠎ᠶᠢᠨ ᠬᠠᠮᠠᠭᠠᠯᠠᠯᠲᠠ ᠵᠠᠰᠠᠯᠲᠠ᠂ ᠬᠤᠳᠠ᠎ᠶᠢᠨ ᠴᠠᠭᠠᠷᠢᠭ᠎ᠤᠨ ᠪᠦᠳᠦᠭᠡᠨ ᠪᠠᠶ᠋ᠢᠭᠤᠯᠤᠯᠲᠠ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷᠡᠭᠵᠢᠭᠦᠯᠬᠦ᠌ ᠲᠥᠰᠦᠯ᠎ᠢ ᠰᠢᠨᠵᠢᠯᠡᠬᠦ᠌ ᠤᠬᠠᠭᠠᠨᠴᠢ᠎ᠪᠠᠷ ᠲᠣᠭᠲᠠᠭᠠᠵᠤ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠍᠂ ᠨᠢᠭᠡ ᠴᠤᠬᠴᠠᠵᠢᠭᠤᠯᠬᠤ᠂ ᠨᠢᠭᠡ ᠬᠤᠳᠠᠴᠢᠯᠠᠬᠤ ᠠᠬᠢᠴᠠ᠎ᠶᠢ ᠲᠦᠷᠭᠡᠳᠬᠡᠵᠦ᠍᠂ ᠣᠷᠣᠨ ᠪᠦᠰᠡ᠎ᠶᠢᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ ᠪᠣᠯᠤᠨ ᠦᠷᠢᠰᠦᠯᠳᠦᠬᠦ᠌ ᠬᠦᠴᠦᠨ᠎ᠢ ᠦᠨᠡᠨ ᠬᠦ᠌ ᠳᠡᠭᠡᠭᠰᠢᠯᠡᠭᠦᠯᠬᠦ᠌ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠠᠪᠰᠢᠯᠲᠠ᠂ ᠲᠡᠦᠬᠡ᠎ᠶᠢᠨ ᠳᠤᠷᠠᠰᠬᠠᠯᠲᠤ᠌ ᠵᠦᠢᠯᠡᠰ᠎ᠦᠨ ᠬᠠᠮᠠᠭᠠᠯᠠᠯᠲᠠ᠂ ᠬᠣᠲᠠ᠎ᠶᠢᠨ ᠤᠰᠤ ᠬᠠᠩᠭᠠᠬᠤ ᠵᠡᠷᠭᠡ ᠬᠦᠷᠢᠶᠡᠨ᠎ᠳᠡᠬᠢ ᠬᠣᠯᠪᠣᠭᠳᠠᠯ ᠪᠥᠬᠥᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ᠎ᠤᠨ ᠣᠷᠳᠣᠨ᠎ᠤ ᠲᠦᠷᠢᠮ ᠲᠣᠭᠲᠠᠭᠠᠯ᠎ᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ ᠠᠵᠢᠯ᠎ᠢ ᠰᠤᠳᠤᠯᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号