ᠪᠤᠶᠠᠨᠪᠠᠶᠠᠷ ᠬᠢᠭᠡᠳ ᠲᠠᠬᠦᠨ᠎ᠤ ᠲᠠᠢᠴᠢᠨ ᠬᠠᠨᠢ 《ᠰᠢᠶᠤᠤ ᠴᠢᠶᠠᠡᠭ》
2026-06-04 16:09:00
ᠵᠣᠬᠢᠶᠠᠭ᠍ᠴᠢ᠄
​ ᠼᠠᠢ ᠳ᠋ᠦᠩ ᠮᠧᠶ ᠰᠥᠩ ᠠ ᠨᠠᠨ
ᠣᠩᠱᠢᠭ᠍ᠰᠠᠨ ᠣᠳᠠᠭ᠎ᠠ᠄
★★★☆☆

ᠪᠤᠭᠤᠲᠤ ᠬᠣᠲᠠ ᠶ᠋ᠢᠨ ᠭᠦᠶᠡᠩ ᠱᠢᠶᠠᠨ ᠤ᠋ ᠬᠤᠸᠠᠢ ᠱᠦᠸᠸ ᠶᠡᠬᠡ ᠵᠡᠭᠡᠯᠢ ᠶ᠋ᠢᠨ ᠭᠠᠯ ᠰᠡᠷᠭᠡᠢᠯᠡᠬᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ᠎ᠳᠦ ᠨᠢᠭᠡ ᠵᠢᠭᠠᠬᠠᠨ ᠠᠯᠪᠠᠨ ᠬᠡᠷ ᠪᠠᠢᠳᠠᠭ᠃ ᠬᠡᠷᠡᠮ ᠤ᠋ᠨ ᠪᠤᠯᠤᠩ ᠳ᠋ᠤ ᠨᠣᠮ ᠤ᠋ᠨ ᠬᠣᠷᠭᠣ ᠪᠠᠢᠵᠤ᠂ ᠳᠣᠲᠣᠷ᠎ᠠ ᠨᠢ ᠠᠷᠪᠠᠨ ᠬᠡᠳᠦᠨ ᠳᠡᠪᠲᠡᠷ ᠵᠣᠪ ᠵᠤᠵᠠᠭᠠᠨ ᠭᠠᠷ ᠪᠢᠴᠢᠮᠡᠯ ᠤ᠋ᠨ ᠲᠡᠮᠳᠡᠭ᠌ᠯᠡᠯ ᠲᠠᠯᠪᠢᠵᠤ᠂ ᠲᠡᠭᠦᠨ ᠤ᠋ ᠳᠣᠲᠣᠷᠠᠬᠢ ᠨᠢᠭᠡ ᠳᠡᠪᠲᠡᠷ ᠢ᠋ ᠨᠢ ᠰᠡᠬᠦᠵᠦ᠍ ᠦᠵᠡᠪᠡᠯ᠂ ᠳᠡᠭᠡᠷ᠎ᠡ ᠨᠢ ᠠᠳᠠᠯᠢ ᠪᠤᠰᠤ ᠴᠠᠭ ᠠᠭᠤᠷ᠂ ᠠᠳᠠᠯᠢ ᠪᠤᠰᠤ ᠭᠠᠵᠠᠷ ᠤ᠋ᠨ ᠪᠠᠢᠴᠠ ᠶ᠋ᠢᠨ ᠨᠥᠬᠥᠴᠡᠯ ᠳᠤᠤᠷ᠎ᠠ ᠡᠷᠢᠵᠦ᠍ ᠠᠪᠤᠷᠬᠠᠸ᠋ ᠨᠣᠬᠠᠶ ᠶ᠋ᠢᠨ ᠲᠤᠰᠭᠠᠯ ᠤ᠋ᠨ ᠲᠣᠭ᠎ᠠ ᠪᠠᠷᠢᠮᠲᠠ᠂ ᠪᠣᠯᠪᠠᠰᠤᠷᠠᠯ ᠤ᠋ᠨ ᠣᠯᠤᠯᠲᠠ ᠪᠠ ᠵᠠᠰᠠᠵᠤ ᠰᠠᠢᠵᠢᠷᠠᠭᠤᠯᠬᠤ ᠲᠥᠰᠦᠯ ᠢ᠋ ᠨᠠᠷᠢᠨ ᠨᠢᠭ᠍ᠲᠠ ᠲᠡᠮᠳᠡᠭ᠌ᠯᠡᠵᠦ᠍ ᠪᠠᠢᠪᠠ᠃ ᠡᠳᠡᠭᠡᠷ ᠲᠡᠮᠳᠡᠭ᠌ᠯᠡᠯ ᠤ᠋ᠨ ᠡᠵᠡᠨ᠎ᠢ ᠪᠤᠶᠠᠨᠪᠠᠶᠠᠷ ᠭᠡᠳᠡᠭ᠃

