149 ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ 150 ᠰᠢᠯᠢᠳᠡᠭ ᠨᠠᠮ᠎ᠤᠨ ᠠᠵᠢᠯᠲᠠᠨ᠂ 400 ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠁ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢᠨ ᠲᠠᠰᠢᠷᠠᠮ᠎ᠢᠶᠠᠷ᠂ ᠨᠠᠮ᠎ᠤᠨ ᠲᠥᠪ ᠬᠣᠷᠢᠶ᠎ᠠ᠎ᠡᠴᠡ ᠨᠢᠭᠡ ᠪᠦᠯᠦᠭ ᠪᠥᠬᠥ᠌ ᠤᠯᠤᠰ᠎ᠤᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠪᠥᠬᠥ᠌ ᠤᠯᠤᠰ᠎ᠤᠨ ᠰᠢᠯᠢᠳᠡᠭ ᠨᠠᠮ᠎ᠤᠨ ᠠᠵᠢᠯᠲᠠᠨ ᠪᠣᠯᠤᠨ ᠪᠥᠬᠥ᠌ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢ ᠬᠥᠬᠢᠭᠦᠯᠦᠨ ᠰᠠᠶ᠋ᠢᠰᠢᠶᠠᠬᠤ᠎ᠪᠠᠷ ᠲᠤᠭᠳᠠᠵᠦ᠂ ᠥᠪᠥᠷ ᠮᠣᠩᠭᠣᠯ᠎ᠤᠨ 7 ᠬᠤᠪᠢ ᠬᠥᠮᠦᠨ 6 ᠬᠠᠮᠲᠤ ᠨᠢᠬᠡᠴᠢ ᠰᠤᠩᠭᠤᠭᠳᠠᠪᠠ᠃ ᠡᠳᠡᠭᠡᠷ ᠨᠡᠶ᠋ᠢᠲᠡᠯᠢᠭ ᠵᠢᠱ᠌ᠢᠢ᠎ᠡ ᠨᠢ ᠡᠪ ᠬᠠᠮᠲᠤᠴᠤᠳ᠎ᠤᠨ ᠨᠠᠮ᠎ᠳᠠᠭᠠᠨ ᠦᠨᠡᠨᠴᠢ ᠰᠢᠳᠤᠷᠭᠤ᠂ ᠪᠣᠳᠠᠲᠠᠢ ᠠᠵᠢᠯᠯᠠᠬᠤ᠎ᠶᠢ ᠲᠡᠷᠢᠭᠦᠨ᠎ᠳᠦ ᠲᠠᠯᠪᠢᠬᠤ ᠤᠤᠷ ᠴᠢᠨᠠᠷ᠎ᠢ ᠠᠮᠢᠳᠤᠯᠢᠭ᠎ᠢᠶᠠᠷ ᠲᠠᠶ᠋ᠢᠯᠪᠤᠷᠢᠯᠠᠪᠠ᠃
ᠲᠡᠮᠡᠴᠡᠬᠦ᠌᠎ᠳᠦ ᠲᠦᠰᠢᠭᠯᠡᠬᠦ᠌ᠡᠴᠡ ᠪᠢᠰᠢ ᠬᠦᠯᠢᠶᠡᠬᠦ᠌᠎ᠳᠦ ᠲᠦᠰᠢᠭᠯᠡᠬᠦ᠌ ᠦᠭᠡᠢ᠂ ᠬᠢᠬᠦ᠌᠎ᠳᠦ ᠲᠦᠰᠢᠭᠯᠡᠬᠦ᠌ᠡᠴᠡ ᠪᠢᠰᠢ ᠬᠡᠯᠡᠬᠦ᠎ᠳᠤ ᠲᠦᠰᠢᠭᠯᠡᠬᠦ᠌ ᠦᠭᠡᠢ ᠪᠠᠢᠬᠤ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠠᠮᠤᠭ᠎ᠤᠨ ᠪᠣᠷᠣᠭᠵᠢᠭᠤᠨ ᠲᠡᠮᠡᠴᠡᠯ᠎ᠦᠨ ᠭᠦᠨ ᠤᠬᠠᠭᠠᠨ ᠪᠣᠯᠤᠨ᠎ᠠ᠃ ᠢᠷᠡᠭᠰᠡᠨ ᠵᠠᠮ᠎ᠢᠶᠠᠨ ᠡᠷᠭᠢᠴᠡᠭᠦᠯᠬᠦᠶ᠎ᠡ᠂ ᠮᠠᠨ᠎ᠤ ᠨᠠᠮ ᠪᠠᠭᠤᠷᠠᠶ ᠪᠠᠭ᠎ᠠ ᠪᠠᠶ᠋ᠢᠭᠰᠠᠨ᠎ᠡᠴᠡ᠎ᠪᠠᠨ ᠬᠦᠴᠦᠷᠬᠡᠭᠵᠢᠵᠦ᠍᠂ ᠰᠢᠨ᠎ᠡ ᠳᠤᠮᠳᠠᠳᠤ ᠤᠯᠤᠰ ᠶᠠᠳᠠᠭᠤ ᠬᠣᠭᠣᠰᠣᠨ ᠰᠠᠭᠤᠷᠢᠨ ᠳᠡᠭᠡᠷ᠎ᠡ ᠬᠥᠭᠵᠢᠯᠲᠡ᠎ᠶᠢᠨ ᠰᠠᠭᠤᠷᠢ᠎ᠪᠠᠨ ᠪᠡᠬᠢᠵᠢᠭᠦᠯᠵᠦ᠍᠂ ᠥᠭᠡᠷᠡᠴᠢᠯᠡᠯᠲᠡ ᠨᠡᠭᠡᠭᠡᠯᠲᠡ᠎ᠨᠢ ᠲᠤᠮᠳᠠᠳᠤ ᠤᠯᠤᠰ᠎ᠤᠨ ᠠᠭᠤᠳᠠᠮ ᠨᠤᠳᠤᠭ᠎ᠤᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠍᠂ ᠰᠢᠨ᠎ᠡ ᠴᠠᠭ ᠦᠶ᠎ᠡ᠎ᠳᠦ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠤ ᠢᠯᠠᠯᠲᠠ᠎ᠶᠢ ᠣᠯᠵᠤ᠂ ᠴᠢᠨᠡᠭᠡᠯᠢᠭ ᠨᠡᠶ᠋ᠢᠭᠡᠮ᠎ᠢ ᠪᠥᠬᠥ᠌ ᠲᠠᠯ᠎ᠠ᠎ᠪᠠᠷ ᠪᠡᠶᠡᠯᠡᠭᠦᠯᠬᠦ᠌᠂ ᠨᠤᠮᠢᠨ ᠤᠰᠤ ᠬᠥᠬᠡᠮᠳᠦᠭ ᠠᠭᠤᠯᠠ ᠦᠨᠢᠳᠡ ᠤᠷᠤᠰᠢᠬᠤ᠎ᠵᠢ ᠬᠤᠭᠤᠴᠠᠭ᠎ᠠ ᠶᠤᠰᠤᠭᠠᠷ ᠪᠡᠶᠡᠯᠡᠭᠦᠯᠪᠡ᠁ ᠡᠲᠡᠭᠡᠷ ᠲᠡᠦᠬᠡᠲᠦ᠍ ᠴᠢᠨᠠᠷᠲᠠᠶ ᠠᠮᠵᠢᠯᠲᠠ ᠪᠦᠲᠦᠮᠵᠢ᠎ᠶᠢ ᠤᠯᠬᠤ᠎ᠳᠤ ᠦᠶ᠎ᠡ ᠦᠶ᠎ᠡ᠎ᠶᠢᠨ ᠨᠠᠮ᠎ᠤᠨ ᠭᠡᠰᠢᠭᠦᠨ ᠺᠠᠳ᠋ᠷᠴᠤᠳ᠎ᠤᠨ ᠦᠷᠭᠦᠯᠵᠢᠯᠡᠨ ᠲᠡᠮᠡᠴᠡᠵᠦ᠍᠂ ᠰᠢᠷᠭᠠᠭᠤ ᠬᠠᠲᠠᠭᠤᠵᠢᠯᠲᠠᠶ ᠠᠵᠢᠯᠯᠠᠬᠤ᠎ᠳᠤ ᠲᠦᠰᠢᠭᠯᠡᠵᠦ᠍᠂ ᠨᠠᠮ᠎ᠡᠴᠡ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠨᠢᠭᠡᠳᠦᠨ ᠲᠡᠮᠡᠴᠡᠵᠦ᠍᠂ ᠬᠦᠴᠢᠷ᠎ᠢ ᠳᠤᠭᠤᠯᠤᠨ ᠪᠡᠷᠬᠡ᠎ᠶᠢ ᠳᠠᠪᠠᠬᠤ᠎ᠳᠤ ᠲᠦᠰᠢᠭᠯᠡᠭᠰᠡᠨ ᠶᠤᠮ᠂ ᠡᠳᠡᠭᠡᠷ ᠪᠣᠶ ᠪᠥᠬᠥᠶ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ᠎ᠨᠢ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠭᠴᠢᠳ᠎ᠤᠨ ᠬᠢ ᠶᠤᠮ᠃
ᠰᠢᠨ᠎ᠡ ᠠᠶᠠᠨ᠎ᠳᠤ ᠴᠠᠭ ᠮᠦᠴᠡ ᠲᠠᠢ ᠤᠷᠤᠯᠳᠤᠵᠤ᠂ ᠡᠷᠡᠮᠡᠬᠡᠶ᠋ᠢᠯᠡᠨ ᠤᠷᠤᠭᠰᠢᠯᠠᠬᠤ ᠬᠠᠷᠢᠭᠤᠯᠲᠠ᠎ᠶᠢᠨ ᠬᠠᠭᠤᠳᠠᠰᠤ᠎ᠶᠢ ᠦᠨᠡᠨ ᠪᠣᠳᠠᠲᠠᠢ ᠠᠵᠢᠯᠯᠠᠬᠤ᠎ᠳᠤ ᠲᠦᠰᠢᠭᠯᠡᠨ ᠪᠢᠴᠢᠭᠯᠡᠬᠦ᠌ ᠬᠡᠷᠡᠭᠲᠡᠢ᠃ ᠣᠳᠣᠬᠠᠨ᠎ᠳᠤ᠂ ᠤᠷᠤᠨ ᠳᠠᠶᠠᠭᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠬᠤ᠎ᠶᠢ ᠯᠠᠪᠳᠠᠭᠤᠨ ᠪᠠᠳᠤᠳᠠᠢ ᠠᠬᠢᠭᠤᠯᠵᠤ᠂ ᠭᠠᠵᠠᠷ ᠪᠤᠯᠭᠠᠨ ᠲᠡᠮᠡᠴᠡᠯ᠎ᠤᠨ ᠤᠷᠤᠯᠳᠤᠭᠠᠨ᠎ᠤ ᠲᠠᠯᠠᠪᠤᠷ ᠪᠤᠯᠵᠦ ᠪᠤᠢ᠃ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ᠌ ᠤᠷᠤᠯᠳᠤᠭᠠᠨ᠎ᠤ ᠵᠠᠮ ᠳᠡᠭᠡᠷ᠎ᠡ᠂ ᠨᠠᠮ᠎ᠤᠨ ᠭᠡᠰᠢᠭᠦᠨ᠎ᠦ ᠭᠣᠣᠯᠯᠠᠬᠤ ᠬᠦᠴᠦᠨ ᠲᠦᠷᠦᠭᠦᠯᠡᠨ ᠪᠣᠭᠣᠮᠲᠠ ᠰᠢᠪᠲᠤᠯᠵᠤ᠂ ᠪᠣᠭᠣᠮᠢ᠎ᠶᠢ ᠰᠢᠪᠲᠤᠯᠬᠤ ᠴᠢᠬᠤᠯᠠᠲᠠᠢ; ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠪᠤᠭᠤᠮᠳᠠ ᠰᠢᠪᠳᠤᠯᠬᠤ ᠵᠠᠮ ᠳᠡᠭᠡᠷ᠎ᠡ ᠨᠠᠮ᠎ᠤᠨ ᠭᠡᠰᠢᠭᠦᠨ ᠺᠠᠳ᠋ᠷᠴᠤᠳ ᠬᠦᠨᠳᠦ ᠡᠭᠦᠷᠭᠡ᠎ᠶᠢ ᠵᠣᠷᠢᠭᠲᠠᠢ ᠡᠭᠦᠷᠭᠡᠯᠡᠵᠦ᠍᠂ ᠵᠣᠷᠢᠭᠲᠠᠢ ᠬᠢᠵᠦ᠍ ᠵᠣᠷᠢᠭᠲᠠᠢ ᠠᠵᠢᠯᠯᠠᠬᠤ ᠴᠢᠬᠤᠯᠠᠲᠠᠢ; ᠥᠪᠥᠷ ᠮᠣᠩᠭᠣᠯ᠎ᠤᠨ ᠥᠷᠭᠡᠨ ᠠᠭᠤᠳᠠᠮ ᠨᠤᠲᠤᠭ ᠳᠡᠪᠢᠰᠬᠡᠷᠲᠦ᠍᠂ ᠲᠣᠭ᠎ᠠ ᠲᠣᠮᠰᠢ ᠦᠭᠡᠢ ᠦᠨᠳᠦᠰᠦᠨ ᠱᠠᠲᠤᠨ᠎ᠤ ᠺᠠᠳ᠋ᠷ ᠨᠤᠲᠤᠭ ᠤᠰᠤᠨ᠎ᠳᠠᠭᠠᠨ ᠦᠨᠳᠦᠰᠦᠯᠡᠵᠦ᠍᠂ ᠰᠢᠷᠭᠠᠭᠤ ᠬᠠᠲᠠᠭᠤᠵᠢᠯᠲᠠᠢ ᠠᠵᠢᠯᠯᠠᠨ᠂ 《ᠶᠠᠳᠠᠷᠠᠯ ᠵᠦᠳᠡᠷᠡᠯ᠎ᠦᠨ ᠵᠢᠭᠠᠯᠲᠠ ᠲᠣᠭ᠎ᠠ》 ᠪᠡᠷ ᠤᠯᠠᠨ ᠲᠦᠮᠡᠨ᠎ᠦ 《ᠵᠣᠯ ᠵᠢᠷᠭᠠᠯ᠎ᠤᠨ ᠵᠢᠭᠠᠯᠲᠠ ᠲᠣᠭ᠎ᠠ》 ᠵᠢ ᠰᠣᠯᠢᠬᠤ ᠴᠢᠬᠤᠯᠠᠲᠠᠢ ᠁ ᠡᠷᠡᠰ ᠰᠢᠭᠤᠷᠬᠠᠢ᠎ᠪᠡᠷ ᠪᠤᠳᠠᠳᠠᠢ ᠠᠵᠢᠯ ᠬᠢᠳᠡᠭ ᠬᠦᠮᠦᠨ ᠪᠤᠯᠬᠤ ᠡᠴᠡ ᠪᠢᠰᠢ᠂ ᠬᠤᠭᠤᠰᠤᠨ ᠦᠭᠡ ᠶᠠᠷᠢᠳᠠᠭ ᠬᠦᠮᠦᠨ ᠪᠤᠯᠬᠤ ᠦᠭᠡᠢ ᠪᠠᠢᠵᠤ᠂ ᠬᠦᠴᠢᠷ᠎ᠢ ᠲᠤᠭᠤᠯᠤᠨ ᠪᠡᠷᠭᠡ᠎ᠵᠢ ᠳᠠᠪᠠᠬᠤ ᠲᠡᠮᠡᠴᠡᠭᠴᠢ ᠪᠤᠯᠬᠤ ᠡᠴᠡ ᠪᠢᠰᠢ᠂ ᠰᠠᠯᠬᠢ ᠪᠤᠷᠤᠭᠠᠨ᠎ᠡᠴᠡ ᠠᠶᠤᠬᠤ ᠰᠢᠪᠠᠷ ᠪᠤᠷᠬᠠᠨ ᠪᠤᠯᠬᠤ ᠦᠭᠡᠢ ᠪᠠᠢᠵᠤ᠂ ᠬᠠᠷᠢᠭᠤᠴᠠᠯᠭ᠎ᠠ᠎ᠪᠠᠨ ᠪᠤᠳᠠᠳᠠᠢ ᠠᠵᠢᠯᠯᠠᠬᠤ ᠳᠡᠭᠡᠷ᠎ᠡ ᠨᠠᠢᠳᠠᠪᠤᠷᠢᠵᠢᠭᠤᠯᠵᠤ᠂ ᠨᠡᠩ ᠶᠡᠬᠡ ᠠᠮᠵᠢᠯᠲᠠ ᠪᠦᠲᠦᠮᠵᠢ ᠭᠠᠷᠭᠠᠵᠤ᠂ ᠨᠡᠩ ᠶᠡᠬᠡ ᠢᠷᠠᠭᠤ ᠠᠯᠳᠠᠷ᠎ᠢ ᠲᠡᠮᠡᠴᠡᠨ ᠤᠯᠬᠤ ᠬᠡᠷᠡᠭᠲᠡᠢ᠃
