ᠣᠶ᠋ᠢᠷ᠎ᠠ᠎ᠳᠤ ᠦᠪᠤᠷ ᠮᠤᠡᠭᠭᠤᠯ 2.7 ᠳ᠋ᠦᠩᠰᠢᠭᠤᠷ ᠲᠥᠭᠥᠷᠢᠭ᠎ᠤᠨ ᠲᠤᠰᠬᠠᠢ ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠭᠦᠯᠦᠨ ᠪᠠᠭᠤᠯᠭᠠᠵᠤ᠂ 7 ᠠᠶ᠋ᠢᠮᠠᠭ ᠬᠤᠳᠠ᠎ᠶᠢᠨ ᠬᠤᠳᠠ ᠲᠣᠭᠣᠷᠢᠭ᠎ᠢ ᠥᠭᠡᠷᠡᠴᠢᠯᠡᠨ ᠰᠢᠨᠡᠳᠬᠡᠬᠦ᠌᠎ᠶᠢ ᠳᠡᠮᠵᠢᠵᠦ᠍᠂ ᠬᠠᠭᠤᠴᠢᠨ ᠬᠤᠳᠡ ᠲᠣᠭᠣᠷᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠬᠦ᠌᠎ᠳᠤ ᠪᠠᠲᠤ᠌ ᠪᠡᠬᠢ ᠪᠡᠯᠡ ᠮᠥᠩᠭᠥ᠎ᠶᠢᠨ ᠪᠠᠲᠤᠯᠠᠭ᠎ᠠ ᠬᠠᠩᠭᠠᠵᠤ᠂ ᠬᠤᠳᠠ᠎ᠶᠢᠨ ᠲᠦᠷᠢ ᠲᠦᠷᠬᠦ᠌᠎ᠶᠢ ᠰᠢᠨᠡᠴᠢᠯᠡᠨ ᠠᠷᠠᠳ᠎ᠲᠤ᠌ ᠠᠰᠢᠭ ᠬᠦᠷᠲᠡᠭᠡᠬᠦ᠌ ᠠᠷᠭ᠎ᠠ ᠬᠡᠮᠵᠢᠶ᠎ᠡ᠎ᠶᠢ ᠦᠨᠡᠨ ᠬᠦ᠌ ᠦᠨᠳᠦᠰᠦᠨ ᠱᠠᠲᠤᠨ᠎ᠳᠤ ᠨᠠᠶ᠋ᠢᠳᠠᠪᠤᠷᠢᠵᠢᠭᠤᠯᠵᠤ᠂ ᠪᠣᠳᠠᠲᠠᠢ᠎ᠳᠤ ᠨᠠᠶ᠋ᠢᠳᠠᠪᠤᠷᠢᠵᠢᠭᠤᠯᠪᠠ᠃
ᠬᠠᠭᠤᠴᠢᠨ ᠬᠣᠲᠠ ᠲᠣᠭᠣᠷᠢᠭ᠎ᠤᠨ 《ᠲᠡᠷᠭᠡ ᠵᠣᠭᠰᠤᠭᠠᠬᠤ᠎ᠳᠤ ᠬᠦᠴᠢᠷᠲᠡᠢ》 ᠨᠡᠶ᠋ᠢᠲᠡᠯᠢᠭ ᠠᠰᠠᠭᠤᠳᠠᠯ᠎ᠢ ᠰᠶ᠋ᠢᠳᠪᠦᠷᠢᠯᠡᠬᠦ᠌ᠶᠢᠨ ᠲᠥᠯᠥᠭᠡ ᠲᠣᠰ ᠤᠳᠠᠭᠠᠨ᠎ᠤ ᠥᠭᠡᠷᠡᠴᠢᠯᠡᠯᠲᠡ᠎ᠨᠢ ᠬᠡᠰᠡᠭ ᠣᠷᠣᠨ᠎ᠳᠤ 3.1988 ᠲᠦᠮᠡᠨ ᠲᠡᠭᠰᠢ ᠳᠥᠷᠪᠡᠯᠵᠢᠨ ᠮᠧᠲ᠋ᠷ ᠪᠣᠰᠣᠭ᠎ᠠ ᠴᠣᠭᠴᠠᠲᠤ᠌ ᠲᠡᠷᠭᠡᠨ ᠵᠣᠭᠰᠣᠭᠠᠯ ᠵᠢᠴᠢ ᠪᠤᠰᠤᠳ ᠲᠡᠷᠭᠡᠨ ᠵᠣᠭᠰᠣᠭᠠᠯ᠎ᠢ ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠵᠦ᠍ ᠰᠢᠨᠡᠳᠬᠡᠨ ᠪᠠᠶ᠋ᠢᠭᠤᠯᠤᠨ᠎ᠠ᠃ ᠡᠭᠦᠨ᠎ᠤ ᠬᠠᠮᠲᠤ᠌᠂ ᠠᠷᠠᠳ᠎ᠲᠤ᠌ ᠲᠥᠬᠥᠮ ᠦᠵᠡᠭᠦᠯᠵᠦ᠍ ᠨᠠᠰᠤᠲᠠᠶ᠋ᠢᠴᠤᠳᠲᠤ᠌ ᠲᠣᠬᠢᠷᠠᠬᠤ ᠣᠯᠠᠨ ᠨᠡᠢ᠌ᠲᠡ᠎ᠶᠢᠨ ᠦᠢᠯᠡᠴᠢᠯᠡᠭᠡᠨ᠎ᠤ ᠲᠥᠷᠥᠯ ᠵᠦᠢᠯ᠂ ᠰᠠᠭᠠᠳ ᠦᠭᠡᠢ ᠲᠥᠬᠥᠮ ᠦᠵᠡᠭᠦᠯᠬᠦ᠌ ᠢᠵᠢ ᠪᠦᠷᠢᠳᠦᠬᠦᠯᠬᠦ ᠲᠥᠬᠦᠭᠡᠷᠦᠮᠵᠢ ᠵᠡᠷᠭᠡ᠎ᠶᠢ ᠬᠡᠷᠡᠭᠵᠢᠭᠦᠯᠵᠦ᠍᠂ ᠣᠯᠠᠨ ᠨᠡᠢ᠌ᠲᠡ᠎ᠶᠢᠨ ᠦᠢᠯᠡᠴᠢᠯᠡᠭᠡᠨ᠎ᠤ ᠳᠤᠲᠠᠭᠤᠳᠠᠯ᠎ᠢ ᠠᠯᠬᠤᠮ ᠠᠯᠬᠤᠮ᠎ᠢᠶᠠᠷ ᠨᠥᠬᠥᠪᠦᠷᠢᠯᠡᠨ᠎ᠡ᠃