ᠡᠨᠡ ᠵᠢᠯ ᠤ᠋ᠨ 《 ᠲᠠᠪᠤᠨ ᠰᠠᠷ᠎ᠠ ᠶ᠋ᠢᠨ ᠳᠦᠷᠪᠡᠨ》 ᠡᠴᠡ ᠡᠮᠦᠨᠡᠬᠡᠨ᠂ ᠪᠤᠶᠠᠨᠪᠠᠶᠠᠷ ᠲᠦ᠍ 《ᠱᠢᠨ᠎ᠡ ᠴᠠᠭ ᠦᠶ᠎ᠡ ᠶ᠋ᠢᠨ ᠵᠠᠯᠠᠭᠤᠴᠤᠳ ᠤ᠋ᠨ ᠬᠣᠱᠢᠭᠤᠴᠢ》 ᠭᠡᠬᠦ ᠪᠠᠰᠠ ᠨᠢᠭᠡᠨ ᠢᠷᠠᠭᠤ ᠠᠯᠳᠠᠷ ᠨᠡᠮᠡᠭ᠌ᠳᠡᠪᠡ᠃

ᠪᠤᠶᠠᠨᠪᠠᠶᠠᠷ᠂ 1986 ᠣᠨ ᠤ᠋ 8 ᠰᠠᠷ᠎ᠠ ᠳ᠋ᠤ ᠬᠥᠯᠥᠨ ᠪᠤᠢ᠌ᠷ ᠤ᠋ᠨ ᠲᠠᠯ᠎ᠠ ᠨᠤᠲᠤᠭ ᠲᠦ᠍ ᠲᠦᠷᠦᠵᠦ᠍᠂ 2002 ᠣᠨ ᠤ᠋ 12 ᠰᠠᠷ᠎ᠠ ᠳ᠋ᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠨᠢᠭᠡᠳᠦᠭᠡᠷ ᠹᠷᠤᠨᠲ ᠤ᠋ᠨ ᠠᠵᠢᠯ ᠳ᠋ᠤ ᠣᠷᠣᠯᠴᠠᠪᠠ᠃ 20 ᠭᠠᠷᠤᠶ ᠵᠢᠯ ᠤ᠋ᠨ ᠲᠤᠷᠰᠢ᠂ ᠲᠡᠷᠡ ᠤᠷᠢᠳ ᠬᠣᠵᠢᠳ 2000 ᠭᠠᠷᠤᠶ ᠤᠳᠠᠭ᠎ᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳ᠋ᠤ ᠣᠷᠣᠯᠴᠠᠵᠤ᠂ ᠬᠣᠶᠠᠳᠤᠭᠠᠷ ᠳᠡᠰ ᠤ᠋ᠨ ᠭᠠᠪᠢᠶ᠎ᠠ 2 ᠤᠳᠠᠭ᠎ᠠ᠂ ᠭᠤᠷᠪᠠᠳᠤᠭᠠᠷ ᠳᠡᠰ ᠤ᠋ᠨ ᠭᠠᠪᠢᠶ᠎ᠠ 3 ᠤᠳᠠᠭ᠎ᠠ ᠪᠠᠢᠭᠤᠯᠵᠤ᠂ ᠪᠥᠬᠥ᠌ ᠤᠯᠤᠰ ᠤ᠋ᠨ ᠮᠡᠷᠭᠡᠵᠢᠯ ᠤ᠋ᠨ ᠭᠠᠷᠮᠠᠭᠠᠢᠴᠢᠨ᠂ ᠪᠥᠬᠥ᠌ ᠤᠯᠤᠰ ᠤ᠋ᠨ ᠵᠠᠯᠠᠭᠤᠴᠤᠳ ᠤ᠋ᠨ ᠠᠵᠢᠯ ᠤ᠋ᠨ ᠪᠠᠢᠷᠢ ᠶ᠋ᠢᠨ ᠭᠠᠷᠮᠠᠭᠠᠢᠴᠢᠨ᠂ ᠪᠥᠬᠥ᠌ ᠤᠯᠤᠰ ᠤ᠋ᠨ 119 ᠭᠠᠯ ᠤᠨᠲᠠᠷᠠᠭᠠᠬᠤ ᠲᠡᠷᠢᠭᠦᠨ ᠤ᠋ ᠬᠤᠪᠢ ᠬᠥᠮᠦᠨ᠂ ᠥᠪᠡᠷᠲᠡᠭᠡᠨ ᠵᠠᠰᠠᠬᠤ ᠣᠷᠣᠨ ᠤ᠋ ᠶᠣᠰᠣ ᠰᠤᠷᠲᠠᠬᠤᠨ ᠤ᠋ ᠵᠢᠱ᠌ᠢᠶᠡᠴᠢ᠂  ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠪᠠᠢᠭᠤᠯᠭ᠎ᠠ ᠶ᠋ᠢᠨ ᠱᠢᠯᠢᠳᠡᠭ ᠡᠪ ᠬᠠᠮᠲᠤ ᠨᠠᠮ ᠤ᠋ᠨ ᠭᠡᠱᠢᠭᠦᠨ ᠭᠡᠬᠦ ᠮᠠᠳᠤ᠎ᠵᠢᠨ ᠢᠷᠠᠭᠤ ᠠᠯᠳᠠᠷ ᠢ᠋ ᠬᠦᠷᠲᠡᠵᠦ᠂ 2023 ᠣᠨ ᠳ᠋ᠤ ᠬᠣᠶᠠᠳᠤᠭᠠᠷ ᠬᠤᠭᠤᠴᠠᠭᠠᠨ ᠤ᠋ 《ᠳᠤᠮᠳᠠᠳᠤ ᠤᠯᠤᠰ ᠤ᠋ᠨ ᠭᠠᠯ ᠰᠡᠷᠭᠡᠢᠯᠡᠬᠦ ᠭᠠᠯ ᠤᠨᠲᠠᠷᠠᠭᠠᠬᠤ ᠦᠨᠡᠨᠴᠢ ᠬᠠᠮᠠᠭᠠᠯᠠᠭ᠍ᠴᠢ》 ᠪᠡᠷ ᠦᠨᠡᠯᠡᠭ᠌ᠳᠡᠪᠡ ᠁ ᠢᠷᠠᠭᠤ ᠠᠯᠳᠠᠷ ᠤ᠋ᠨ ᠦᠨᠡᠮᠯᠠᠯ ᠨᠢ ᠶᠠᠪᠤᠬᠤ ᠲᠤᠲᠤᠮ ᠠᠷᠪᠢᠳᠤᠭᠰᠠᠨ ᠪᠤᠯᠪᠠᠴᠤ ᠪᠤᠶᠠᠨᠪᠠᠶᠠᠷ ᠤ᠋ᠨ ᠬᠠᠮᠤᠭ ᠡᠴᠡ ᠰᠠᠨᠠᠭᠠᠰᠢᠷᠠᠳᠠᠭ ᠨᠢ ᠬᠠᠷᠢᠨ ᠲᠠᠬᠦᠨ᠎ᠤ ᠨᠤᠬᠠᠢ 《ᠱᠢᠶᠤᠤ ᠴᠢᠶᠠᠩ》 ᠪᠤᠯᠬᠤ ᠶᠤᠮ᠃

2014 ᠣᠨ ᠤ᠋ 11 ᠰᠠᠷ᠎ᠠ ᠳ᠋ᠤ ᠪᠤᠶᠠᠨᠪᠠᠶᠠᠷ ᠡᠷᠢᠵᠦ᠍ ᠠᠪᠤᠷᠠᠬᠤ ᠨᠣᠬᠠᠶ ᠶ᠋ᠢᠨ ᠳᠤᠮᠳᠠ ᠠᠩᠭᠢ ᠳ᠋ᠤ ᠱᠢᠯᠵᠢᠪᠡ᠃ ᠲᠡᠷᠡ ᠡᠳᠦᠷ ᠡᠴᠡ ᠡᠬᠢᠯᠡᠨ᠂ ᠲᠡᠷᠡ 《ᠡᠩ ᠤ᠋ᠨ ᠦᠶ᠎ᠡ᠎ᠳᠦ ᠢᠯᠡᠭᠦᠬᠡᠨ ᠬᠥᠯᠥᠰᠥ᠍ ᠤᠷᠤᠰᠭᠠᠪᠠᠯ᠂ ᠲᠠᠢ᠌ᠨ ᠤ᠋ ᠦᠶ᠎ᠡ᠎ᠳᠦ ᠰᠠᠶ᠍ᠢ ᠢᠯᠠᠯᠲᠠ ᠣᠯᠤᠨ᠎ᠠ》 ᠭᠡᠳᠡᠭ ᠢ᠋ ᠪᠠᠲᠤ ᠢᠲᠡᠭᠡᠪᠡ᠃ ᠠᠭᠠᠭᠢᠮ᠎ᠠ ᠬᠠᠯᠠᠭᠤᠨ ᠡᠳᠦᠷ ᠡᠰᠡᠭᠦᠯ᠎ᠡ ᠭᠤᠷᠪᠠ ᠶᠢᠰᠦᠨ ᠤ᠋ ᠬᠦᠢᠲᠡᠨ ᠡᠳᠦᠷ ᠴᠦ᠍ ᠲᠡᠷᠡ᠂ ᠪᠣᠯᠪᠠᠰᠤᠷᠠᠯ ᠤ᠋ᠨ ᠲᠠᠯᠠᠪᠠᠢ ᠳ᠋ᠤ ᠳᠠᠨᠭᠳᠠ ᠲᠡᠭᠦᠨ ᠤ᠋ ᠪᠠᠷ᠎ᠠ ᠵᠢ ᠣᠯᠵᠤ ᠬᠠᠷᠠᠨ᠎ᠠ᠃ ᠨᠣᠬᠠᠶ ᠰᠤᠷᠭᠠᠬᠤ ᠤᠷ᠎ᠠ ᠴᠢᠳᠠᠪᠤᠷᠢ ᠪᠠᠨ ᠳᠡᠭᠡᠭ᠌ᠰᠢᠯᠡᠭᠦᠯᠬᠦ᠌ ᠶ᠋ᠢᠨ ᠲᠥᠯᠥᠭᠡ᠂ ᠲᠡᠷᠡ ᠠᠵᠢᠯ ᠤ᠋ᠨ ᠴᠢᠯᠥᠭᠡ ᠪᠡᠷ ᠢ᠋ᠶ᠋ᠡᠨ ᠲᠤᠰᠭᠠᠶ ᠮᠡᠷᠭᠡᠵᠢᠯ ᠤ᠋ᠨ ᠨᠣᠮ ᠪᠢᠴᠢᠭ ᠤᠩᠱᠢᠵᠤ᠂ ᠰᠦᠯᠵᠢᠶᠡᠨ ᠤ᠋ ᠪᠣᠯᠪᠠᠰᠤᠷᠠᠯ ᠳ᠋ᠤ ᠣᠷᠣᠯᠴᠠᠵᠤ᠂ ᠬᠡᠳᠦᠨ ᠵᠢᠯ ᠤ᠋ᠨ ᠲᠤᠷᠰᠢ ᠵᠥᠪᠬᠡᠨ ᠣᠯᠤᠯᠲᠠ ᠲᠥᠷᠥᠭ᠌ᠳᠡᠯ ᠢ᠋ᠶ᠋ᠡᠨ ᠳᠠᠷᠤᠢ ᠠᠷᠪᠠᠨ ᠬᠡᠳᠦᠨ ᠳᠡᠪᠲᠡᠷ ᠲᠡᠮᠲᠡᠭᠯᠡᠵᠡᠢ᠃

