ᠵᠠᠩ ᠶᠠᠨ ᠺᠦᠨ ᠬᠤᠷᠠᠯ᠎ᠢ ᠡᠷᠭᠢᠯᠡᠵᠡᠢ
6 ᠰᠠᠷ᠎ᠠ᠎ᠶᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠶᠢᠨ ᠪᠠᠶ᠋ᠢᠩᠭᠤ᠎ᠶᠢᠨ ᠬᠣᠷᠢᠶ᠎ᠠ᠎ᠶᠢᠨ ᠠᠷᠪᠠᠨ ᠳᠣᠯᠣᠳᠤᠭᠠᠷ ᠬᠤᠷᠠᠯ ᠬᠥᠬᠡᠬᠣᠲᠠ᠎ᠳᠤ ᠡᠬᠢᠯᠡᠵᠦ᠍᠂ ᠬᠤᠷᠠᠯ᠎ᠡᠴᠡ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠪᠠᠶ᠋ᠢᠩᠭᠤ᠎ᠶᠢᠨ ᠬᠣᠷᠢᠶ᠎ᠠ᠎ᠶᠢᠨ ᠠᠷᠪᠠᠨ ᠳᠣᠯᠣᠳᠤᠭᠠᠷ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠦ᠍᠂ 《ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠪᠡᠷ ᠤᠳᠤᠷᠢᠳᠤᠮᠵᠢ ᠪᠣᠯᠭᠠᠵᠤ᠂ ᠮᠠᠨ᠎ᠤ ᠣᠷᠣᠨ᠎ᠤ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ》 ᠲᠣᠭᠣᠷᠢᠨ᠎ᠳᠤ ᠲᠤᠰᠬᠠᠢ ᠰᠡᠳᠦᠪ᠎ᠢᠶᠡᠷ ᠲᠦᠷᠦ᠎ᠶᠢᠨ ᠶᠠᠪᠤᠳᠠᠯ᠎ᠢ ᠵᠥᠪᠯᠡᠬᠦ᠌ ᠴᠢᠨᠠᠷᠲᠠᠢ ᠵᠥᠪᠯᠡᠯᠭᠡ ᠬᠢᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ᠌ ᠤᠷᠢᠯᠭ᠎ᠠ᠎ᠪᠠᠷ ᠬᠤᠷᠠᠯ᠎ᠳᠤ ᠣᠷᠣᠯᠴᠠᠭᠰᠠᠨ ᠪᠥᠭᠡᠳ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠯᠦᠸᠧ ᡁᠢ ᠬᠤ᠌᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠶᠤᠤ ᠶᠦᠩ ᠪᠥᠸᠧ᠂ ᠵᠠᠩ ᠪᠠᠶ ᠴᠧᠩ᠂ ᠵᠢᠨ ᠵᠤᠸᠠᠩ᠂ ᠢᠦᠶ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠤ᠂ ᠶᠠᠩ ᠵᠢᠶᠸ ᠪᠠᠶ᠋ᠢᠴᠠᠭᠠᠨ ᠰᠤᠳᠤᠯᠤᠯᠲᠠ ᠬᠢᠭᠰᠡᠨ ᠪᠠᠶ᠋ᠢᠳᠠᠯ᠎ᠤᠨ ᠲᠣᠳᠣᠷᠬᠠᠶ᠋ᠢᠯᠠᠯᠲᠠ ᠬᠢᠪᠠ᠃
ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠴᠧᠨ ᠰᠠᠷᠠᠨ᠎ᠠ᠂ ᠶᠤᠸᠠᠢ ᠶᠣᠣ ᠮᠢᠩ᠂ ᠼᠦᠢ ᠵᠧᠨ ᠡᠤ ᠪᠣᠯᠤᠨ ᠬᠣᠯᠪᠣᠭᠳᠠᠯ ᠪᠥᠬᠥᠶ ᠨᠢᠭᠡᠴᠢ᠎ᠶᠢᠨ ᠲᠥᠯᠥᠭᠡᠯᠡᠭᠴᠢ ᠯᠢᠦ ᠶᠦᠩ ᠪᠢᠨ᠂ ᠬᠠᠨ ᠹᠸᠩ ᠢᠦᠶ ᠵᠥᠪᠯᠡᠬᠦ᠌ ᠰᠡᠳᠦᠪ᠎ᠦᠨ ᠲᠣᠭᠣᠷᠢᠨ᠎ᠳᠤ ᠦᠭᠡ ᠬᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠬᠤᠯᠪᠤᠭᠳᠠᠯ ᠪᠥᠬᠥᠶ ᠬᠠᠷᠢᠭᠤᠴᠠᠯᠭᠠᠲᠠᠨ ᠠᠵᠢᠯ᠎ᠤᠨ ᠪᠠᠶ᠋ᠢᠳᠠᠯ᠎ᠢᠶᠠᠨ ᠲᠠᠨᠢᠯᠴᠠᠭᠤᠯᠵᠤ᠂ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠡᠶ ᠰᠠᠨᠠᠯ᠎ᠢᠶᠠᠨ ᠰᠣᠯᠢᠯᠴᠠᠪᠠ᠃
ᠬᠥᠬᠡᠬᠣᠲᠠ᠎ᠳᠤ ᠰᠠᠭᠤᠭ᠎ᠠ ᠬᠡᠰᠡᠭ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠡᠯ᠎ᠡ ᠠᠶ᠋ᠢᠮᠠᠭ ᠬᠤᠳᠠ᠎ᠶᠢᠨ ᠤᠯᠤᠰ ᠲᠦᠷᠦ᠎ᠶᠢᠨ ᠵᠥᠪᠯᠡᠯᠭᠡᠨ᠎ᠦ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