ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠠᠵᠢᠯᠲᠠᠨ ᠤᠷᠢᠨ ᠡᠯᠰᠡᠬᠦ ᠴᠤᠬᠯᠠᠭᠠᠨ ᠡᠷᠬᠢᠯᠡᠪᠠ
2026-06-30 10:12:06
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠤᠮᠠᠷᠠᠲᠤ ᠬᠢᠯᠢ᠎ᠶᠢᠨ ᠤᠷᠠᠨ ᠳᠠᠷᠬᠠᠨ·ᠰᠢᠨ᠎ᠡ ᠡᠨᠧᠷᠭᠢ ᠲᠣᠨᠣᠭᠯᠠᠯ ᠦᠢᠯᠡᠳᠬᠦ ᠠᠵᠢᠯ ᠲᠥᠷᠥᠯ᠎ᠦᠨ ᠭᠤᠷᠪᠠᠨ ᠭᠣᠣᠯ ᠴᠣᠭᠴᠠ᠎ᠶᠢᠨ ᠬᠠᠮᠵᠢᠯᠴᠠᠨ ᠠᠵᠢᠯ ᠣᠯᠭᠣᠯᠲᠠ᠎ᠶᠢ ᠠᠬᠢᠭᠤᠯᠬᠤ ᠣᠨᠴᠠᠯᠢᠭ᠍ᠲᠤ ᠲᠥᠷᠥᠯ ᠵᠦᠢᠯ᠎ᠳᠦ ᠲᠦᠰᠢᠭᠯᠡᠨ᠂ ᠰᠢᠨ᠎ᠡ ᠡᠨᠧᠷᠭᠢ᠎ᠶᠢᠨ ᠴᠠᠬᠢᠯᠭᠠᠨ ᠬᠦᠴᠦᠨ ᠬᠢᠭᠡᠳ ᠲᠣᠨᠣᠭᠯᠠᠯ ᠦᠢᠯᠡᠳᠬᠦ ᠠᠵᠢᠯ ᠲᠥᠷᠥᠯ᠎ᠦᠨ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠡᠷᠬᠢᠯᠡᠪᠡ᠃

ᠲᠤᠰ ᠤᠳᠠᠭᠠᠨ᠎ᠤ ᠤᠷᠢᠨ ᠡᠯᠰᠡᠬᠦ ᠴᠤᠭᠯᠠᠭᠠᠨ ᠨᠢ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠲᠠᠢ ᠰᠢᠨ᠎ᠡ ᠡᠨᠧᠷᠭᠢ᠂ ᠳᠡᠭᠡᠳᠦ ᠳᠡᠰ᠎ᠤᠨ ᠲᠣᠨᠣᠭᠯᠠᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠳᠦ ᠠᠩᠬᠠᠷᠤᠯ᠎ᠢᠶᠠᠨ ᠲᠦᠪᠯᠡᠷᠡᠭᠦᠯᠦᠨ ᠠᠵᠢᠯ ᠲᠥᠷᠥᠯ᠎ᠦᠨ 10  ᠰᠢᠯᠢᠳᠡᠭ ᠳᠠᠭᠠᠭᠤᠯᠤᠭ᠍ᠴᠢ ᠠᠵᠤ ᠠᠬᠤᠢᠯᠠᠯ᠎ᠢ ᠨᠠᠷᠢᠨ ᠨᠢᠮᠪᠠᠢ ᠰᠢᠯᠢᠨ ᠰᠣᠩᠭᠣᠵᠤ ᠰᠦᠯᠵᠢᠶᠡᠨ᠎ᠳᠡᠭᠡᠷ᠎ᠡ ᠲᠠᠨᠢᠯᠴᠠᠭᠤᠯᠵᠤ᠂ ᠰᠢᠨ᠎ᠡ ᠡᠨᠧᠷᠭᠢ᠎ᠶᠢᠨ ᠴᠠᠬᠢᠯᠭᠠᠨ ᠬᠦᠴᠦᠨ᠂ ᠣᠲᠣ᠌ ᠦᠶ᠎ᠡ᠎ᠶᠢᠨ ᠲᠣᠨᠣᠭᠯᠠᠯ ᠦᠢᠯᠡᠳᠬᠦ ᠵᠡᠷᠭᠡ ᠭᠣᠣᠯᠳᠠᠯᠭ᠎ᠠ᠎ᠲᠠᠢ ᠬᠦᠷᠢᠶ᠎ᠡ ᠵᠢ ᠬᠠᠮᠤᠷᠤᠬᠰᠠᠨ 780 ᠰᠢᠯᠢᠳᠡᠭ ᠠᠵᠢᠯ᠎ᠤᠨ ᠪᠠᠢᠷᠢ᠎ᠲᠤᠬᠢᠷᠠᠭᠤᠯᠵᠦ᠂ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠣᠨᠴᠠᠯᠢᠭ᠋ ᠪᠠ ᠲᠡᠭᠦᠰᠬᠦ ᠰᠣᠷᠣᠭ᠍ᠴᠢ᠎ᠶᠢᠨ ᠤᠷ᠎ᠠ ᠮᠡᠷᠭᠡᠵᠢᠯ᠎ᠤᠨ ᠲᠠᠪᠠᠭᠤᠯᠢᠬ᠎ᠲᠠᠢ ᠳᠡᠭᠡᠳᠦ ᠬᠡᠮᠵᠢᠶ᠎ᠡ᠎ᠪᠡᠷ ᠨᠡᠢᠴᠡᠵᠦ᠂ ᠠᠵᠢᠯ᠎ᠤᠨ ᠪᠠᠢᠷᠢ᠎ᠶᠢᠨ ᠲᠣᠬᠢᠷᠠᠭᠤᠯᠤᠯᠲᠠ᠎ᠶᠢᠨ ᠬᠡᠮᠵᠢᠶ᠎ᠡ ᠥᠨᠳᠥᠷ᠂ ᠬᠥᠭᠵᠢᠯᠲᠡ᠎ᠶᠢᠨ ᠢᠷᠡᠭᠡᠳᠦᠢ ᠥᠷᠭᠡᠨ ᠠᠭᠤᠳᠠᠮ᠂ ᠴᠠᠯᠢᠩ ᠬᠥᠯᠥᠰᠦ᠎ᠶᠢᠨ ᠪᠠᠲᠤᠯᠠᠭ᠎ᠠ ᠡᠯᠪᠡᠭ ᠳᠡᠯᠪᠡᠭ ᠪᠠᠢᠵᠤ᠂ ᠰᠤᠷᠭᠠᠭᠤᠯᠢ ᠠᠵᠤ ᠠᠬᠤᠢᠯᠠᠯ᠎ᠤᠨ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠲᠦᠷᠭᠡᠨ ᠵᠠᠮ᠎ᠢ ᠦᠨᠡᠨ ᠬᠦ᠌ ᠨᠡᠪᠲᠡᠷᠡᠭᠦᠯᠪᠡ᠃

ᠰᠢᠭᠤᠳ ᠨᠡᠪᠲᠡᠷᠡᠭᠦᠯᠭᠡ᠎ᠳᠦ ᠰᠤᠷᠤᠭ᠍ᠴᠢᠳ ᠠᠵᠢᠯ᠎ᠤᠨ ᠪᠠᠢᠷᠢ᠎ᠶᠢᠨ ᠨᠠᠷᠢᠨ ᠪᠠᠢᠳᠠᠯ᠂ ᠬᠥᠯᠥᠰᠦ  ᠤᠯᠭᠤᠮᠵᠢ᠂ ᠠᠵᠢᠯ᠎ᠳᠤ ᠣᠷᠣᠬᠤ ᠪᠠᠲᠤᠯᠠᠭ᠎ᠠ ᠵᠡᠷᠭᠡ ᠬᠣᠯᠪᠣᠭᠳᠠᠯ ᠪᠦᠬᠦᠢ ᠠᠰᠠᠭᠤᠳᠠᠯ᠎ᠢ ᠢᠳᠡᠪᠬᠢᠲᠡᠢ᠎ᠪᠡᠷ ᠠᠰᠠᠭᠤᠨ ᠯᠠᠪᠯᠠᠵᠤ᠂ ᠠᠵᠤ ᠠᠬᠤᠢᠯᠠᠯ᠎ᠤᠨ᠎ᠬᠢᠨ ᠰᠦᠯᠵᠢᠶᠡᠨ ᠳᠡᠭᠡᠷ᠎ᠡ ᠮᠠᠳᠠᠭ᠎ᠲᠠᠢ ᠠᠰᠠᠭᠤᠳᠠᠯ᠎ᠢ ᠬᠠᠷᠢᠭᠤᠯᠤᠨ᠂ ᠨᠠᠷᠢᠯᠢᠭ᠋ ᠣᠨᠣᠴᠠᠲᠠᠢ᠎ᠪᠠᠷ ᠲᠠᠨᠢᠯᠴᠠᠭᠤᠯᠵᠦ᠂ ᠬᠣᠶᠠᠷ ᠲᠠᠯ᠎ᠠ᠎ᠪᠠᠷ᠎ᠢᠶᠠᠨ ᠵᠥᠪᠳᠡᠯᠴᠡᠨ᠂ ᠠᠵᠢᠯ ᠡᠷᠢᠬᠦ ᠠᠭᠤᠷ ᠠᠮᠢᠰᠬᠤᠯ ᠭᠦᠨ ᠵᠤᠵᠠᠭᠠᠨ ᠪᠠᠢᠵᠤ᠂ ᠤᠷᠢᠨ ᠡᠯᠰᠡᠬᠦ ᠠᠵᠢᠯ᠎ᠤᠨ ᠦᠷ᠎ᠡ ᠪᠦᠲᠦᠮᠵᠢ ᠢᠯᠡᠳᠲᠡ ᠪᠣᠯᠪᠠ᠃