《 ᠪᠦᠦ ᠴᠢᠶᠠᠩ ᠤ᠋ᠨ ᠬᠠᠮᠲᠤᠷᠠᠯ 》 ᠨᠢ 2017 ᠣᠨ ᠳ᠋ᠤ ᠠᠩᠬ᠎ᠠ ᠤᠳᠠᠭ᠎ᠠ ᠪᠦᠬᠦ᠌ ᠤᠯᠤᠰ ᠤ᠋ᠨ ᠳᠡᠰ ᠤ᠋ᠨ ᠤᠷᠤᠯᠳᠤᠭᠠᠨ ᠳ᠋ᠤ ᠤᠷᠤᠯᠴᠠᠪᠠ᠃ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠡᠷᠢᠵᠦ᠍ ᠠᠪᠤᠷᠠᠬᠤ ᠨᠣᠬᠠᠢ ᠶ᠋ᠢᠨ ᠮᠡᠷᠭᠡᠵᠢᠯ ᠤ᠋ᠨ ᠮᠥᠷᠥᠢᠴᠡᠭᠡᠨ ᠳᠡᠭᠡᠷ᠎ᠡ᠂ ᠪᠤᠶᠠᠨᠪᠠᠶᠠᠷ ᠪᠣᠯᠤᠨ 《ᠱᠢᠶᠣᠤ ᠴᠢᠶᠠᠩ》 ᠱᠢᠷᠭᠠᠭᠤ ᠬᠠᠲᠠᠭᠤᠵᠢᠯᠲᠠᠢ ᠪᠣᠯᠪᠠᠰᠤᠷᠠᠯ ᠪᠠ ᠵᠣᠷᠢᠭ᠍ᠲᠠᠢ ᠲᠡᠮᠡᠴᠡᠬᠦ ᠤᠮᠤᠭ ᠵᠤᠷᠢᠭ ᠢ᠋ᠶ᠋ᠡᠷ ᠬᠠᠢᠷᠴᠠᠭ ᠡᠴᠡ ᠡᠷᠢᠵᠦ ᠠᠪᠤᠷᠠᠬᠤ ᠮᠦᠷᠦᠢᠴᠡᠭᠡᠨ ᠤ᠋ ᠲᠡᠷᠢᠭᠦᠨ ᠳ᠋ᠤ ᠵᠢᠭᠰᠠᠵᠤ᠂ ᠪᠦᠯᠬᠦᠮ ᠤ᠋ᠨ ᠢ᠋ᠶ᠋ᠡᠨ ᠳᠥᠷᠪᠡᠳᠦᠭᠡᠷ ᠲᠦ᠍ ᠣᠷᠣᠬᠤ ᠳ᠋ᠤ ᠬᠦᠴᠦᠨ ᠨᠡᠮᠡᠷᠢᠯᠡᠪᠡ᠃ 2019 ᠣᠨ ᠳ᠋ᠤ᠂ ᠲᠡᠷᠡ ᠳᠠᠰᠭᠠᠯᠵᠢᠭᠤᠯᠤᠭ᠍ᠴᠢ ᠪᠥᠭᠡᠳ ᠲᠠᠮᠢᠷᠴᠢᠨ ᠤ᠋ ᠬᠤᠪᠢ ᠪᠡᠷ ᠲᠠᠪᠤᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠡᠷᠢᠵᠦ᠍ ᠠᠪᠤᠷᠠᠬᠤ ᠨᠣᠬᠠᠢ ᠶ᠋ᠢᠨ ᠮᠡᠷᠭᠡᠵᠢᠯ ᠤ᠋ᠨ ᠮᠥᠷᠥᠢᠴᠡᠭᠡᠨ᠎ᠳᠦ ᠣᠷᠣᠯᠴᠠᠵᠤ᠂ ᠳᠠᠩ ᠲᠦᠷᠦᠯ ᠤ᠋ᠨ ᠬᠣᠶᠠᠳᠤᠭᠠᠷ ᠨᠡᠷᠡᠰ ᠪᠠ ᠪᠦᠯᠬᠦᠮ ᠤ᠋ᠨ ᠭᠤᠷᠪᠠᠳᠤᠭᠠᠷ ᠨᠡᠷᠡᠰ ᠤ᠋ᠨ ᠱᠠᠨᠭᠨᠠᠯ ᠬᠦᠷᠲᠡᠪᠡ᠃