ᠰᠠᠭᠤᠷᠢ ᠲᠥᠬᠦᠭᠡᠷᠦᠮᠵᠢ᠎ᠶᠢ ᠲᠡᠭᠦᠯᠳᠡᠷᠵᠢᠭᠦᠯᠬᠦ᠌ ᠲᠠᠯ᠎ᠠ᠎ᠪᠠᠷ᠂ ᠲᠣᠰ ᠤᠳᠠᠭᠠᠨ᠎ᠤ ᠦᠬᠡᠷᠡᠴᠢᠯᠡᠯᠳᠡ ᠳ᠋ᠤ 93 ᠺᠢᠯᠣᠮᠧᠲ᠋ᠷ᠎ᠤᠨ ᠢᠯᠴᠢ ᠬᠠᠩᠭᠠᠬᠤ ᠬᠣᠭᠣᠯᠠᠢ ᠲᠣᠣᠷ᠂ 56 ᠺᠢᠯᠣᠮᠧᠲ᠋ᠷ᠎ᠤᠨ ᠤᠰᠤ ᠬᠠᠩᠭᠠᠬᠤ ᠬᠣᠭᠣᠯᠠᠢ ᠲᠣᠣᠷ᠂ 66 ᠺᠢᠯᠣᠮᠧᠲᠷ᠎ᠤᠨ ᠰᠢᠲᠠᠮᠠᠬᠠᠢ ᠬᠡᠢ᠎ᠶᠢᠨ ᠬᠣᠭᠣᠯᠠᠢ ᠲᠣᠣᠷ᠎ᠢ ᠲᠠᠰ ᠳᠡᠪᠰᠢᠭᠦᠯᠦᠨ ᠰᠢᠨᠡᠳᠬᠡᠬᠦ᠌ ᠠᠵᠢᠯ᠎ᠢ ᠠᠬᠢᠭᠤᠯᠵᠤ᠂ 85 ᠺᠢᠯᠣᠮᠧᠲᠷ᠎ᠤᠨ ᠤᠰᠤ ᠭᠠᠳᠠᠭᠰᠢᠯᠠᠭᠤᠯᠬᠤ᠂ ᠪᠤᠷᠤᠭᠠᠨ᠎ᠤ ᠤᠰᠤ᠎ᠶᠢ ᠭᠠᠳᠠᠭᠰᠢᠯᠠᠭᠤᠯᠬᠤ ᠬᠣᠭᠣᠯᠠᠢ ᠲᠣᠣᠷ ᠵᠢᠴᠢ ᠭᠣᠣᠯ᠎ᠤᠨ ᠭᠤᠯᠳᠤᠷᠢᠯ᠎ᠢ ᠴᠡᠭᠴᠡᠯᠡᠨ ᠵᠠᠰᠠᠬᠤ ᠢᠨᠵᠧᠨᠧᠷᠢᠩ᠎ᠢ ᠵᠡᠷᠭᠡ᠎ᠪᠠᠷ ᠪᠡᠶᠡᠯᠡᠭᠦᠯᠦᠨ᠎ᠡ᠃ ᠥᠭᠡᠷᠡᠴᠢᠯᠡᠨ ᠰᠠᠶ᠋ᠢᠵᠢᠷᠠᠭᠤᠯᠬᠤ᠎ᠪᠠᠷ ᠳᠠᠮᠵᠢᠭᠤᠯᠤᠨ᠂ ᠬᠣᠭᠣᠯᠠᠢ ᠲᠣᠣᠷ᠎ᠤᠨ ᠬᠠᠭᠤᠴᠢᠷᠠᠭᠰᠠᠨ ᠵᠡᠷᠭᠡ ᠠᠰᠠᠭᠤᠳᠠᠯ᠎ᠢ ᠦᠨᠡᠨ ᠬᠦ᠌ ᠰᠶ᠋ᠢᠳᠪᠦᠷᠢᠯᠡᠵᠦ᠍᠂ ᠬᠣᠲᠠ᠎ᠶᠢᠨ ᠰᠠᠭᠤᠷᠢ ᠲᠦᠬᠦᠬᠡᠷᠤᠮᠵᠢ᠎ᠶᠢᠨ ᠪᠦᠲᠦᠭᠡᠨ ᠪᠠᠶ᠋ᠢᠭᠤᠯᠤᠯᠲᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ᠌ ᠪᠤᠯᠤᠨ᠎ᠡ᠃ ᠬᠥᠬᠡᠬᠣᠲᠠ᠎ᠶᠢᠨ ᠬᠠᠭᠤᠴᠢᠨ ᠵᠡᠭᠡᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ᠌᠎ᠪᠠᠷ ᠵᠢᠱ᠌ᠢᠶᠡᠯᠡᠪᠡᠯ᠂ 《ᠬᠠᠭᠤᠴᠢᠨ᠎ᠢ᠎ᠨᠢ ᠦᠯᠡᠳᠡᠭᠡᠬᠦ᠂ ᠰᠢᠨ᠎ᠡ᠎ᠪᠠᠷ ᠨᠥᠬᠥᠪᠦᠷᠢᠯᠡᠬᠦ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ》 