6 ᠰᠠᠷ᠎ᠠ᠎ᠶ᠋ᠢᠨ 25 ᠤ᠋ ᠡᠳᠦᠷ᠎ᠠᠴᠠ 27 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠥᠷᠦ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱᠢ ᠭᠤᠸᠠᠩ ᠬᠤᠢ ᠤᠯᠠᠭᠠᠨᠴᠠᠪ ᠬᠤᠲᠠ᠎ᠶ᠋ᠢᠨ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ᠎ᠳᠤ ᠬᠦᠷᠴᠦ᠍ ᠬᠠᠪᠰᠤᠷᠤᠨ ᠲᠡᠳᠬᠦᠬᠦ᠎ᠶ᠋ᠢ ᠪᠠᠶ᠋ᠢᠩᠭᠤᠵᠢᠭᠤᠯᠤᠨ᠂ ᠰᠠᠭᠤᠷᠢᠰᠢᠨ ᠠᠵᠢᠯᠯᠠᠬᠤ ᠳ᠋ᠤ ᠲᠣᠬᠢᠷᠠᠮᠵᠢᠲᠠᠢ ᠪᠠ ᠦᠵᠡᠰᠬᠦᠯᠡᠨᠭᠳᠤ ᠰᠠᠢᠬᠠᠨ ᠬᠥᠳᠡᠭᠡ ᠲᠣᠰᠭᠤᠨ ᠤ᠋ ᠪᠥᠲᠦᠭᠡᠨ ᠪᠠᠶ᠋ᠢᠭᠤᠯᠤᠯᠲᠠ ᠵᠡᠷᠭᠡ ᠠᠵᠢᠯ᠎ᠢ ᠪᠠᠶ᠋ᠢᠴᠠᠭᠠᠨ ᠰᠤᠳᠤᠯᠪᠠ᠃
ᠱᠢ ᠭᠤᠸᠠᠩ ᠬᠤᠢ ᠲᠣᠰᠭᠤᠨ᠎ᠤ ᠰᠠᠭᠤᠭᠠᠯᠢ ᠠᠷᠠᠳ᠎ᠤᠨ ᠭᠡᠷ ᠪᠠᠶ᠋ᠢᠰᠢᠩ᠂ ᠲᠡᠵᠢᠭᠡᠨ ᠦᠷᠡᠵᠢᠭᠦᠯᠬᠦ᠌ ᠬᠤᠷᠰᠢᠶ᠎ᠠ ᠪᠣᠯᠤᠨ ᠠᠵᠤ ᠠᠬᠤᠶ᠋ᠢᠯᠠᠯ᠎ᠤᠨ ᠦᠢᠯᠡᠳᠪᠦᠷᠢ᠎ᠶ᠋ᠢᠨ ᠲᠠᠰᠤᠭ᠎ᠲᠤ᠌ ᠭᠦᠨᠵᠡᠭᠡᠶ᠋ᠢᠷᠡᠵᠦ᠍᠂ ᠲᠦᠷᠦ᠎ᠶ᠋ᠢᠨ ᠪᠤᠳᠤᠯᠭ᠎ᠠ᠎ᠶ᠋ᠢᠨ ᠨᠠᠶ᠋ᠢᠳᠠᠪᠤᠷᠢᠵᠢᠭᠤᠯᠤᠯᠲᠠ᠂ ᠬᠥᠮᠦᠰ᠎ᠤᠨ ᠣᠷᠤᠰᠢᠨ ᠰᠠᠭᠤᠷᠢᠰᠢᠬᠤ ᠣᠷᠴᠢᠨ ᠲᠣᠭᠤᠷᠢᠨ ᠪᠣᠯᠤᠨ ᠬᠠᠮᠲᠤ᠎ᠶ᠋ᠢᠨ ᠠᠵᠤ ᠠᠬᠤᠢ᠎ᠶ᠋ᠢᠨ ᠬᠥᠭᠵᠢᠯᠲᠡ᠎ᠶ᠋ᠢᠨ ᠪᠠᠶ᠋ᠢᠳᠠᠯ᠎ᠢ ᠨᠠᠷᠢᠨ ᠣᠶ᠋ᠢᠯᠠᠭᠠᠵᠤ᠂ 《ᠲᠦᠷᠪᠡᠨ ᠨᠢᠭᠡ ᠪᠦᠯᠦᠭ》 ᠤ᠋ᠨ ᠲᠦᠷᠦᠯ ᠬᠤᠪᠢᠶᠠᠨ ᠲᠦᠷᠦ᠎ᠶ᠋ᠢᠨ ᠪᠤᠳᠤᠯᠭ᠎ᠠ ᠵᠢ ᠬᠡᠷᠡᠭᠵᠢᠭᠦᠯᠵᠦ᠍᠂ ᠵᠣᠯᠭᠠᠭᠤᠯᠬᠤ ᠪᠡᠯᠡ ᠮᠥᠩᠭᠦ᠎ᠶ᠋ᠢ ᠰᠠᠶ᠋ᠢᠲᠤᠷ ᠬᠠᠮᠢᠶᠠᠷᠤᠨ ᠰᠠᠶ᠋ᠢᠲᠤᠷ ᠬᠡᠷᠡᠭᠯᠡᠵᠦ᠍᠂ ᠬᠦᠴᠦᠨ᠎ᠢᠶᠠᠨ ᠲᠥᠪᠯᠡᠷᠡᠭᠦᠯᠦᠨ ᠲᠣᠰᠭᠤᠨ᠎ᠤ ᠬᠠᠮᠲᠤ᠎ᠶ᠋ᠢᠨ ᠠᠵᠤ ᠠᠬᠤᠢ᠎ᠶ᠋ᠢ ᠬᠦᠴᠦᠷᠬᠡᠭᠵᠢᠭᠦᠯᠵᠦ᠍᠂ ᠮᠠᠯᠵᠢᠬᠤ ᠣᠷᠤᠨ᠎ᠤ ᠰᠠᠶ᠋ᠢᠲᠤᠷ ᠲᠡᠵᠢᠭᠡᠵᠦ᠍ ᠨᠠᠷᠢᠯᠢᠭ ᠠᠷᠠᠴᠢᠯᠠᠬᠤ᠎ᠶ᠋ᠢ ᠬᠦᠳᠦᠯᠦᠨ ᠵᠢᠯᠤᠭᠤᠳᠴᠤ᠌᠂ ᠠᠶᠤᠯ ᠲᠦᠭᠰᠢᠭᠦᠷᠢ᠎ᠶ᠋ᠢ ᠪᠠᠭᠠᠰᠭᠠᠬᠤ ᠪᠠ ᠣᠷᠤᠯᠭ᠎ᠠ᠎ᠪᠠᠨ ᠨᠡᠮᠡᠭᠳᠡᠭᠦᠯᠬᠦ᠎ᠶ᠋ᠢ ᠠᠬᠢᠭᠤᠯᠬᠤ ᠲᠡᠩᠴᠡᠭᠦᠷᠢ᠎ᠶ᠋ᠢᠨ ᠴᠡᠭ᠎ᠢ ᠣᠨᠤᠪᠴᠢᠲᠠᠢ ᠡᠷᠢᠨ ᠣᠯᠵᠤ᠂ ᠲᠠᠷᠢᠶᠠᠯᠠᠩ᠎ᠳᠤ ᠬᠤᠯᠪᠤᠭᠳᠠᠭᠰᠠᠨ ᠠᠵᠤ ᠠᠬᠤᠶ᠋ᠢᠯᠠᠯ᠎ᠤᠨ ᠠᠰᠢᠭ ᠲᠤᠰᠠ᠎ᠶ᠋ᠢ ᠬᠤᠯᠪᠤᠬᠤ ᠲᠣᠭᠲᠠᠴᠠ᠎ᠪᠠᠨ ᠲᠠᠰᠤᠷᠠᠯᠳᠠ᠎ᠦᠭᠡᠢ ᠲᠡᠭᠦᠯᠳᠡᠷᠵᠢᠭᠦᠯᠬᠦ᠎ᠶ᠋ᠢ ᠵᠣᠷᠢᠭᠵᠢᠭᠤᠯᠤᠨ ᠬᠦᠳᠦᠯᠦᠨ ᠵᠢᠯᠤᠭᠤᠳᠴᠤ᠌᠂ ᠲᠠᠷᠢᠶᠠᠯᠠᠩ᠎ᠲᠠᠢ ᠬᠤᠯᠪᠤᠭᠠᠯᠠᠨ ᠲᠠᠷᠢᠶᠠᠯᠠᠩ᠎ᠢ ᠳᠠᠶ᠋ᠢᠴᠢᠯᠠᠨ ᠲᠠᠷᠢᠶᠠᠴᠢᠳᠲᠤ᠌ ᠠᠰᠢᠭ ᠬᠦᠷᠲᠡᠭᠡᠵᠦ᠍᠂ ᠮᠠᠯᠴᠢᠨ ᠲᠠᠷᠢᠶᠠᠴᠢᠨ᠎ᠢ ᠬᠠᠪᠰᠤᠷᠤᠨ ᠬᠠᠮᠲᠤ᠎ᠪᠠᠷ ᠴᠢᠨᠡᠭᠡᠯᠢᠭᠵᠢᠬᠦ ᠬᠡᠷᠡᠭᠲᠡᠢ ᠭᠡᠵᠦ᠍ ᠴᠢᠬᠤᠯᠠᠴᠢᠯᠠᠪᠠ᠃