ᠤᠷᠤᠯᠳᠤᠭᠠᠨ ᠤ᠋ ᠲᠠᠯᠠᠪᠤᠷ ᠲᠦ᠍ ᠰᠠᠢᠨ ᠬᠢᠷᠢ ᠪᠦᠲᠦᠮᠵᠢ ᠤᠯᠬᠤ ᠨᠢ ᠡᠴᠦᠰ ᠲᠡᠬᠡᠨ ᠳᠠᠢᠨ ᠤ᠋ ᠲᠠᠯᠠᠪᠤᠷ ᠲᠸ᠋ ᠢᠯᠠᠯᠲᠠ ᠣᠯᠬᠤ ᠶ᠋ᠢᠨ ᠲᠥᠯᠥᠭᠡ ᠶᠤᠮ᠃ 2017 ᠣᠨ ᠤ᠋ 3 ᠰᠠᠷ᠎ᠠ ᠶ᠋ᠢᠨ ᠨᠢᠭᠡᠨ ᠰᠥᠨᠢ᠂ ᠪᠤᠭᠤᠲᠤ ᠬᠣᠲᠠ ᠶ᠋ᠢᠨ ᠲᠦᠮᠡᠳ ᠪᠠᠷᠠᠭᠤᠨ ᠬᠣᠱᠢᠭᠤᠨ ᠤ᠋ ᠨᠢᠭᠡᠨ ᠰᠠᠭᠤᠭᠠᠯᠢ ᠠᠷᠠᠳ ᠤ᠋ᠨ ᠲᠣᠭᠣᠷᠢᠭ ᠲᠦ᠍ ᠳᠡᠯᠪᠡᠷᠡᠯᠲᠡ ᠡᠭᠦᠰᠴᠡᠶ᠃ ᠪᠤᠶᠠᠨᠪᠠᠶᠠᠷ ᠨᠣᠬᠠᠶ ᠪᠠᠨ ᠳᠠᠭᠠᠭᠤᠯᠤᠨ ᠲᠤᠬᠠᠶ ᠶ᠋ᠢᠨ ᠲᠠᠯᠠᠪᠠᠶ ᠳ᠋ᠤ ᠬᠦᠷᠴᠦ᠍᠂ ᠨᠢᠭᠡᠳᠦᠭᠡᠷ ᠳᠠᠪᠬᠤᠷᠯᠢᠭ ᠤ᠋ᠨ ᠲᠡᠷᠭᠡᠨ ᠬᠥᠮᠥᠷᠭᠡ ᠡᠴᠡ ᠲᠠᠪᠤᠳᠤᠭᠠᠷ ᠳᠠᠪᠬᠤᠷᠯᠢᠭ ᠤ᠋ᠨ ᠠᠰᠠᠷ ᠬᠦᠷᠲᠡᠯ᠎ᠡ ᠬᠣᠶᠠᠷ ᠴᠠᠭ ᠱᠢᠬᠠᠮ ᠱᠦᠭᠦᠷᠳᠡᠨ ᠬᠠᠢᠪᠠ᠃ ᠨᠤᠷᠠᠵᠤ ᠤᠨᠠᠭ᠍ᠰᠠᠨ ᠠᠰᠠᠷ ᠤ᠋ᠨ ᠳᠣᠣᠷ᠎ᠠ ᠳᠠᠷᠤᠬᠳᠠᠬᠰᠠᠨ ᠬᠥᠮᠦᠨ ᠪᠠᠢᠵᠤ ᠮᠡᠳᠡᠬᠦ᠌ ᠵᠢ ᠮᠡᠳᠡᠭ᠌ᠰᠡᠨ ᠤ᠋ ᠳᠠᠷᠠᠭ᠎ᠠ᠂ ᠲᠡᠷᠡ 《ᠱᠢᠶᠤᠤ ᠴᠢᠶᠠᠩ》 ᠢ᠋ ᠳᠠᠭᠠᠭᠤᠯᠤᠨ ᠲᠣᠪᠷᠠᠭ ᠳᠣᠲᠣᠷ᠎ᠠ ᠨᠠᠢ᠍ᠮᠠᠨ ᠴᠠᠭ ᠦᠷᠭᠦᠯᠵᠢᠯᠡᠨ ᠬᠠᠢᠵᠤ᠂ ᠳᠠᠷᠤᠬᠳᠠᠬᠰᠠᠨ ᠬᠦᠮᠦᠨ ᠢ᠋ ᠡᠷᠢᠵᠦ᠍ ᠣᠯᠪᠠ᠃