ᠵᠠᠷᠴᠢᠮ᠎ᠢ ᠪᠠᠷᠢᠮᠲᠠᠯᠠᠵᠤ᠂ 1.44 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠭᠠᠵᠠᠷ᠎ᠢ ᠦᠬᠡᠷᠡᠴᠢᠯᠡᠨ ᠰᠢᠨᠡᠳᠬᠡᠵᠤ᠂ ᠬᠠᠮᠢᠶ᠎ᠠ ᠪᠦᠬᠦᠢ ᠢᠵᠢ ᠪᠦᠷᠢᠳᠦᠭᠦᠯᠬᠦ᠌ ᠲᠦᠬᠦᠬᠡᠷᠤᠮᠵᠢ᠎ᠶᠢ ᠵᠡᠷᠭᠡ ᠳ᠋ᠤᠨᠢ ᠲᠡᠭᠦᠯᠳᠡᠷᠵᠢᠭᠦᠯᠦᠨ᠂ ᠰᠠᠭᠤᠭᠠᠯᠢ ᠠᠷᠠᠳ᠎ᠤᠨ ᠠᠮᠢᠳᠤᠷᠠᠯ᠎ᠤᠨ ᠣᠷᠣᠨ ᠵᠠᠢ᠎ᠶᠢ ᠦᠷᠭᠦᠯᠵᠢᠯᠡᠨ ᠰᠢᠯᠢᠳᠡᠭᠵᠢᠭᠦᠯᠬᠦ ᠪᠡᠷ ᠪᠤᠢ᠃
《ᠲᠠᠷᠠᠭᠠᠴᠢ᠎ᠶᠢᠨ ᠠᠯᠬᠤᠮ᠎ᠳᠤ᠂ ᠪᠢᠳᠡ ᠦᠷᠭᠦᠯᠵᠢᠯᠡᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠶ᠋ᠢᠭᠤᠯᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠥᠪᠡᠷᠲᠡᠭᠡᠨ ᠵᠠᠰᠠᠬᠤ ᠣᠷᠣᠨ᠎ᠤ ᠬᠣᠲᠠ᠎ᠶᠢᠨ ᠰᠢᠨᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠤᠨ ᠠᠵᠢᠯ᠎ᠢ ᠲᠦᠷᠭᠡᠳᠬᠡᠨ ᠬᠡᠷᠡᠭᠵᠢᠭᠦᠯᠵᠦ᠍᠂ ᠠᠷᠠᠳ᠎ᠤᠨ ᠠᠮᠢᠳᠤᠷᠠᠯ᠎ᠤᠨ ᠬᠡᠷᠡᠭᠴᠡᠭᠡ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠡᠯᠡ ᠮᠥᠩᠭᠥ᠎ᠶᠢᠨ ᠣᠷᠣᠭᠤᠯᠤᠯᠲᠠ᠎ᠶᠢᠨ ᠬᠠᠨᠳᠤᠰᠢ᠎ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠣᠲᠠ᠎ᠶᠢᠨ ᠰᠢᠨᠡᠴᠢᠯᠡᠯᠲᠡ᠎ᠶᠢᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠤᠨ᠎ᠠ》 ᠬᠡᠵᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠢᠶ᠎ᠡ ᠪᠦᠬᠦᠢ ᠬᠠᠷᠢᠭᠤᠴᠠᠯᠭᠠᠲᠠᠨ ᠡᠴᠡ ᠲᠠᠨᠢᠯᠴᠠᠭᠤᠯᠪᠠ᠃