ᠪᠣᠳᠠᠲᠠᠢ ᠠᠵᠢᠯᠯᠠᠬᠤ ᠨᠢ ᠬᠡᠢ ᠬᠤᠭᠤᠰᠤᠨ ᠤᠷᠢᠶ᠎ᠠ ᠪᠢᠰᠢ᠂ ᠬᠠᠷᠢᠨ ᠠᠵᠢᠯᠯᠠᠭ᠎ᠠ᠎ᠳᠠᠭᠠᠨ ᠦᠢᠯᠡᠳᠦᠯᠭᠡᠵᠢᠭᠦᠯᠬᠦ ᠤᠬᠠᠮᠰᠠᠷ ᠪᠠ ᠬᠠᠷᠢᠭᠤᠴᠠᠯᠭ᠎ᠠ᠎ᠡᠭᠦᠷᠭᠡᠯᠡᠯ ᠮᠦᠨ᠃ ᠡᠪ ᠬᠠᠮᠲᠤᠴᠤᠳᠲᠤ᠌ ᠠᠪᠴᠤ᠌ ᠬᠡᠯᠡᠪᠡᠯ᠂ ᠬᠠᠮᠤᠭ᠎ᠤᠨ ᠰᠠᠢᠨ ᠦᠢᠯᠡᠰ᠎ᠤᠨ ᠰᠠᠬᠢᠶ᠎ᠠ ᠪᠣᠯ ᠦᠢᠯᠡᠰ ᠪᠤᠰᠬᠠᠬᠤ ᠶᠠᠪᠤᠳᠠᠯ ᠮᠥᠨ᠂ ᠬᠠᠮᠤᠭ᠎ᠤᠨ ᠰᠠᠢ᠌ᠨ ᠣᠪᠣᠷ ᠪᠠᠶ᠋ᠢᠳᠠᠯ ᠪᠤᠯ ᠴᠢᠷᠮᠠᠶ᠋ᠢᠨ ᠲᠡᠮᠡᠴᠡᠬᠦ᠌ ᠶᠠᠪᠤᠳᠠᠯ ᠮᠥᠨ᠃ ᠮᠠᠰᠢᠨ ᠬᠦᠷᠴᠢᠭᠢᠨᠡᠭᠰᠡᠨ ᠦᠢᠯᠡᠳᠪᠦᠷᠢ ᠵᠢᠨ ᠲᠠᠰᠤᠭ᠂ ᠬᠥᠷ ᠬᠥᠭᠵᠢᠶᠡᠨᠲᠡᠶ ᠲᠠᠷᠢᠶᠠᠨ ᠭᠠᠵᠠᠷ᠎ᠤᠨ ᠲᠠᠯᠠᠪᠠᠶ ᠭᠡᠰᠡᠨ ᠥᠬᠡᠶ᠂ ᠨᠢᠭᠡ ᠰᠡᠳᠬᠢᠯ᠎ᠢᠶᠡᠷ ᠰᠢᠮᠳᠠᠨ ᠰᠤᠳᠤᠯᠬᠤ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠤᠷᠰᠢᠯᠲᠠ᠎ᠶᠢᠨ ᠲᠠᠰᠤᠭ᠂ ᠣᠯᠠᠨ ᠲᠦᠮᠡᠨ᠎ᠳᠦ ᠦᠢᠯᠡᠴᠢᠯᠡᠬᠦ ᠦᠨᠳᠦᠰᠦᠨ ᠱᠠᠲᠤᠨ᠎ᠤ ᠦᠢᠯᠡᠴᠢᠯᠡᠭᠴᠢ ᠭᠡᠰᠡᠨ ᠥᠬᠡᠶ᠂ ᠪᠥᠬᠥ᠌ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠲᠡᠷᠢᠭᠦᠨ᠎ᠦ ᠨᠡᠶ᠋ᠢᠲᠡᠯᠢᠭ ᠵᠢᠱ᠌ᠢᠶ᠎ᠡ᠎ᠪᠡᠷ ᠬᠡᠪ ᠳᠠᠭᠤᠷᠢᠶᠠᠯ ᠪᠣᠯᠭᠠᠵᠤ᠂ ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠲᠤᠬᠠᠶ᠋ᠢᠯᠠᠭᠰᠠᠨ ᠠᠵᠢᠯ᠎ᠳᠠᠭᠠᠨ ᠰᠠᠭᠤᠷᠢᠯᠠᠨ᠂ ᠡᠷᠴᠢ ᠵᠣᠷᠢᠭ᠎ᠢᠶᠠᠨ ᠬᠥᠪᠴᠢᠯᠡᠵᠦ᠍᠂ ᠪᠣᠳᠠᠲᠠᠶ ᠠᠵᠢᠯᠯᠠᠨ ᠰᠢᠨ᠎ᠡ ᠴᠠᠭ ᠦᠶ᠎ᠡ᠎ᠶᠢᠨ ᠰᠢᠯᠭᠠᠯᠲᠠ᠎ᠳᠤ ᠣᠷᠣᠯᠴᠠᠬᠤ ᠵᠠᠮ᠎ᠢᠶᠠᠷ ᠰᠠᠶ᠋ᠢᠲᠤᠷ ᠵᠠᠮᠨᠠᠬᠤ ᠬᠡᠷᠡᠭᠲᠡᠶ᠃