2020 ᠣᠨ ᠤ᠋ 8 ᠰᠠᠷ᠎ᠠ ᠳ᠋ᠤ᠂ ᠪᠤᠭᠤᠲᠤ ᠬᠣᠲᠠ ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ ᠤ᠋ ᠲᠠᠯ᠎ᠠ ᠨᠤᠲᠤᠭ ᠤ᠋ᠨ ᠦᠵᠡᠮᠵᠢ ᠶ᠋ᠢᠨ ᠣᠷᠣᠨ ᠳ᠋ᠤ ᠭᠡᠨᠡᠳᠲᠡ ᠬᠣᠶ ᠰᠠᠯᠬᠢ ᠳᠡᠭ᠌ᠳᠡᠵᠦ᠍᠂ 100 ᠭᠠᠷᠤᠶ ᠮᠣᠩᠭᠣᠯ ᠬᠡᠷ ᠬᠡᠢᠰᠭᠡᠭᠳᠡᠵᠦ᠂ ᠬᠣᠶᠠᠷ ᠠᠵᠢᠯᠲᠠᠨ ᠪᠠᠷ᠎ᠠ ᠰᠤᠷᠠᠭ ᠥᠬᠡᠶ ᠪᠣᠯᠪᠠ᠃ ᠪᠤᠶᠠᠨᠪᠠᠶᠠᠷ 《 ᠱᠢᠶᠤᠤ ᠴᠢᠶᠠᠩ 》 ᠎ᠵᠢᠡᠨ ᠳᠠᠭᠠᠭᠤᠯᠤᠨ ᠡᠷᠭᠢᠨ ᠲᠣᠭᠣᠷᠢᠨ ᠤ᠋ ᠠᠷᠪᠠᠨ ᠬᠡᠳᠦᠨ ᠺᠢᠯᠣᠮᠧᠲ᠋ᠷ ᠤ᠋ᠨ ᠭᠠᠵᠠᠷ ᠲᠦ᠍ ᠡᠷᠢᠯᠲᠡ ᠬᠢᠪᠡ᠃ ᠲᠠᠯ᠎ᠠ ᠨᠤᠲᠤᠭ ᠤ᠋ᠨ ᠰᠥᠨᠢ ᠶ᠋ᠢᠨ ᠠᠭᠠᠷ ᠤ᠋ᠨ ᠳᠤᠯᠠᠭᠠᠨ ᠭᠡᠨᠡᠳᠲᠡ ᠪᠠᠭᠤᠷᠠᠵᠤ᠂ ᠬᠦᠢᠲᠡᠨ ᠰᠠᠯᠬᠢ ᠶᠠᠰᠤ ᠶᠠᠩᠭᠢᠨᠠᠮ᠎ᠠ ᠦᠯᠢᠶᠡᠵᠦ᠂ ᠨᠢᠭᠡ ᠰᠥᠨᠢ ᠨᠢᠭᠡ ᠡᠳᠦᠷ ᠬᠠᠢᠭᠠᠳ ᠡᠴᠦᠰ ᠲᠡᠭᠡᠨ ᠠᠯᠠᠭ᠎ᠠ ᠪᠣᠯᠤᠭ᠍ᠰᠠᠨ ᠬᠥᠮᠦᠰ ᠢ᠋ ᠬᠣᠲᠣᠭᠣᠷ ᠭᠠᠵᠠᠷ ᠡᠴᠡ ᠡᠷᠢᠵᠦ᠍ ᠣᠯᠪᠠ᠃ ᠲᠡᠳᠡ ᠪᠠᠰᠠ ᠮᠠᠯᠴᠢᠳ ᠢ᠋ ᠬᠠᠪᠰᠤᠷᠤᠨ 60 ᠭᠠᠷᠤᠶ ᠦᠬᠡᠷ ᠬᠣᠨᠢ ᠵᠢ ᠡᠷᠢᠵᠦ᠍ ᠠᠪᠴᠢᠷᠠᠪᠠ᠃