ᠲᠣᠰ ᠤᠳᠠᠭᠠᠨ᠎ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠠᠵᠢᠯᠴᠢᠨ᠎ᠤ ᠡᠪᠯᠡᠯ ᠬᠥᠲᠥᠯᠥᠨ ᠳᠠᠭᠠᠭᠤᠯᠬᠤ᠂ ᠰᠤᠷᠭᠠᠭᠤᠯᠢ ᠠᠵᠤ ᠠᠬᠤᠢᠯᠠᠯ ᠬᠠᠮᠵᠢᠯᠴᠠᠬᠤ᠂ ᠣᠯᠠᠨ ᠲᠠᠯ᠎ᠠ᠎ᠪᠠᠷ ᠬᠣᠯᠪᠤᠭᠠᠯᠠᠬᠤ ᠵᠢ ᠬᠦᠨᠵᠡᠭᠡᠢᠷᠡᠭᠦᠯᠦᠭᠰᠡᠨ ᠠᠵᠢᠯ ᠣᠯᠭᠣᠯᠲᠠ᠎ᠳᠤ ᠦᠢᠯᠡᠴᠢᠯᠡᠬᠦ ᠰᠢᠨ᠎ᠡ ᠵᠠᠬᠪᠤᠷ᠎ᠤᠨ ᠠᠮᠢᠳᠤᠯᠢᠭ᠋ ᠦᠢᠯᠡᠳᠦᠯᠭᠡ ᠪᠠᠢᠵᠦ᠂ 《ᠠᠵᠢᠯᠴᠢᠨ᠎ᠤ  ᠡᠪᠯᠡᠯ + ᠰᠤᠷᠭᠠᠭᠤᠯᠢ ᠠᠵᠤ ᠠᠬᠤᠢᠯᠠᠯ》 ᠤ᠋ᠨ ᠬᠠᠮᠵᠢᠯᠴᠠᠨ ᠠᠵᠢᠯ ᠣᠯᠭᠣᠬᠤ ᠦᠢᠯᠡᠴᠢᠯᠡᠭᠡ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠵᠢ ᠯᠠᠪᠲᠠᠭᠤᠨ ᠪᠤᠲᠠᠲᠠᠢ ᠠᠬᠢᠭᠤᠯᠵᠦ᠂ ᠤᠷ᠎ᠠ ᠮᠡᠷᠭᠡᠰᠢᠯᠳᠦ ᠴᠢᠳᠠᠪᠤᠷᠢᠲᠠᠨ᠎ᠢ ᠬᠥᠮᠥᠵᠢᠭᠦᠯᠬᠦ ᠪᠠ ᠠᠵᠢᠯ ᠣᠯᠭᠣᠯᠲᠠ᠎ᠶᠢ ᠬᠠᠪᠰᠤᠷᠤᠨ ᠲᠡᠳᠬᠦᠬᠦ ᠠᠵᠢᠯ᠎ᠢ ᠬᠦᠨᠵᠡᠭᠡᠢᠷᠡᠭᠦᠯᠵᠦ᠂ ᠲᠡᠭᠦᠰᠬᠦ ᠰᠤᠷᠤᠭ᠍ᠴᠢᠳ᠎ᠤᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠪᠦᠬᠦ ᠲᠠᠯ᠎ᠠ᠎ᠪᠠᠷ ᠬᠠᠮᠠᠭᠠᠯᠠᠵᠤ᠂ ᠪᠣᠳᠠᠲᠠᠢ ᠠᠵᠢᠯᠯᠠᠬᠤ᠎ᠪᠠᠷ ᠬᠠᠷᠢᠭᠤᠴᠠᠯᠭ᠎ᠠ᠎ᠪᠠᠨ ᠪᠣᠯᠭᠠᠵᠤ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠬᠥᠭᠵᠢᠯᠲᠡ ᠪᠣᠯᠣᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠪᠠᠢᠭᠤᠯᠤᠯᠲᠠ᠎ᠶᠢᠨ ᠶᠡᠬᠡ ᠲᠠᠯ᠎ᠠ᠎ᠳᠤ ᠦᠢᠯᠡᠴᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号