ᠱᠢ ᠭᠤᠸᠠᠩ ᠬᠤᠢ ᠪᠠᠰᠠ ᠬᠢᠯᠢ ᠵᠢᠨ ᠭᠠᠴᠠᠭ᠎ᠠ᠂ ᠬᠢᠯᠢ ᠰᠠᠬᠢᠬᠴᠢ ᠮᠠᠯᠴᠢᠨ᠎ᠤ ᠭᠡᠷ ᠪᠣᠯᠤᠨ ᠬᠢᠯᠢ᠎ᠶ᠋ᠢᠨ ᠬᠠᠮᠠᠭᠠᠯᠠᠯᠲᠠ᠎ᠶ᠋ᠢᠨ ᠴᠡᠷᠢᠭ ᠠᠩᠭᠢ᠎ᠳᠤ ᠭᠦᠨᠵᠡᠭᠡᠶ᠋ᠢᠷᠡᠵᠦ᠍᠂ ᠦᠢᠯᠡᠳᠪᠦᠷᠢᠯᠡᠯ ᠠᠮᠢᠳᠤᠷᠠᠯ᠂ ᠬᠥᠮᠦᠰ᠎ᠤᠨ ᠣᠷᠤᠰᠢᠨ ᠰᠠᠭᠤᠷᠢᠰᠢᠬᠤ ᠶ᠋ᠢ ᠰᠠᠶ᠋ᠢᠵᠢᠷᠠᠭᠤᠯᠬᠤ ᠪᠠ ᠴᠡᠷᠢᠭ ᠠᠩᠭᠢ᠎ᠶ᠋ᠢᠨ ᠪᠦᠲᠦᠭᠡᠨ ᠪᠠᠶ᠋ᠢᠭᠤᠯᠤᠯᠲᠠ᠎ᠶ᠋ᠢᠨ ᠪᠠᠶ᠋ᠢᠳᠠᠯ᠎ᠢ ᠨᠠᠷᠢᠨ ᠣᠶ᠋ᠢᠯᠠᠭᠠᠵᠤ᠂ ᠬᠤᠯᠪᠤᠭᠳᠠᠯ ᠪᠦᠬᠦᠢ ᠲᠠᠯ᠎ᠠ᠎ᠶ᠋ᠢ ᠬᠢᠯᠢ᠎ᠶ᠋ᠢᠨ ᠠᠷᠠᠳ᠎ᠤᠨ ᠪᠠᠴᠢᠮᠳᠠᠵᠤ ᠬᠦᠴᠢᠷᠳᠡᠵᠤ ᠵᠣᠪᠠᠨᠢᠵᠤ ᠬᠦᠰᠡᠵᠤ ᠪᠠᠢᠬᠤ ᠠᠰᠠᠭᠤᠳᠠᠯ᠎ᠢ ᠦᠨᠡᠨᠬᠦ᠌ ᠰᠢᠢᠳᠪᠦᠷᠢᠯᠡᠵᠦ᠍᠂ ᠤᠰᠤ ᠴᠠᠬᠢᠯᠭᠠᠨ ᠬᠡᠷᠡᠭᠯᠡᠬᠦ᠂ ᠡᠮᠴᠢᠯᠡᠭᠡᠨ᠎ᠤ ᠪᠠᠲᠤᠯᠠᠭ᠎ᠠ᠂ ᠬᠤᠭ ᠨᠣᠪᠰᠢ᠎ᠶ᠋ᠢ ᠰᠢᠢᠳᠪᠦᠷᠢᠯᠡᠬᠦ᠌ ᠵᠡᠷᠭᠡ ᠠᠵᠢᠯ᠎ᠢ ᠰᠠᠶ᠋ᠢᠲᠤᠷ ᠬᠢᠵᠦ᠍᠂ ᠬᠢᠯᠢ᠎ᠵᠢᠨ ᠮᠠᠯᠴᠢᠳ᠎ᠢ ᠰᠡᠳᠬᠢᠯ ᠲᠠᠭᠠᠯᠠᠮᠵᠢᠲᠠᠢ ᠠᠮᠢᠳᠤᠷᠠᠭᠤᠯᠬᠤ ᠬᠡᠷᠡᠭᠲᠡᠢ ᠭᠡᠵᠦ᠍ ᠱᠠᠭᠠᠷᠳᠠᠪᠠ᠃