24 ᠵᠢᠯ᠂ 2000 ᠭᠠᠷᠤᠢ ᠤᠳᠠᠭ᠎ᠠ ᠶ᠋ᠢᠨ ᠡᠷᠢᠵᠦ ᠠᠪᠤᠷᠠᠬᠤ ᠪᠠᠢᠯᠳᠤᠭᠠᠨ᠂ ᠬᠡᠳᠦᠨ ᠲᠦᠮᠡᠨ ᠦᠰᠦᠭ ᠤ᠋ᠨ ᠪᠣᠯᠪᠠᠰᠤᠷᠠᠯ ᠤ᠋ᠨ ᠲᠡᠮᠳᠡᠭ᠌ᠯᠡᠯ᠂ ᠠᠷᠪᠠᠨ ᠬᠡᠳᠦᠨ ᠳᠡᠪᠲᠡᠷ ᠣᠯᠤᠯᠲᠠ ᠲᠡᠮᠳᠡᠭ᠌ᠯᠡᠯ᠂ ᠭᠤᠷᠪᠠᠨ ᠵᠦᠢᠯ ᠤ᠋ᠨ ᠮᠡᠷᠭᠡᠵᠢᠯ ᠤ᠋ᠨ ᠱᠢᠨᠡᠴᠢᠯᠡᠯᠲᠡ᠂ ᠨᠢᠭᠡ ᠵᠦᠢᠯ ᠤ᠋ᠨ ᠪᠦᠬᠦ᠌ ᠤᠯᠤᠰ ᠲᠦ᠍ ᠳᠡᠯᠭᠡᠷᠡᠭᠦᠯᠦᠭ᠌ᠰᠡᠨ ᠡᠷᠢᠵᠦ᠍ ᠠᠪᠤᠷᠠᠬᠤ ᠱᠢᠨ᠎ᠡ ᠠᠷᠭ᠎ᠠ ᠵᠡᠷᠭᠡ ᠲᠣᠭ᠎ᠠ ᠪᠠᠷᠢᠮᠲᠠ ᠨᠢ ᠨᠢᠭᠡᠨ ᠭᠠᠯ ᠰᠡᠷᠭᠡᠢᠯᠡᠬᠦ ᠭᠠᠯ ᠤᠨᠲᠠᠷᠠᠭᠠᠬᠤ ᠠᠵᠢᠯᠲᠠᠨ ᠤ᠋ ᠡᠭᠦᠷᠭᠡ ᠬᠠᠷᠢᠭᠤᠴᠠᠯᠭ᠎ᠠ ᠶ᠋ᠢᠨ ᠪᠠᠲᠤ ᠰᠠᠬᠢᠯᠲᠠ ᠵᠢ ᠢᠯᠡᠷᠡᠭᠦᠯᠪᠡ᠃ ᠲᠡᠷᠡ ᠵᠠᠯᠠᠭᠤ ᠨᠠᠰᠤ ᠪᠠ ᠬᠦᠴᠦ᠍ ᠬᠥᠯᠥᠰᠥ ᠪᠡᠷ ᠢ᠋ᠶ᠋ᠡᠨ ᠨᠠᠮ ᠳ᠋ᠤ ᠦᠨᠡᠨᠴᠢ ᠱᠢᠳᠤᠷᠭᠤ ᠪᠠᠢᠬᠤ ᠢᠷᠠᠭᠤ ᠬᠠᠭᠤᠳᠠᠰᠤ ᠵᠢ ᠪᠢᠴᠢᠭ᠌ᠯᠡᠵᠦ᠍᠂ ᠬᠠᠷᠢᠭᠤᠴᠠᠯᠭ᠎ᠠ ᠪᠠ ᠡᠭᠦᠷᠭᠡᠯᠡᠯ ᠢ᠋ᠶ᠋ᠡᠷ ᠢ᠋ᠶ᠋ᠡᠨ 《ᠨᠠᠮ ᠳ᠋ᠠᠭᠠᠨ ᠦᠨᠡᠨᠴᠢ ᠱᠢᠳᠤᠷᠭᠤ᠂ ᠰᠠᠬᠢᠯᠭ᠎ᠠ ᠪᠠᠲᠤ ᠴᠢᠩᠭ᠎ᠠ᠂ ᠠᠶᠤᠯ ᠭᠠᠮᠰᠢᠭ ᠡᠴᠡ ᠠᠶᠤᠬᠤ ᠦᠭᠡᠢ᠂ ᠠᠷᠠᠳ ᠲᠦᠮᠡᠨ ᠤ᠋ ᠲᠥᠯᠥᠭᠡ ᠴᠢᠩ ᠦᠨᠡᠨᠴᠢ ᠪᠡᠷ ᠵᠢᠳᠬᠦᠬᠦ᠌》 ᠪᠠᠲᠤ ᠴᠢᠩᠭ᠎ᠠ ᠲᠠᠩᠭᠠᠷᠢᠭ ᠢ᠋ ᠦᠢᠯᠡᠳᠦᠯᠭᠡᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号